| | 9 ᠰᠠᠷ᠎ᠠ ᠶᠢᠨ 23 ᠤ ᠡᠳᠦᠷ᠂ ᠴᠢᠬᠢᠨ ᠳᠤ ᠬᠠᠳᠠᠩᠰᠢᠭᠰᠠᠨ ᠳᠠᠭᠤᠤ ᠶᠢ ᠳᠠᠭᠠᠯᠳᠤᠨ᠂ ᠪᠥᠬᠦᠳᠡ ᠨᠠᠶᠢᠷᠠᠮᠳᠠᠬᠤ | ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ 75 ᠵᠢᠯ ᠤᠨ ᠣᠶ ᠶᠢ ᠪᠡᠯᠭᠡᠯᠡᠬᠦ ᠤᠷᠤᠯᠳᠤᠭᠠᠨ ᠲᠤᠭᠤᠷᠢᠭ ᠤᠨ | ᠬᠤᠳᠠᠯᠳᠤᠭᠠᠨ ᠤ ᠶᠠᠪᠤᠳᠠᠯ ᠤᠨ ᠰᠢᠨᠵᠢᠯᠡᠬᠦ ᠤᠬᠠᠭᠠᠨ ᠮᠡᠷᠭᠡᠵᠢᠯ ᠰᠣᠶᠣᠯ ᠤᠨ ᠲᠥᠪ ᠲᠤ ᠬᠥᠰᠢᠭᠡ ᠪᠠᠨ ᠰᠡᠬᠦᠵᠦ᠂ | ᠪᠥᠬᠦ ᠲᠤᠭᠤᠷᠢᠭ ᠤᠨ ᠡᠯ᠎ᠡ ᠨᠢᠭᠡᠴᠢ ᠂ ᠡᠯ᠎ᠡ ᠰᠠᠯᠠᠭ᠎ᠠ ᠮᠥᠴᠢᠷ ᠤᠨ 19 ᠨᠠᠶᠢᠷᠠᠯ ᠳᠠᠭᠤᠤ ᠶᠢᠨ ᠠᠩᠭᠢ ᠶᠢᠨ | 1300 ᠭᠠᠷᠤᠶ ᠠᠵᠢᠯᠲᠠᠨ ᠬᠠᠩᠭᠢᠨᠠᠮ᠎ᠠ ᠳᠠᠭᠤᠤ ᠪᠠᠷ ᠢᠶᠠᠨ ᠡᠬᠡ ᠤᠯᠤᠰ ᠲᠠᠭᠠᠨ ᠬᠢᠵᠠᠭᠠᠯᠠᠰᠢ ᠥᠬᠡᠶ ᠬᠠᠶᠢᠷ᠎ᠠ | ᠰᠡᠳᠬᠢᠯᠭᠡ ᠪᠠ ᠬᠠᠮᠤᠭ ᠤᠨ ᠴᠢᠩ ᠰᠡᠳᠬᠢᠯ ᠤᠨ ᠵᠥᠩᠨᠡᠯ ᠢᠶᠠᠨ ᠳᠡᠪᠰᠢᠭᠦᠯᠪᠡ᠃ | ᠤᠷᠤᠯᠳᠤᠭᠠᠨ ᠤ ᠲᠤᠬᠠᠶ ᠶᠢᠨ ᠲᠠᠯᠠᠪᠠᠢ ᠳᠤ᠂ ᠡᠯ᠎ᠡ ᠤᠷᠤᠯᠳᠤᠭᠠᠨ ᠤ ᠠᠩᠭᠢ ᠴᠤᠭ ᠵᠢᠪᠬᠤᠭ᠎ᠠ ᠪᠠᠳᠠᠷᠠᠩᠭᠤᠶ᠂ | ᠬᠠᠩᠭᠢᠨᠠᠮ᠎ᠠ ᠰᠠᠶᠢᠬᠠᠨ ᠳᠠᠭᠤᠤ ᠬᠠᠩᠭᠢᠨᠠᠵᠤ᠂ ᠳᠤᠮᠳᠠᠳᠤ ᠤᠯᠤᠰ ᠤᠨ ᠡᠪ ᠬᠠᠮᠲᠤ ᠨᠠᠮ ᠢ ᠮᠠᠭᠲᠠᠨ ᠳᠠᠭᠤᠯᠠᠬᠤ᠂ | ᠡᠬᠡ ᠤᠯᠤᠰ ᠤᠨ ᠠᠭᠤᠯᠠ ᠤᠰᠤ ᠪᠠᠨ ᠮᠠᠭᠲᠠᠨ ᠳᠠᠭᠤᠯᠠᠬᠤ ᠪᠠᠷ ᠭᠤᠣᠯ ᠬᠥᠭ ᠠᠶᠠᠰ ᠢᠶᠠᠷ ᠰᠣᠩᠭᠤᠳᠠᠭ | ᠬᠤᠪᠢᠰᠬᠠᠯᠲᠤ ᠳᠠᠭᠤᠤ ᠶᠢ ᠲᠠᠬᠢᠨ ᠲᠣᠭᠯᠠᠵᠤ᠂ ᠠᠭᠤᠤ ᠶᠡᠭᠡ ᠡᠬᠡ ᠤᠯᠤᠰ ᠤᠨ ᠮᠠᠭᠲᠠᠭᠠᠯ ᠳᠠᠭᠤᠤ ᠶᠢ ᠬᠠᠮᠲᠤ ᠪᠠᠷ | ᠳᠠᠭᠤᠯᠠᠪᠠ᠃ ︽ᠬᠦᠰᠡᠯ ᠡᠷᠡᠮᠡᠯᠵᠡᠯᠬᠡᠭᠡᠷᠡ ᠲᠠᠯ᠎ᠠ ᠳᠤ ᠪᠠᠶᠢᠨ᠎ᠠ︾ ︽ᠨᠤᠲᠤᠭ ᠤᠨ ᠳᠠᠭᠤᠤ ᠪᠠᠨ ᠨᠠᠮ ᠳᠠᠭᠠᠨ | ᠡᠷᠭᠦᠶ᠎ᠡ︾᠂ ︽ᠤᠯᠠᠭᠠᠨ ᠲᠤᠭ ᠨᠠᠮᠢᠷᠠᠶᠠ︾ ᠵᠡᠷᠭᠡ ᠳᠠᠭᠤᠤ ᠶᠢᠨ ᠠᠶᠠᠰ ᠨᠢ ᠨᠠᠮ ᠪᠠ ᠤᠯᠤᠰ ᠲᠤ ᠬᠢᠵᠠᠭᠠᠯᠠᠰᠢ | ᠦᠭᠡᠢ ᠬᠠᠶᠢᠷᠠᠲᠠᠢ᠂ ︽ᠰᠢᠨ᠎ᠡ ᠴᠠᠭ ᠦᠶ᠎ᠡ ᠳᠤ ᠣᠷᠣᠶ᠎ᠠ︾᠂ ︽ᠴᠡᠯᠡᠭᠡᠷ ᠲᠠᠯ᠎ᠠ︾᠂ ︽ᠡᠬᠡ ᠤᠯᠤᠰ ᠲᠠ | ᠰᠠᠶᠢᠨ ᠪᠠᠶᠢᠨ᠎ᠠ ᠤᠤ︾ ᠵᠡᠷᠭᠡ ᠰᠣᠩᠭᠤᠳᠠᠭ ᠬᠤᠪᠢᠰᠬᠠᠯ ᠤᠨ ᠳᠠᠭᠤᠤ ᠶᠢ ᠳᠠᠭᠤᠯᠠᠵᠤ᠂ ᠤᠯᠤᠰ ᠪᠠ ᠠᠷᠠᠳ | ᠲᠦᠮᠡᠨ ᠯᠦᠭᠡ ᠶᠢᠨ ᠭᠦᠨ ᠵᠤᠵᠠᠭᠠᠨ ᠬᠠᠶᠢᠷ᠎ᠠ ᠰᠡᠳᠬᠢᠯᠭᠡ ᠶᠢ ᠤᠶᠠᠩᠭᠠᠯᠠᠪᠠ ᠃ ︽ᠰᠡᠷᠭᠦᠨ ᠮᠠᠨᠳᠤᠯᠲᠠ ᠶᠢᠨ | ᠬᠦᠴᠦᠨ ︾᠂ ︽ᠰᠡᠷᠭᠦᠨ ᠮᠠᠨᠳᠤᠯᠲᠠ ᠲᠡᠶᠢᠰᠢ ᠤᠷᠤᠭᠰᠢᠯᠠᠬᠤ︾᠂ ︽ᠬᠦᠰᠡᠯ ᠮᠥᠷᠥᠭᠡᠳᠦᠯ︾ ᠵᠡᠷᠭᠡ | ᠳᠠᠭᠤᠤ ᠶᠢ ᠬᠠᠩᠭᠢᠨᠠᠲᠠᠯ᠎ᠠ ᠳᠠᠭᠤᠯᠠᠵᠤ᠂ ᠥᠭᠡᠷᠡᠴᠢᠯᠡᠯᠲᠡ ᠨᠡᠭᠡᠭᠡᠯᠲᠡ ᠳᠤ ᠠᠭᠤᠤ ᠶᠡᠭᠡ ᠠᠮᠵᠢᠯᠲᠠ | ᠣᠯᠣᠭᠰᠠᠨ ᠠᠴᠠ ᠪᠣᠢ ᠪᠣᠯᠣᠭᠰᠠᠨ ᠣᠮᠤᠭ ᠲᠡᠭᠦᠯᠳᠡᠷ ᠰᠡᠳᠬᠢᠯᠭᠡ ᠶᠢ ᠢᠯᠡᠳᠬᠡᠵᠡᠶ᠃ | ᠲᠣᠰ ᠤᠳᠠᠭᠠᠨ ᠤ ᠤᠷᠤᠯᠳᠤᠭᠠᠨ ᠳᠤ᠂ ᠡᠯ᠎ᠡ ᠤᠷᠤᠯᠳᠤᠭᠠᠨ ᠳᠤ ᠣᠷᠣᠯᠴᠠᠬᠤ ᠠᠩᠭᠢ ᠬᠠᠮᠲᠤ ᠪᠠᠷ | ᠦᠷᠢᠰᠦᠯᠳᠦᠵᠦ᠂ ᠥᠪᠡᠷ ᠥᠪᠡᠷ ᠤᠨ ᠴᠤᠭ ᠵᠢᠪᠬᠤᠭ᠎ᠠ ᠪᠠᠨ ᠪᠠᠳᠠᠷᠠᠭᠤᠯᠵᠤ᠂ ᠠᠶ᠎ᠠ ᠳᠠᠭᠤᠤ ᠬᠤᠪᠴᠠᠰᠤ | ᠬᠤᠨᠠᠷ ᠢᠶᠠᠨ ᠨᠠᠷᠢᠨ ᠨᠢᠮᠪᠠᠶ ᠪᠡᠯᠡᠳᠬᠡᠯ ᠬᠢᠵᠦ᠂ ᠦᠵᠡᠭᠴᠢᠳ ᠲᠤ ᠨᠢᠭᠡᠨ ᠤᠳᠠᠭᠠᠨ ᠤ ᠭᠤᠶᠢᠳᠠ ᠰᠠᠶᠢᠬᠠᠨ ᠬᠠᠷᠠᠭ᠎ᠠ | ᠰᠣᠨᠣᠷ ᠤᠨ ᠦᠪᠡᠳᠡᠭᠰᠢ ᠨᠠᠶᠢᠷ ᠦᠵᠡᠭᠦᠯᠪᠡ᠃ ᠲᠤᠬᠠᠢ ᠶᠢᠨ ᠲᠠᠯᠠᠪᠠᠢ ᠳᠤ᠂ ᠳᠠᠭᠤᠤ ᠶᠢᠨ ᠠᠶᠠᠰ ᠪᠣᠯᠤᠨ ᠠᠯᠠᠭ᠎ᠠ | ᠲᠠᠰᠢᠯᠳᠠ ᠶᠢᠨ ᠲᠠᠭᠤᠨ ᠰᠣᠯᠪᠢᠴᠠᠨ᠂ ᠠᠭᠤᠷ ᠠᠮᠢᠰᠬᠤᠯ ᠳᠤᠯᠠᠭᠠᠨ ᠪᠥᠭᠡᠳ ᠲᠥᠪ ᠬᠢᠴᠢᠶᠡᠩᠭᠦᠢ ᠪᠠᠶᠢᠯ᠎ᠠ᠃ | ᠨᠢᠭᠡ ᠡᠳᠦᠷ ᠤᠨ ᠬᠤᠷᠴᠠ ᠰᠢᠷᠦᠭᠦᠨ ᠥᠷᠢᠰᠥᠯᠳᠦᠭᠡᠨ ᠢᠶᠠᠷ ᠳᠡᠮᠵᠢᠨ᠂ ᠲᠣᠭᠤᠷᠢᠭ ᠤᠨ ᠰᠤᠷᠭᠠᠨ | ᠬᠥᠮᠦᠵᠢᠯ ᠤᠨ ᠲᠣᠪᠴᠢᠶ᠎ᠠ ᠨᠢᠭᠡᠳᠦᠭᠡᠷ ᠳᠡᠰ ᠤᠨ ᠱᠠᠩᠨᠠᠯ ᠭᠥᠷᠳᠡᠵᠦ᠂ ᠵᠢᠨᠢᠩ ᠤᠨ ᠳᠣᠲᠣᠭᠠᠳᠤ ᠶᠢ ᠬᠠᠮᠠᠭᠠᠯᠠᠬᠤ | ᠬᠤᠪᠢᠶᠠᠷᠢ ᠲᠣᠪᠴᠢᠶ᠎ᠠ᠂ ᠲᠣᠭᠤᠷᠢᠭ ᠤᠨ ᠠᠷᠠᠳ ᠤᠨ ᠰᠢᠭᠦᠬᠦ ᠬᠤᠷᠢᠶ᠎ᠠ᠂ ᠴᠠᠩ ᠴᠢᠩ ᠵᠡᠭᠡᠯᠢ ᠭᠤᠳᠤᠮᠵᠢ ᠶᠢᠨ | ᠬᠡᠷᠡᠭ ᠡᠷᠬᠢᠯᠡᠬᠦ ᠭᠠᠵᠠᠷ ᠬᠤᠶᠠᠳᠤᠭᠠᠷ ᠳᠡᠰ ᠤᠨ ᠱᠠᠩᠨᠠᠯ ᠭᠥᠷᠳᠡᠵᠦ᠂ ᠰᠢᠨᠬᠤᠸᠠ ᠵᠡᠭᠡᠯᠢ ᠭᠤᠳᠤᠮᠵᠢ ᠶᠢᠨ ᠬᠡᠷᠡᠭ | ᠡᠷᠬᠢᠯᠡᠬᠦ ᠭᠠᠵᠠᠷ᠂ ᠬᠤ᠋ ᠱᠠᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠲᠣᠭᠤᠷᠢᠭ ᠤᠨ ᠡᠷᠡᠭᠦᠯ ᠬᠠᠮᠠᠭᠠᠯᠠᠯ | ᠡᠷᠡᠭᠦᠯ ᠮᠡᠨᠳᠦ ᠶᠢᠨ ᠵᠥᠪᠯᠡᠯ᠂ ᠴᠢᠶᠣᠤ ᠳ᠋ᠦᠩ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠲᠣᠭᠤᠷᠢᠭ ᠤᠨ | ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ᠂ ᠲᠣᠭᠤᠷᠢᠭ ᠤᠨ | ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠵᠥᠪᠯᠡᠯ ᠭᠤᠷᠪᠠᠳᠤᠭᠠᠷ ᠳᠡᠰ ᠤᠨ ᠱᠠᠩᠨᠠᠯ ᠭᠥᠷᠳᠡᠪᠡ᠃ | ᠲᠣᠰ ᠤᠳᠠᠭᠠᠨ ᠤ ᠨᠠᠶᠢᠷᠠᠯ ᠳᠠᠭᠤᠤ ᠶᠢᠨ ᠤᠷᠤᠯᠳᠤᠭᠠᠨ ᠨᠢ ᠪᠥᠬᠦ ᠲᠤᠭᠤᠷᠢᠭ ᠤᠨ ᠥᠷᠭᠡᠨ ᠣᠯᠠᠨ ᠺᠠᠳ᠋ᠷ | ᠠᠵᠢᠯᠲᠠᠨ ᠠᠵᠢᠯᠴᠢᠨ ᠤ ᠡᠯ᠎ᠡ ᠹᠷᠣᠨᠲ ᠲᠤ ᠰᠢᠨ᠎ᠡ ᠠᠶᠠᠨ ᠵᠠᠮ ᠳᠠᠭᠠᠨ ᠡᠷᠡᠯᠬᠡᠭᠯᠡᠨ ᠤᠷᠤᠭᠰᠢᠯᠠᠬᠤ᠂ ᠰᠢᠨ᠎ᠡ ᠴᠠᠭ | ᠦᠶ᠎ᠡ ᠳᠤ ᠭᠠᠪᠢᠶ᠎ᠠ ᠪᠠᠶᠢᠭᠤᠯᠬᠤ ᠣᠮᠤᠭ ᠲᠡᠭᠦᠯᠳᠡᠷ ᠬᠠᠶᠢᠷ᠎ᠠ ᠰᠡᠳᠬᠢᠯᠭᠡ ᠶᠢ ᠢᠯᠡᠳᠬᠡᠵᠦ᠂ ᠥᠷᠭᠡᠨ ᠣᠯᠠᠨ ᠺᠠᠳ᠋ᠷ | ᠠᠵᠢᠯᠲᠠᠨ ᠠᠵᠢᠯᠴᠢᠨ ᠤ ᠨᠢᠭᠲᠠᠷᠠᠯ ᠤᠨ ᠬᠦᠴᠦᠨ ᠪᠠ ᠳᠠᠶᠢᠴᠢᠨ ᠬᠦᠴᠦᠨ ᠢ ᠴᠢᠩᠭᠠᠷᠠᠭᠤᠯᠤᠨ᠂ ᠪᠥᠬᠦ ᠺᠠᠳ᠋ᠷ | ᠠᠵᠢᠯᠲᠠᠨ ᠠᠵᠢᠯᠴᠢᠨ ᠤ ᠨᠠᠩ ᠲᠡᠭᠦᠯᠳᠡᠷ ᠣᠶᠤᠨ ᠰᠠᠨᠠᠭᠠᠨ ᠤ ᠳᠦᠷᠰᠦ ᠪᠠᠶᠢᠳᠠᠯ ᠢᠶᠠᠷ ᠪᠥᠬᠦ ᠲᠤᠭᠤᠷᠢᠭ ᠤᠨ ᠠᠵᠤ | ᠠᠬᠤᠶ ᠨᠡᠶᠢᠭᠡᠮ ᠤᠨ ᠡᠯ᠎ᠡ ᠵᠦᠶᠯ ᠤᠨ ᠠᠵᠢᠯ ᠦᠶᠯᠡᠰ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠳᠤ | ᠬᠦᠴᠦᠨ ᠴᠢᠳᠠᠯ ᠢᠶᠠᠨ ᠡᠷᠭᠦᠬᠦ ᠶᠢ ᠵᠣᠷᠢᠭᠵᠢᠭᠤᠯᠪᠠ᠃ | ᠨᠠᠶᠢᠷᠠᠭᠤᠯᠤᠭᠴᠢ᠄ ᠸᠠᠩ ᠵᠢᠩ ᠵᠢᠩ | ᠤᠷᠴᠢᠭᠤᠯᠤᠭᠴᠢ᠄ ᠲᠤᠶᠠᠭ᠎ᠠ | |