ᠵᠢᠨᠢᠩ ᠲᠣᠭᠤᠷᠢᠭ ᠤᠨ ᠨᠠᠮ ᠤᠨ ᠬᠤᠷᠢᠶᠠᠨ ᠤ ᠰᠤᠷᠭᠠᠨ ᠬᠥᠮᠦᠵᠢᠯ ᠤᠨ ᠠᠵᠢᠯ ᠤᠨ ᠤᠳᠤᠷᠢᠳᠬᠤ ᠳᠤᠭᠤᠶᠢᠯᠠᠩ  2024 ᠣᠨ ᠤ 2 ᠳ᠋ᠤᠭᠠᠷ ᠤᠳᠠᠭ᠎ᠠ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/9/23
    9 ᠰᠠᠷ᠎ᠠ ᠶᠢᠨ 21 ᠤ ᠡᠳᠦᠷ᠂ ᠵᠢᠨᠢᠩ ᠲᠣᠭᠤᠷᠢᠭ ᠤᠨ ᠨᠠᠮ ᠤᠨ ᠬᠤᠷᠢᠶᠠᠨ ᠤ ᠰᠤᠷᠭᠠᠨ ᠬᠥᠮᠦᠵᠢᠯ ᠤᠨ ᠠᠵᠢᠯ ᠤᠨ ᠤᠳᠤᠷᠢᠳᠬᠤ ᠳᠤᠭᠤᠶᠢᠯᠠᠩ  2024 ᠣᠨ ᠤ ᠬᠤᠶᠠᠳᠤᠭᠠᠷ ᠤᠳᠠᠭ᠎ᠠ ᠶᠢᠨ ᠬᠤᠷᠠᠯ ᠬᠤᠷᠠᠯᠳᠤᠪᠠ᠃ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ ᠳ᠋ᠧᠦ ᠲᠤᠤ ᠷᠠᠨ ᠬᠤᠷᠠᠯ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠢ᠃ ᠲᠣᠭᠤᠷᠢᠭ ᠤᠨ ᠤᠳᠤᠷᠢᠳᠤᠯᠭ᠎ᠠ ᠯᠢ ᠵᠢᠩ᠂ ᠰᠢᠤᠢ ᠹᠧᠩ ᠬᠤᠷᠠᠯ ᠳᠤ ᠣᠷᠣᠯᠴᠠᠪᠠ᠃     ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠪᠦᠬᠦ ᠤᠯᠤᠰ ᠤᠨ ᠰᠤᠷᠭᠠᠨ ᠬᠥᠮᠦᠵᠢᠯ ᠤᠨ ᠶᠡᠭᠡ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ︽2024 ᠣᠨ ᠤ ᠵᠢᠨᠢᠩ ᠲᠣᠭᠤᠷᠢᠭ ᠤᠨ ᠰᠢᠯᠢᠳᠡᠭ ᠪᠠᠭᠰᠢ ᠶᠢ ᠠᠪᠴᠢᠷᠠᠬᠤ ᠲᠥᠰᠦᠯ ︵ᠶᠠᠷᠢᠯᠴᠠᠬᠤ ᠨᠤᠤᠷᠠᠭ︶︾᠂ ︽ᠵᠢᠨᠢᠩ ᠲᠣᠭᠤᠷᠢᠭ ᠤᠨ ᠰᠤᠷᠭᠠᠨ ᠬᠥᠮᠦᠵᠢᠯ ᠤᠨ ᠰᠢᠰᠲ᠋ᠧᠮ ᠤᠨ ᠱᠠᠯᠠᠪᠳᠠᠭᠤᠯᠤᠨ ᠪᠠᠶᠢᠴᠠᠭᠠᠬᠤ ᠬᠢᠨᠠᠨ ᠰᠢᠯᠭᠠᠬᠤ ᠵᠦᠢᠯᠡᠰ ᠪᠣᠯᠤᠨ ᠨᠡᠶᠢᠭᠡᠮ ᠤᠨ ᠬᠡᠷᠡᠭ ᠶᠠᠪᠤᠳᠠᠯ ᠢ ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ ᠵᠦᠢᠯᠡᠰ ᠤᠨ  ᠨᠡᠷᠡᠰ ︵ᠶᠠᠷᠢᠯᠴᠠᠬᠤ ᠨᠤᠤᠷᠠᠭ︶︾᠂ ︽ᠵᠢᠨᠢᠩ ᠲᠣᠭᠤᠷᠢᠭ ᠤᠨ ᠳᠤᠮᠳᠠᠳᠤ ᠪᠠᠭ᠎ᠠ ᠰᠤᠷᠭᠠᠭᠤᠯᠢ᠂ ᠬᠡᠦᠬᠡᠳ ᠤᠨ ᠴᠡᠴᠡᠷᠯᠢᠭ ᠤᠨ 2025 ᠣᠨ ᠤ ᠪᠠᠶᠢᠷᠢᠰᠢᠭᠤᠯᠤᠯᠲᠠ ᠶᠢᠨ ᠲᠥᠯᠥᠪᠵᠢᠭᠦᠯᠭᠡ ᠶᠢᠨ ᠲᠥᠰᠦᠯ ︵ᠶᠠᠷᠢᠯᠴᠠᠬᠤ ᠨᠤᠤᠷᠠᠭ︶︾ ᠢ ᠰᠤᠳᠤᠯᠤᠨ ᠬᠢᠨᠠᠨ ᠵᠥᠪᠯᠡᠵᠦ᠂ ᠬᠠᠮᠢᠶ᠎ᠠ ᠪᠦᠬᠦᠢ ᠠᠵᠢᠯ ᠢ ᠲᠤᠬᠢᠷᠠᠭᠤᠯᠤᠨ ᠪᠠᠶᠢᠷᠢᠯᠠᠭᠤᠯᠵᠠᠢ᠃    ᠬᠤᠷᠠᠯ ᠠᠴᠠ᠂ ᠡᠯ᠎ᠡ ᠪᠦᠷᠢᠯᠳᠦᠬᠦᠨ ᠨᠢᠭᠡᠴᠢ ᠶᠢᠨ ᠬᠢᠨ ᠰᠢᠯᠢᠳᠡᠭ ᠪᠠᠭᠰᠢ ᠶᠢ ᠠᠪᠴᠢᠷᠠᠬᠤ ᠠᠵᠢᠯ ᠢ ᠰᠠᠶᠢᠲᠤᠷ ᠬᠢᠬᠦ ᠬᠠᠷᠢᠭᠤᠴᠠᠯᠭᠠᠲᠤ ᠰᠡᠳᠬᠢᠯᠭᠡ ᠪᠣᠯᠤᠨ ᠲᠤᠯᠭᠠᠮ᠎ᠠ ᠰᠡᠳᠬᠢᠯᠭᠡ ᠪᠠᠨ ᠴᠢᠨᠠᠭᠰᠢᠳᠠ ᠴᠢᠩᠭᠠᠳᠬᠠᠵᠤ᠂ ᠰᠤᠷᠭᠠᠨ ᠬᠥᠮᠦᠵᠢᠯ ᠤᠨ ᠴᠢᠨᠠᠷ ᠰᠠᠶᠢᠲᠠᠢ ᠬᠥᠭᠵᠢᠯᠲᠡ ᠶᠢᠨ ᠶᠡᠭᠡ ᠲᠠᠯ᠎ᠠ ᠠᠴᠠ ᠡᠭᠦᠰᠴᠦ᠂  ᠤᠷᠢᠨ ᠠᠪᠴᠢᠷᠠᠬᠤ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠨᠢᠭᠡ ᠪᠦᠯᠦᠭ ᠮᠣᠷᠠᠯ ᠴᠢᠳᠠᠪᠤᠷᠢ ᠬᠤᠣᠰᠯᠠᠭᠰᠠᠨ ᠨᠡᠷᠡᠳᠦ ᠪᠠᠭᠰᠢ ᠶᠢᠨ ᠡᠩᠨᠡᠭᠡ ᠶᠢ ᠳᠠᠪᠲᠠᠨ ᠪᠣᠯᠪᠠᠰᠤᠷᠠᠭᠤᠯᠬᠤ ᠬᠡᠷᠡᠭᠲᠡᠢ᠃ ᠰᠢᠯᠢᠳᠡᠭ ᠪᠠᠭᠰᠢ ᠨᠠᠷ ᠤᠨ ᠡᠭᠡᠭᠦᠯᠦᠨ ᠠᠪᠴᠢᠷᠠᠬᠤ ᠠᠵᠢᠯ ᠤᠨ ᠬᠠᠮᠢᠶ᠎ᠠ ᠪᠦᠬᠦᠢ ᠮᠡᠳᠡᠭᠡ ᠵᠠᠩᠭᠢ ᠶᠢ ᠴᠠᠭ ᠲᠤᠬᠠᠶ ᠳᠤᠨᠢ ᠨᠡᠶᠢᠭᠡᠮ ᠳᠤ ᠨᠡᠶᠢᠲᠡᠯᠡᠵᠦ᠂ ᠮᠡᠳᠡᠭᠡ ᠵᠠᠩᠭᠢ ᠶᠢᠨ ᠢᠯᠡ ᠲᠣᠳᠣ᠂ ᠰᠠᠬᠢᠯᠭ᠎ᠠ ᠪᠠᠲᠤ ᠶᠢᠨ ᠲᠥᠪ ᠴᠢᠩᠭ᠎ᠠ ᠪᠠᠶᠢᠬᠤ ᠶᠢ ᠦᠨᠡᠨᠬᠦ ᠪᠠᠲᠤᠯᠠᠵᠤ᠂ ᠡᠯ᠎ᠡ ᠵᠦᠢᠯ ᠤᠨ ᠠᠵᠢᠯ ᠢᠶᠠᠨ ᠲᠣᠭᠲᠠᠭᠤᠨ ᠪᠥᠭᠡᠳ ᠡᠮᠬᠢ ᠵᠢᠷᠤᠮ ᠲᠠᠢ ᠪᠠᠷ ᠪᠡᠶᠡᠯᠡᠭᠦᠯᠬᠦ ᠬᠡᠷᠡᠭᠲᠡᠶ᠃ ᠵᠣᠬᠢᠴᠠᠭᠤᠯᠤᠨ ᠬᠠᠮᠲᠤᠷᠠᠯᠴᠠᠬᠤ ᠶᠢ ᠴᠢᠩᠭᠠᠳᠬᠠᠵᠤ᠂  ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠵᠤ᠂ ᠢᠳᠡᠪᠬᠢᠲᠡᠶ ᠪᠥᠭᠡᠳ ᠰᠠᠨᠠᠭᠠᠴᠢᠯᠠᠭ᠎ᠠ ᠠᠴᠠ ᠪᠠᠨ ᠠᠵᠢᠯᠯᠠᠵᠤ᠂ ᠰᠢᠮᠳᠠᠭᠤᠯᠤᠨ ᠪᠠᠶᠢᠴᠠᠭᠠᠵᠤ ᠰᠢᠯᠭᠠᠨ ᠦᠨᠡᠯᠡᠬᠦ ᠪᠠ ᠨᠡᠶᠢᠭᠡᠮ ᠤᠨ ᠬᠡᠷᠡᠭ ᠶᠠᠪᠤᠳᠠᠯ ᠢ ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ ᠵᠦᠢᠯᠡᠰ ᠢ ᠶᠡᠬᠡᠪᠡᠷ ᠪᠠᠭᠠᠰᠬᠠᠵᠤ᠂ ᠪᠠᠭᠰᠢ ᠶᠢᠨ ᠠᠵᠢᠯ ᠶᠠᠪᠤᠳᠠᠯ ᠭᠤᠣᠯ ᠬᠠᠷᠢᠭᠤᠴᠠᠯᠭ᠎ᠠ ᠭᠤᠣᠯ ᠠᠵᠢᠯ ᠢ ᠭᠦᠢᠴᠡᠳ ᠪᠠᠲᠤᠯᠠᠬᠤ ᠬᠡᠷᠡᠭᠲᠡᠶ᠃ ᠮᠥᠷᠳᠡᠨ ᠪᠠᠶᠢᠴᠠᠭᠠᠵᠤ ᠦᠷ᠎ᠡ ᠪᠦᠲᠦᠮᠵᠢ ᠶᠢ ᠠᠰᠠᠭᠤᠬᠤ ᠶᠢ ᠴᠢᠩᠭᠠᠳᠬᠠᠵᠤ᠂ ᠴᠡᠭᠴᠡᠯᠡᠨ ᠰᠠᠶᠢᠵᠢᠷᠠᠭᠤᠯᠬᠤ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠴᠠᠭ ᠲᠤᠨᠢ ᠲᠤᠬᠢᠷᠠᠭᠤᠯᠤᠨ ︽ᠡᠷᠭᠢᠵᠦ ᠦᠵᠡᠬᠦ︾ ᠶᠢ ᠥᠷᠨᠢᠭᠦᠯᠵᠦ᠂ ᠪᠠᠭᠰᠢ ᠰᠤᠷᠤᠭᠴᠢᠳ ᠤᠨ ᠬᠦᠷᠲᠡᠮᠵᠢ ᠶᠢᠨ ᠲᠥᠷᠥᠭᠳᠡᠯ ᠢᠶᠠᠷ ᠴᠡᠭᠴᠡᠯᠡᠨ ᠵᠠᠰᠠᠭᠰᠠᠨ ᠦᠷ᠎ᠡ ᠪᠦᠲᠦᠮᠵᠢ ᠶᠢ ᠰᠢᠯᠭᠠᠨ ᠪᠠᠶᠢᠴᠠᠭᠠᠵᠤ᠂ ᠳᠠᠷᠤᠭᠠᠰᠤ ᠶᠢ ᠬᠥᠩᠭᠡᠷᠡᠭᠦᠯᠬᠦ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠢ᠃ ᠲᠤᠭᠤᠷᠢᠭ ᠤᠨ ᠨᠠᠮ ᠤᠨ ᠬᠤᠷᠢᠶᠠᠨ ᠤ ᠰᠤᠷᠭᠠᠨ ᠬᠥᠮᠦᠵᠢᠯ ᠤᠨ ᠠᠵᠢᠯ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠨᠢᠭᠡᠴᠢ ᠶᠢᠨ ᠭᠤᠣᠯ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃             ᠨᠠᠶᠢᠷᠠᠭᠤᠯᠤᠭᠴᠢ᠄ ᠸᠠᠩ ᠵᠢᠩ ᠵᠢᠩ             ᠤᠷᠴᠢᠭᠤᠯᠤᠭᠴᠢ᠄ ᠲᠤᠶᠠᠭ᠎ᠠ 
 
ᠢᠷᠡᠯᠲᠡ᠄ ᠵᠢᠨᠢᠩ ᠲᠣᠭᠤᠷᠢᠭ ᠤᠨ ᠵᠠᠰᠠᠭ ᠤᠨ ᠣᠷᠳᠣᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2