| | | ᠨᠢᠭᠡ᠂ ᠲᠤᠭᠤᠷᠪᠢᠭᠰᠠᠨ ᠠᠬᠤᠶ ᠪᠠᠶᠢᠳᠠᠯ ᠵᠢᠴᠢ ᠶᠠᠪᠤᠴᠠ | ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢᠨ ᠲᠠᠰᠤᠷᠠᠯᠲᠠ ᠦᠭᠡᠢ ᠠᠬᠢᠵᠢᠬᠤ ᠪᠠ | ᠮᠡᠳᠡᠭᠡ ᠵᠠᠩᠭᠢ ᠶᠢᠨ ᠮᠡᠷᠭᠡᠵᠢᠯ ᠤᠨ ᠥᠷᠭᠡᠨ ᠳᠡᠯᠭᠡᠷ ᠬᠡᠷᠡᠭᠯᠡᠯᠲᠡ ᠶᠢ ᠳᠠᠭᠠᠯᠳᠤᠨ᠂ ᠵᠠᠰᠠᠭ ᠤᠨ ᠣᠷᠳᠣᠨ ᠤ | ᠭᠠᠶᠢᠯᠢ ᠶᠢᠨ ᠪᠤᠰᠤ ᠣᠷᠣᠯᠭ᠎ᠠ ᠶᠢᠨ ᠬᠠᠮᠢᠶᠠᠷᠤᠯᠲᠠ ᠳᠤ ᠨᠡᠩ ᠦᠨᠳᠦᠷ ᠱᠠᠭᠠᠷᠳᠠᠯᠭ᠎ᠠ ᠳᠤᠷᠠᠳᠴᠤ᠂ ︽ᠵᠠᠰᠠᠭ ᠤᠨ | ᠣᠷᠳᠣᠨ ᠤ ᠭᠠᠶᠢᠯᠢ ᠶᠢᠨ ᠪᠤᠰᠤ ᠣᠷᠣᠯᠭ᠎ᠠ ᠶᠢᠨ ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠨ | ᠵᠢᠷᠤᠮᠵᠢᠭᠤᠯᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠤᠨ | ᠮᠡᠳᠡᠭᠳᠡᠯ︾ ︵ᠥᠪᠥᠷ ᠡᠳ᠋ ᠭᠠᠶᠢᠯᠢ ᠶᠢᠨ ᠪᠤᠰᠤ ﹇2006﹈ 429 ᠳ᠋ᠦ᠋ᠭᠡᠷ ᠲᠣᠭᠠᠲᠤ︶ ᠢ ᠬᠦᠴᠦᠨ ᠦᠭᠡᠢ | ᠪᠣᠯᠭᠠᠭᠰᠠᠨ ᠤ ᠳᠠᠷᠠᠭ᠎ᠠ᠂ ᠤᠤᠯ ᠤᠨ ︽ᠤᠯᠠᠭᠠᠨᠴᠠᠪ ᠵᠠᠰᠠᠭ ᠲᠠᠷᠬᠠᠭᠠᠭᠰᠠᠨ ﹇2013﹈ 231 ᠳ᠋ᠤᠭᠠᠷ | ᠲᠣᠭᠠᠲᠤ︾ ᠪᠢᠴᠢᠭ ᠮᠠᠲ᠋ᠧᠷᠢᠶᠠᠯ ᠤᠨ ︽ᠬᠤᠲᠠ ᠶᠢᠨ ᠲᠤᠰ ᠱᠠᠲᠤ ᠪᠠ ᠡᠯ᠎ᠡ ᠬᠤᠰᠢᠭᠤ ᠰᠢᠶᠠᠨ ᠬᠤᠲᠠ | ᠲᠣᠭᠤᠷᠢᠭ ᠨᠢ ᠲᠤᠬᠠᠶ ᠶᠢᠨ ᠵᠢᠯ ᠤᠨ ᠬᠥᠮᠥᠷᠭᠡ ᠳᠤ ᠣᠷᠣᠭᠤᠯᠤᠭᠰᠠᠨ ᠭᠠᠶᠢᠯᠢ ᠶᠢᠨ ᠪᠤᠰᠤ ᠣᠷᠣᠯᠭ᠎ᠠ ᠶᠢᠨ | ᠳᠣᠲᠣᠷ᠎ᠠ ᠠᠴᠠ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠪᠡᠯᠡ ᠮᠥᠩᠭᠦ ᠶᠢ ᠨᠢᠭᠡᠳᠦᠯᠲᠡᠶ ᠴᠤᠭᠯᠠᠭᠤᠯᠤᠨ᠎ᠠ︾ | ᠪᠠ ︽ᠡᠯ᠎ᠡ ᠱᠠᠲᠤᠨ ᠤ ᠵᠠᠰᠠᠭ ᠤᠨ ᠣᠷᠳᠣᠨ ᠨᠢ 1% ᠠᠴᠠ ᠬᠡᠲᠦᠷᠡᠭᠦᠯᠬᠦ ᠦᠭᠡᠶ ᠬᠠᠷᠢᠴᠠᠯ ᠢᠶᠠᠷ ᠪᠣᠳᠠᠲᠠᠶ | ᠲᠠᠲᠠᠪᠤᠷᠢᠯᠠᠭᠰᠠᠨ ᠭᠠᠶᠢᠯᠢ ᠶᠢᠨ ᠪᠤᠰᠤ ᠣᠷᠣᠯᠭ᠎ᠠ ᠶᠢᠨ ᠳᠣᠲᠣᠷ᠎ᠠ ᠠᠴᠠ ᠲᠠᠲᠠᠪᠤᠷᠢᠯᠠᠨ ᠬᠠᠮᠢᠶᠠᠷᠬᠤ ᠵᠠᠷᠤᠳᠠᠯ ᠢᠶᠠᠨ | ᠭᠠᠷᠭᠠᠨ ᠠᠪᠴᠤ ᠪᠣᠯᠤᠨ᠎ᠠ︾ ᠵᠡᠷᠭᠡ ᠲᠣᠭᠲᠠᠭᠠᠯ ᠨᠢ ᠨᠢᠭᠡᠨᠲᠡ ᠳᠡᠭᠡᠳᠦ ᠱᠠᠲᠤᠨ ᠤ ᠲᠥᠷᠥ ᠶᠢᠨ ᠪᠣᠳᠣᠯᠭ᠎ᠠ ᠶᠢᠨ | ᠲᠤᠯᠭᠠᠭᠤᠷᠢᠯᠠᠯ ᠦᠭᠡᠢ ᠪᠣᠯᠵᠦ᠂ ᠪᠤᠰᠤᠳ ᠠᠭᠤᠯᠭ᠎ᠠ ᠨᠢ ᠪᠠᠰᠠ ᠣᠳᠣᠬᠠᠨ ᠤ ᠪᠤᠳᠠᠳᠤ ᠪᠠᠶᠢᠳᠠᠯ ᠲᠠᠢ ᠵᠤᠬᠢᠴᠠᠬᠤ | ᠦᠭᠡᠢ ᠪᠤᠯᠵᠠᠢ᠃ ᠡᠭᠦᠨ ᠤ ᠲᠤᠯᠠᠳᠠ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠥᠰᠦᠪ ᠤᠨ | ᠬᠠᠤᠯᠢ︾᠂ ︽ᠵᠠᠰᠠᠭ ᠤᠨ ᠣᠷᠳᠣᠨ ᠤ ᠭᠠᠶᠢᠯᠢ ᠶᠢᠨ ᠪᠤᠰᠤ ᠣᠷᠣᠯᠭ᠎ᠠ ᠶᠢᠨ ᠬᠠᠮᠢᠶᠠᠷᠤᠯᠲᠠ ᠶᠢᠨ ᠠᠷᠭ᠎ᠠ︾ ︵ | ᠡᠳ᠋ ᠤᠨ ᠵᠠᠰᠠᠭ ᠭᠠᠶᠢᠯᠢ ﹇2016﹈ 33 ᠳ᠋ᠤᠭᠠᠷ ᠲᠣᠭᠠᠲᠤ︶ ︽ᠡᠳ᠋ ᠤᠨ ᠵᠠᠰᠠᠭ ᠤᠨ ᠫᠢᠶᠣᠣ ᠪᠠᠷᠢᠮᠲᠠ ᠶᠢᠨ | ᠬᠠᠮᠢᠶᠠᠷᠤᠯᠲᠠ ᠶᠢᠨ ᠠᠷᠭ᠎ᠠ︾ ︵ᠡᠳ᠋ ᠤᠨ ᠵᠠᠰᠠᠭ ᠤᠨ ᠶᠠᠮᠤᠨ ᠤ ᠵᠠᠷᠯᠢᠭ 104 ᠳ᠋ᠦ᠋ᠭᠡᠷ ᠲᠣᠭᠠᠲᠤ︶ ᠵᠡᠷᠭᠡ ᠬᠠᠮᠢᠶ᠎ᠠ | ᠪᠥᠬᠦᠶ ᠬᠠᠤᠯᠢ ᠴᠠᠭᠠᠵᠠ ᠬᠠᠤᠯᠢ ᠲᠣᠭᠲᠠᠭᠠᠯ ᠢ ᠦᠨᠳᠦᠰᠦᠯᠡᠨ᠂ ᠮᠠᠨ ᠤ ᠬᠤᠲᠠ ᠶᠢᠨ ᠪᠣᠳᠠᠲᠠᠶ ᠲᠠᠢ ᠪᠠᠨ | ᠤᠶᠠᠯᠳᠤᠭᠤᠯᠤᠨ ᠲᠤᠰ ︽ᠰᠠᠨᠠᠯ︾ ᠢ ᠲᠣᠭᠲᠠᠭᠠᠪᠠ᠃ ︽ᠰᠠᠨᠠᠯ︾ ᠨᠢ ᠳᠤᠮᠳᠠᠳᠤ ᠶᠢᠨ ᠦᠨᠳᠦᠰᠦᠲᠡᠨ ᠤ | ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠠᠵᠢᠯ ᠤᠨ ᠭᠤᠣᠯ ᠰᠢᠵᠢᠮ ᠪᠣᠯᠭᠠᠵᠤ᠂ 11 ᠬᠤᠰᠢᠭᠤ | ᠰᠢᠶᠠᠨ ᠬᠤᠳᠠ ᠲᠣᠭᠤᠷᠢᠭ ᠤᠨ ᠵᠠᠰᠠᠭ ᠤᠨ ᠣᠷᠳᠣᠨ᠂ ᠠᠷᠠᠳ ᠤᠨ ᠪᠠᠩᠬᠢ ᠶᠢᠨ ᠤᠯᠠᠭᠠᠨᠴᠠᠪ ᠬᠤᠳᠠ ᠶᠢᠨ | ᠬᠤᠪᠢᠶᠠᠷᠢ ᠪᠠᠩᠬᠢ᠂ ᠬᠤᠳᠠ ᠶᠢᠨ ᠭᠠᠶᠢᠯᠢ ᠶᠢᠨ ᠶᠠᠪᠤᠳᠠᠯ ᠤᠨ ᠲᠣᠪᠴᠢᠶ᠎ᠠ ᠵᠡᠷᠭᠡ 20 ᠭᠠᠷᠤᠢ ᠬᠤᠳᠠ ᠶᠢᠨ | ᠰᠢᠭᠤᠳ ᠬᠠᠷᠢᠶ᠎ᠠ ᠭᠠᠶᠢᠯᠢ ᠶᠢᠨ ᠪᠤᠰᠤ ᠣᠷᠣᠯᠭ᠎ᠠ ᠶᠢ ᠭᠦᠢᠴᠡᠳᠬᠡᠬᠦ ᠨᠢᠭᠡᠴᠢ ᠵᠢᠴᠢ ᠠᠷᠠᠳ ᠤᠯᠠᠨ ᠤ ᠰᠠᠨᠠᠯ ᠢ | ᠥᠷᠭᠡᠨ ᠢᠶᠠᠷ ᠬᠤᠷᠢᠶᠠᠭᠰᠠᠨ ᠪᠠᠶᠢᠨ᠎ᠠ᠃ ᠬᠤᠷᠠᠯ ᠠᠴᠠ ᠡᠮᠦᠨ᠎ᠡ ᠬᠤᠳᠠ ᠶᠢᠨ ᠵᠠᠰᠠᠭ ᠤᠨ ᠣᠷᠳᠣᠨ ᠤ | ᠤᠳᠤᠷᠢᠳᠤᠯᠭ᠎ᠠ ᠶᠢᠨ ᠰᠠᠨᠠᠯ ᠢ ᠬᠤᠷᠢᠶᠠᠵᠤ᠂ ᠵᠠᠰᠠᠪᠤᠷᠢ ᠣᠷᠣᠭᠤᠯᠤᠨ ᠲᠡᠭᠦᠯᠳᠡᠷᠵᠢᠭᠦᠯᠦᠭᠰᠡᠨ ᠤ ᠲᠠᠷᠠᠭ᠎ᠠ ᠬᠢᠨᠠᠨ | ᠵᠥᠪᠯᠡᠬᠦ ᠨᠤᠤᠷᠠᠭ ᠢ ᠪᠦᠷᠢᠯᠳᠦᠭᠦᠯᠪᠡ᠃ | ᠬᠤᠶᠠᠷ᠂ ᠭᠤᠣᠯ ᠠᠭᠤᠯᠭ᠎ᠠ | ︽ᠰᠠᠨᠠᠯ︾ ᠳᠤ ᠨᠡᠶᠢᠲᠡ ᠲᠤᠯᠤᠭᠠᠨ ᠬᠡᠰᠡᠭ ᠬᠤᠪᠢᠶᠠᠵᠤ᠂ ᠭᠤᠤᠯ ᠠᠭᠤᠯᠭ᠎ᠠ ᠳᠤ᠄ | ︵ᠨᠢᠭᠡ︶ ᠭᠠᠶᠢᠯᠢ ᠶᠢᠨ ᠪᠤᠰᠤ ᠣᠷᠤᠯᠭ᠎ᠠ ᠶᠢᠨ ᠬᠠᠮᠢᠶᠠᠷᠤᠯᠲᠠ ᠶᠢᠨ ᠬᠡᠪᠴᠢᠶ᠎ᠡ ᠶᠢ ᠲᠣᠳᠤᠷᠬᠠᠶᠢᠯᠠᠨ᠎ᠠ ᠭᠠᠶᠢᠯᠢ ᠶᠢᠨ | ᠪᠤᠰᠤ ᠣᠷᠣᠯᠭ᠎ᠠ ᠶᠢᠨ ᠬᠦᠷᠢᠶ᠎ᠡ ᠬᠡᠪᠴᠢᠶ᠎ᠡ᠂ ᠪᠠᠷᠢᠮᠵᠢᠶᠠᠯᠠᠯ ᠤᠨ ᠶᠣᠰᠣᠭᠠᠷ ᠡᠩ ᠤᠨ ᠣᠯᠠᠨ ᠨᠡᠶᠢᠲᠡ ᠶᠢᠨ ᠲᠥᠰᠦᠪ | ᠂ ᠵᠠᠰᠠᠭ ᠤᠨ ᠣᠷᠳᠣᠨ ᠤ ᠴᠢᠨᠠᠷᠲᠠᠶ ᠰᠠᠭᠤᠷᠢ ᠮᠥᠩᠭᠦ ᠶᠢᠨ ᠲᠥᠰᠦᠪ᠂ ᠤᠯᠤᠰ ᠤᠨ ᠥᠮᠴᠢᠯᠡᠯᠲᠦ ᠬᠥᠷᠥᠩᠭᠡ ᠶᠢᠨ | ᠡᠵᠡᠩᠨᠡᠯᠲᠡ ᠶᠢᠨ ᠲᠥᠰᠦᠪ ᠤᠨ ᠣᠷᠣᠯᠭ᠎ᠠ ᠶᠢᠨ ᠬᠡᠪᠴᠢᠶ᠎ᠡ ᠶᠢ ᠣᠨᠣᠪᠴᠢᠲᠠᠶ ᠬᠢᠨᠠᠨ ᠪᠣᠳᠣᠵᠤ ᠵᠠᠭᠠᠭᠯᠠᠨ | ᠲᠣᠭᠲᠠᠭᠠᠬᠤ ᠬᠡᠷᠡᠭᠳᠡᠢ᠃ | ︵ᠬᠤᠶᠠᠷ︶ ᠭᠠᠶᠢᠯᠢ ᠶᠢᠨ ᠪᠤᠰᠤ ᠣᠷᠣᠯᠭ᠎ᠠ ᠶᠢ ᠬᠠᠮᠢᠶᠠᠷᠬᠤ ᠡᠭᠦᠷᠭᠡ ᠬᠠᠷᠢᠭᠤᠴᠠᠯᠭ᠎ᠠ ᠶᠢ ᠲᠣᠳᠣᠷᠬᠠᠶᠢᠯᠠᠨ᠎ᠠ | ᠡᠳ᠋ ᠤᠨ ᠵᠠᠰᠠᠭ᠂ ᠭᠠᠶᠢᠯᠢ ᠶᠢᠨ ᠶᠠᠪᠤᠳᠠᠯ᠂ ᠪᠠᠩᠬᠢ᠂ ᠭᠦᠢᠴᠡᠳᠭᠡᠨ ᠬᠤᠷᠢᠶᠠᠬᠤ ᠨᠢᠭᠡᠴᠢ ᠶᠢᠨ ᠲᠣᠰ ᠲᠣᠰ ᠤᠨ | ᠡᠭᠦᠷᠭᠡ ᠬᠠᠷᠢᠭᠤᠴᠠᠯᠭ᠎ᠠ ᠶᠢ ᠲᠣᠳᠣᠷᠬᠠᠶᠢᠯᠠᠵᠤ᠂ ᠲᠠᠲᠠᠪᠤᠷᠢᠯᠠᠨ ᠬᠠᠮᠢᠶᠠᠷᠬᠤ ᠪᠠᠨ ᠴᠢᠩᠭᠠᠷᠠᠭᠤᠯᠤᠨ᠂ ᠨᠡᠶᠢᠯᠡᠮᠡᠯ | ᠬᠦᠴᠦᠨ ᠢ ᠪᠦᠷᠢᠯᠳᠦᠭᠦᠯᠵᠦ᠂ ᠬᠤᠷᠢᠶᠠᠬᠤ ᠶᠣᠰᠣᠲᠠᠶ ᠶᠢ ᠨᠢ ᠴᠥᠮ ᠬᠤᠷᠢᠶᠠᠵᠤ᠂ ᠲᠤᠰᠢᠶᠠᠬᠤ ᠶᠣᠰᠣᠲᠠᠶ ᠶᠢ ᠨᠢ | ᠴᠥᠮ ᠲᠤᠰᠢᠶᠠᠬᠤ ᠶᠢ ᠪᠡᠶᠡᠯᠡᠭᠦᠯᠬᠦ ᠬᠡᠷᠡᠭᠲᠡᠶ᠃ | ︵ᠭᠤᠷᠪᠠ︶ ᠭᠠᠶᠢᠯᠢ ᠶᠢᠨ ᠪᠣᠰᠤ ᠣᠷᠤᠯᠭ᠎ᠠ ᠶᠢᠨ ᠵᠦᠢᠯᠡᠰ ᠢ ᠬᠢᠨᠠᠨ ᠵᠦᠪᠰᠢᠶᠡᠷᠡᠬᠦ ᠬᠠᠮᠢᠶᠠᠷᠤᠯᠲᠠ ᠶᠢ | ᠴᠢᠩᠭᠠᠳᠬᠠᠨ᠎ᠠ ᠭᠠᠶᠢᠯᠢ ᠶᠢᠨ ᠪᠤᠰᠤ ᠲᠥᠷᠥᠯ ᠵᠦᠢᠯ᠂ ᠬᠠᠷᠢᠯᠴᠠᠭᠠᠨ ᠤ ᠲᠥᠷᠥᠯ ᠵᠦᠢᠯ ᠢ ᠬᠢᠨᠠᠨ ᠵᠥᠪᠰᠢᠶᠡᠷᠡᠬᠦ ᠶᠢ | ᠴᠢᠩᠭᠠᠳᠬᠠᠵᠤ᠂ ᠭᠠᠶᠢᠯᠢ ᠶᠢᠨ ᠪᠤᠰᠤ ᠲᠥᠷᠥᠯ ᠵᠦᠢᠯ ᠪᠠ ᠬᠠᠷᠢᠯᠴᠠᠭᠠᠨ ᠤ ᠲᠥᠷᠥᠯ ᠵᠦᠢᠯ ᠢ ᠴᠢᠩᠭ᠎ᠠ ᠢᠯᠭᠠᠵᠤ᠂ | ᠭᠠᠶᠢᠯᠢ ᠶᠢᠨ ᠪᠤᠰᠤ ᠲᠥᠷᠥᠯ ᠵᠦᠢᠯ ᠢ ᠶᠠᠪᠤᠯᠴᠠᠭ᠎ᠠ ᠶᠢᠨ ᠲᠥᠷᠥᠯ ᠵᠦᠢᠯ ᠪᠣᠯᠭᠠᠬᠤ ᠶᠢ ᠴᠢᠩᠭ᠎ᠠ ᠴᠠᠭᠠᠵᠠᠯᠠᠵᠤ᠂ | ᠭᠠᠶᠢᠯᠢ ᠶᠢᠨ ᠪᠤᠰᠤ ᠣᠷᠣᠯᠭ᠎ᠠ ᠶᠢ ᠶᠠᠪᠤᠯᠴᠠᠭ᠎ᠠ ᠪᠣᠯᠭᠠᠬᠤ ᠬᠡᠷᠡᠭᠲᠡᠢ᠃ | ︵ᠲᠦᠷᠪᠡ︶ ᠡᠳ᠋ ᠤᠨ ᠵᠠᠰᠠᠭ ᠤᠨ ᠫᠢᠶᠣᠤ ᠪᠠᠷᠢᠮᠲᠠ ᠶᠢᠨ ᠬᠠᠮᠢᠶᠠᠷᠤᠯᠲᠠ ᠶᠢ ᠴᠢᠩᠭᠠᠳᠬᠠᠨ᠎ᠠ ᠭᠠᠶᠢᠯᠢ ᠶᠢᠨ ᠪᠤᠰᠤ | ᠣᠷᠣᠯᠭ᠎ᠠ ᠶᠢᠨ ᠫᠢᠶᠣᠤ ᠪᠠᠷᠢᠮᠲᠠ ᠳᠤ ᠭᠡᠷᠡᠴᠢ ᠪᠠᠷᠢᠮᠲᠠ ᠠᠪᠬᠤ᠂ ᠤᠳᠠᠭ᠎ᠠ ᠬᠤᠪᠢᠶᠠᠨ ᠬᠡᠮᠵᠢᠶ᠎ᠡ ᠬᠢᠵᠠᠭᠠᠷᠯᠠᠬᠤ᠂ | ᠬᠠᠭᠤᠴᠢᠨ ᠢ ᠬᠠᠷᠭᠤᠭᠤᠯᠬᠤ ᠰᠢᠨ᠎ᠡ ᠳᠦᠷᠢᠮ ᠢ ᠬᠡᠷᠡᠭᠵᠢᠭᠦᠯᠦᠨ᠎ᠡ᠃ ᠭᠠᠶᠢᠯᠢ ᠶᠢᠨ ᠪᠤᠰᠤ ᠣᠷᠣᠯᠭ᠎ᠠ ᠶᠢᠨ ᠫᠢᠶᠣᠤ | ᠪᠠᠷᠢᠮᠲᠠ ᠶᠢ ᠬᠡᠷᠡᠭᠯᠡᠬᠦ ᠨᠢᠭᠡᠴᠢ ᠭᠠᠶᠢᠯᠢ ᠶᠢᠨ ᠪᠤᠰᠤ ᠣᠷᠣᠯᠭ᠎ᠠ ᠶᠢᠨ ᠫᠢᠶᠣᠤ ᠪᠠᠷᠢᠮᠲᠠ ᠶᠢ ᠰᠢᠯᠵᠢᠭᠦᠯᠦᠨ ᠥᠭᠴᠦ᠂ | ᠵᠢᠭᠡᠯᠡᠭᠦᠯᠵᠦ᠂ ᠣᠷᠣᠯᠠᠨ ᠬᠢᠵᠦ᠂ ᠬᠤᠳᠠᠯᠳᠤᠭᠠᠯᠠᠵᠤ᠂ ᠳᠤᠷ᠎ᠠ ᠪᠠᠷ ᠢᠶᠠᠨ ᠰᠢᠲᠠᠭᠠᠵᠤ᠂ ᠪᠠᠯᠠᠯᠤᠨ ᠥᠭᠡᠷᠡᠴᠢᠯᠡᠵᠦ | ᠪᠣᠯᠬᠤ ᠦᠭᠡᠢ︔ ᠭᠠᠶᠢᠯᠢ ᠶᠢᠨ ᠪᠤᠰᠤ ᠣᠷᠣᠯᠭ᠎ᠠ ᠶᠢᠨ ᠫᠢᠶᠣᠤ ᠪᠠᠷᠢᠮᠲᠠ ᠶᠢ ᠤᠭᠰᠠᠷᠠᠨ ᠬᠡᠷᠡᠭᠯᠡᠵᠦ ᠪᠣᠯᠬᠤ ᠦᠭᠡᠢ᠂ | ᠭᠠᠶᠢᠯᠢ ᠶᠢᠨ ᠪᠤᠰᠤ ᠣᠷᠣᠯᠭ᠎ᠠ ᠶᠢᠨ ᠫᠢᠶᠣᠤ ᠪᠠᠷᠢᠮᠲᠠ ᠪᠣᠯᠣᠨ ᠪᠤᠰᠤᠳ ᠫᠢᠶᠣᠤ ᠪᠠᠷᠢᠮᠲᠠ ᠶᠢ ᠬᠠᠷᠢᠯᠴᠠᠨ | ᠣᠷᠣᠯᠠᠭᠤᠯᠵᠤ ᠪᠣᠯᠬᠤ ᠦᠭᠡᠢ᠃ | ︵ᠲᠠᠪᠤ︶ ᠭᠠᠶᠢᠯᠢ ᠶᠢᠨ ᠪᠣᠰᠤ ᠣᠷᠤᠯᠭ᠎ᠠ ᠶᠢ ᠲᠠᠲᠠᠪᠤᠷᠢᠯᠠᠨ ᠲᠤᠰᠢᠶᠠᠯᠭᠠᠬᠤ ᠬᠠᠮᠢᠶᠠᠷᠤᠯᠲᠠ ᠶᠢ ᠴᠢᠩᠭᠠᠳᠬᠠᠨ᠎ᠠ | ᠡᠩ ᠤᠨ ᠣᠯᠠᠨ ᠨᠡᠶᠢᠲᠡ ᠶᠢᠨ ᠲᠥᠰᠦᠪ ᠲᠤ ᠣᠷᠣᠭᠤᠯᠬᠤ᠂ ᠭᠠᠶᠢᠯᠢ ᠶᠢᠨ ᠶᠠᠪᠤᠳᠠᠯ ᠤᠨ ᠰᠠᠯᠠᠭ᠎ᠠ ᠮᠥᠴᠢᠷ ᠲᠤ | ᠰᠢᠯᠵᠢᠭᠦᠯᠦᠨ ᠲᠤᠰᠢᠶᠠᠬᠤ ᠭᠠᠶᠢᠯᠢ ᠶᠢᠨ ᠪᠤᠰᠤ ᠲᠥᠷᠥᠯ ᠵᠦᠢᠯ ᠤᠨ ᠲᠠᠲᠠᠪᠤᠷᠢᠯᠠᠨ ᠬᠤᠷᠢᠶᠠᠬᠤ ᠬᠠᠮᠢᠶᠠᠷᠤᠯᠲᠠ ᠶᠢ | ᠴᠢᠩᠭᠠᠳᠬᠠᠵᠤ᠂ ᠬᠤᠷᠢᠶᠠᠨ ᠲᠤᠰᠢᠶᠠᠯᠳᠠ᠂ ᠳᠠᠩᠰᠠᠨ ᠡᠷᠦᠬᠡ᠂ ᠪᠡᠯᠡ ᠮᠥᠩᠭᠦ ᠶᠢᠨ ᠬᠠᠮᠢᠶᠠᠷᠤᠯᠲᠠ ᠵᠡᠷᠭᠡ ᠬᠡᠳᠦᠨ | ᠲᠠᠯ᠎ᠠ ᠪᠠᠷ ᠭᠠᠶᠢᠯᠢ ᠶᠢᠨ ᠪᠤᠰᠤ ᠣᠷᠣᠯᠭ᠎ᠠ ᠶᠢ ᠬᠥᠮᠥᠷᠭᠡ ᠳᠤ ᠣᠷᠣᠭᠤᠯᠬᠤ ᠬᠠᠮᠢᠶᠠᠷᠤᠯᠲᠠ ᠶᠢ ᠵᠢᠷᠤᠮᠵᠢᠭᠤᠯᠬᠤ | ᠬᠡᠷᠡᠭᠲᠡᠶ᠃ | ︵ᠵᠢᠷᠭᠤᠭ᠎ᠠ︶ ᠭᠠᠶᠢᠯᠢ ᠶᠢᠨ ᠪᠤᠰᠤ ᠣᠷᠤᠯᠭ᠎ᠠ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠎ᠠ ᠡᠳ᠋ ᠤᠨ ᠵᠠᠰᠠᠭ᠂ | ᠬᠢᠨᠠᠨ ᠪᠣᠳᠣᠬᠤ ᠵᠡᠷᠭᠡ ᠰᠠᠯᠠᠭ᠎ᠠ ᠮᠥᠴᠢᠷ ᠤᠳ ᠭᠠᠶᠢᠯᠢ ᠶᠢᠨ ᠪᠤᠰᠤ ᠣᠷᠣᠯᠭ᠎ᠠ ᠶᠢ ᠬᠢᠨᠠᠨ ᠬᠠᠮᠢᠶᠠᠷᠬᠤ ᠪᠠᠨ | ᠴᠢᠩᠭᠠᠳᠬᠠᠵᠤ᠂ ᠲᠣᠭᠲᠠᠭᠠᠯ ᠰᠠᠬᠢᠯᠭ᠎ᠠ ᠠᠴᠠ ᠵᠥᠷᠢᠴᠡᠭᠰᠡᠨ ᠦᠢᠯᠡ ᠠᠵᠢᠯᠯᠠᠭ᠎ᠠ ᠠᠴᠠ ︽ ᠪᠦᠭᠦᠳᠡ ᠨᠠᠶᠢᠷᠠᠮᠳᠠᠬᠤ | ᠳᠤᠮᠳᠠᠳᠤ ᠠᠷᠠᠳ ᠤᠯᠤᠰ ᠤᠨ ᠲᠥᠰᠦᠪ ᠤᠨ ᠬᠠᠤᠯᠢ︾ ᠪᠣᠯᠤᠨ ︽ᠡᠳ᠋ ᠤᠨ ᠵᠠᠰᠠᠭ ᠤᠨ ᠬᠠᠤᠯᠢ ᠠᠴᠠ | ᠵᠥᠷᠢᠴᠡᠭᠰᠡᠨ ᠦᠢᠯᠡ ᠠᠵᠢᠯᠯᠠᠭ᠎ᠠ ᠶᠢ ᠰᠢᠳᠬᠡᠨ ᠲᠣᠷᠭᠠᠬᠤ ᠳᠦᠷᠢᠮ︾ ︵ᠲᠥᠷᠥ ᠶᠢᠨ ᠶᠠᠪᠤᠳᠠᠯ ᠤᠨ ᠬᠤᠷᠢᠶᠠᠨ ᠤ | ᠵᠠᠷᠯᠢᠭ 427 ᠳ᠋ᠤᠭᠠᠷ ᠲᠣᠭᠠᠲᠤ︶ ᠵᠡᠷᠭᠡ ᠬᠤᠯᠪᠣᠭᠳᠠᠯ ᠪᠦᠬᠦᠢ ᠲᠣᠭᠲᠠᠭᠠᠯ ᠢ ᠦᠨᠳᠦᠰᠦᠯᠡᠨ ᠴᠢᠩᠭ᠎ᠠ | ᠬᠠᠷᠢᠭᠤᠴᠠᠯᠭ᠎ᠠ ᠨᠡᠬᠡᠮᠵᠢᠯᠡᠵᠦ ᠬᠠᠷᠢᠭᠤᠴᠠᠯᠭ᠎ᠠ ᠬᠡᠯᠡᠯᠴᠡᠬᠦ ᠬᠡᠷᠡᠭᠲᠡᠶ᠃ | ︵ᠳᠤᠯᠤᠭ᠎ᠠ︶ ᠪᠤᠰᠤᠳ ᠵᠦᠢᠯ ᠤᠭ ᠪᠢᠴᠢᠭ ᠮᠠᠲ᠋ᠧᠷᠢᠶᠠᠯ ᠢ ᠬᠦᠴᠦᠨ ᠦᠭᠡᠢ ᠪᠣᠯᠭᠠᠬᠤ ᠬᠤᠯᠪᠣᠭᠳᠠᠯ ᠪᠦᠬᠦᠢ | ᠲᠣᠭᠲᠠᠭᠠᠯ᠃ | |