| | | | 9 ᠰᠠᠷ᠎ᠠ ᠶᠢᠨ 25 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠢᠨᠢᠩ | ᠲᠣᠭᠤᠷᠢᠭ ᠤᠨ ᠨᠠᠮ ᠤᠨ ᠬᠤᠷᠢᠶᠠᠨ ᠤ ᠱᠦᠵᠢ ᠵᠠᠩ ᠶᠦᠩ ᠸᠧᠨ ᠲᠤᠰᠬᠠᠶ ᠰᠡᠳᠦᠪᠲᠦ ᠬᠤᠷᠠᠯ ᠢ ᠡᠷᠭᠢᠯᠡᠨ | ᠬᠤᠷᠠᠯᠳᠤᠭᠤᠯᠵᠤ᠂ ᠮᠠᠨ ᠤ ᠲᠤᠭᠤᠷᠢᠭ ᠤᠨ ᠬᠡᠷ ᠪᠠᠶᠢᠰᠢᠩ ᠭᠠᠵᠠᠷ ᠬᠥᠷᠥᠩᠭᠡ ᠶᠢᠨ ᠬᠦᠷᠢᠶᠡᠨ ᠳᠠᠬᠢ ᠲᠡᠤᠬᠡᠨ ᠠᠴᠠ | ᠦᠯᠡᠳᠡᠭᠳᠡᠵᠦ ᠢᠷᠡᠭᠰᠡᠨ ᠠᠰᠠᠭᠤᠳᠠᠯ ᠢ ᠰᠤᠳᠤᠯᠤᠨ ᠰᠢᠢᠳᠪᠦᠷᠢᠯᠡᠪᠡ᠃ | ᠬᠤᠷᠠᠯ ᠠᠴᠠ ᠣᠶᠢᠷ᠎ᠠ ᠶᠢᠨ ᠬᠤᠭᠤᠴᠠᠭᠠᠨ ᠤ ᠬᠡᠷ ᠪᠠᠶᠢᠰᠢᠩ ᠭᠠᠵᠠᠷ ᠬᠥᠷᠥᠩᠭᠡ ᠶᠢᠨ ᠬᠦᠷᠢᠶᠡᠨ ᠳᠠᠬᠢ | ᠲᠡᠤᠬᠡᠨ ᠠᠴᠠ ᠦᠯᠡᠳᠡᠭᠳᠡᠵᠦ ᠢᠷᠡᠭᠰᠡᠨ ᠠᠰᠠᠭᠤᠳᠠᠯ ᠢ ᠪᠦᠬᠦᠯᠢ ᠴᠣᠭᠴᠠ ᠪᠠᠷ ᠨᠢ ᠠᠬᠢᠭᠤᠯᠤᠭᠰᠠᠨ ᠪᠠᠶᠢᠳᠠᠯ ᠤᠨ | ᠲᠤᠬᠠᠶ ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠪᠥᠭᠡᠳ ᠲᠠᠷᠠᠭᠠᠴᠢ ᠶᠢᠨ ᠠᠯᠬᠤᠮ ᠤᠨ ᠠᠵᠢᠯ ᠳᠤ | ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠪᠠ᠃ | ᠬᠤᠷᠠᠯ ᠠᠴᠠ ᠴᠢᠬᠤᠯᠠᠴᠢᠯᠠᠭᠰᠠᠨ ᠨᠢ᠂ ᠡᠯ᠎ᠡ ᠱᠠᠳᠤ ᠡᠯ᠎ᠡ ᠰᠠᠯᠠᠭ᠎ᠠ ᠮᠥᠴᠢᠷ ᠤᠨ ᠬᠢᠨ ᠠᠷᠠᠳ ᠲᠦᠮᠡᠨ ᠢᠶᠠᠷ | ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠲᠤ ᠪᠤᠢ ᠪᠣᠯᠭᠠᠵᠤ᠂ ᠬᠠᠷᠢᠭᠤᠴᠠᠯᠭ᠎ᠠ ᠶᠢᠨ | ᠤᠬᠠᠮᠰᠠᠷ ᠢᠶᠠᠨ ᠴᠢᠩᠭᠠᠳᠬᠠᠵᠤ᠂ ᠰᠠᠨᠠᠭᠠᠴᠢᠯᠠᠭ᠎ᠠ ᠠᠴᠠ ᠪᠠᠨ ᠬᠠᠷᠢᠭᠤᠴᠠᠯᠭ᠎ᠠ ᠡᠭᠦᠷᠭᠡᠯᠡᠨ ᠠᠵᠢᠯ ᠶᠠᠪᠤᠳᠠᠯ ᠬᠢᠵᠦ᠂ | ᠨᠡᠩ ᠶᠡᠭᠡ ᠡᠷᠴᠢᠮ᠂ ᠨᠡᠩ ᠪᠣᠳᠠᠲᠠᠢ ᠠᠷᠭ᠎ᠠ ᠬᠡᠮᠵᠢᠶ᠎ᠡ ᠪᠠᠷ ᠭᠡᠷ ᠪᠠᠶᠢᠰᠢᠩ ᠭᠠᠵᠠᠷ ᠬᠦᠷᠦᠩᠭᠡ ᠶᠢᠨ ᠦᠯᠡᠳᠡᠭᠳᠡᠯ | ᠠᠰᠠᠭᠤᠳᠠᠯ ᠢ ᠰᠠᠶᠢᠲᠤᠷ ᠰᠢᠢᠳᠪᠦᠷᠢᠯᠡᠵᠦ᠂ ᠤᠯᠠᠨ ᠲᠦᠮᠡᠨ ᠤ ᠠᠮᠢ ᠪᠡᠶ᠎ᠡ ᠶᠢᠨ ᠠᠰᠢᠭ ᠲᠤᠰᠠ ᠶᠢ ᠦᠨᠡᠨᠬᠦ | ᠰᠠᠶᠢᠲᠤᠷ ᠬᠠᠮᠠᠭᠠᠯᠠᠬᠤ ᠬᠡᠷᠡᠭᠲᠡᠢ ᠭᠡᠵᠡᠢ᠃ ᠤᠯᠠᠨ ᠲᠦᠮᠡᠨ ᠤ ︽ ᠨᠤᠷᠠᠭᠠᠵᠤ ᠨᠡᠭᠦᠬᠦ ᠳᠤ ᠬᠦᠴᠢᠷ︾᠂ ︽ | ᠣᠷᠣᠵᠤ ᠰᠠᠭᠤᠬᠤ ᠳᠤ ᠬᠦᠴᠢᠷ︾ ᠪᠠᠶᠢᠬᠤ ᠠᠰᠠᠭᠤᠳᠠᠯ ᠢ ᠰᠢᠢᠳᠪᠦᠷᠢᠯᠡᠬᠦ ᠶᠢ ᠠᠵᠢᠯ ᠢᠶᠠᠨ ᠥᠷᠨᠢᠭᠦᠯᠬᠦ ᠶᠢᠨ | ᠵᠣᠷᠢᠯᠲᠠ ᠪᠠ ᠲᠤᠰᠤᠯᠲᠠ ᠪᠣᠯᠭᠠᠵᠤ᠂ ᠪᠦᠬᠦ ᠬᠦᠴᠦᠨ ᠢᠶᠠᠷ ᠢᠶᠠᠨ ᠪᠣᠭᠤᠮᠲᠠ ᠰᠢᠪᠲᠤᠯᠤᠨ ᠠᠬᠢᠭᠤᠯᠵᠤ᠂ ᠤᠯᠠᠨ | ᠲᠦᠮᠡᠨ ᠢ ᠡᠷᠲᠡᠬᠡᠨ ᠰᠠᠭᠤᠬᠤ ᠠᠴᠠ ᠣᠷᠣᠨ ᠰᠠᠭᠤᠴᠠ ᠲᠠᠢ ᠪᠣᠯᠭᠠᠬᠤ ᠶᠢ ᠪᠡᠶᠡᠯᠡᠭᠦᠯᠬᠦ ᠬᠡᠷᠡᠭᠲᠡᠢ᠃ ᠤᠰᠤ᠂ | ᠴᠠᠬᠢᠯᠭᠠᠨ᠂ ᠬᠡᠢ᠂ ᠳᠤᠯᠠᠭᠠᠯᠠᠭ᠎ᠠ ᠵᠡᠷᠭᠡ ᠤᠯᠠᠨ ᠲᠦᠮᠡᠨ ᠤ ᠠᠮᠢᠳᠤᠷᠠᠯ ᠲᠠᠢ ᠨᠢᠭᠲᠠ ᠬᠤᠯᠪᠣᠭ᠎ᠠ ᠲᠠᠢ ᠢᠵᠢ | ᠪᠦᠷᠢᠳᠦᠭᠰᠡᠨ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠶᠢ ᠨᠢᠭᠡᠳᠦᠯᠲᠡᠢ ᠲᠥᠯᠥᠪᠵᠢᠭᠦᠯᠦᠨ ᠪᠣᠳᠣᠯᠬᠢᠯᠠᠵᠤ᠂ | ᠤᠯᠠᠨ ᠲᠦᠮᠡᠨ ᠤ ᠨᠡᠭᠦᠯᠭᠡᠵᠦ ᠳᠡᠶᠢᠯᠬᠦ᠂ ᠰᠠᠶᠢᠨ ᠰᠠᠭᠤᠵᠤ ᠳᠡᠶᠢᠯᠬᠦ ᠶᠢ ᠪᠠᠲᠤᠯᠠᠬᠤ ᠬᠡᠷᠡᠭᠲᠡᠢ᠃ ᠲᠦᠷᠦᠯ ᠵᠦᠢᠯ ᠢ | ᠰᠢᠢᠳᠪᠦᠷᠢᠯᠡᠬᠦ ᠬᠤᠷᠳᠤᠴᠠ ᠶᠢ ᠦᠷᠭᠦᠯᠵᠢᠯᠡᠨ ᠲᠦᠷᠭᠡᠳᠬᠡᠵᠦ᠂ ᠴᠠᠭ ᠬᠤᠭᠤᠴᠠᠭ᠎ᠠ ᠶᠢ ᠴᠢᠩᠭ᠎ᠠ ᠡᠵᠡᠮᠳᠡᠵᠦ᠂ | ᠨᠢᠭᠡᠳᠦᠯᠲᠡᠢ ᠲᠥᠯᠥᠪᠵᠢᠭᠦᠯᠦᠨ ᠲᠤᠬᠢᠷᠠᠭᠤᠯᠬᠤ ᠪᠠᠨ ᠴᠢᠩᠭᠠᠳᠬᠠᠵᠤ᠂ ᠦᠯᠡᠳᠡᠭᠳᠡᠯ ᠠᠰᠠᠭᠤᠳᠠᠯ ᠢ ᠦᠨᠡᠨᠬᠦ | ᠪᠣᠳᠠᠲᠠᠢ ᠰᠢᠢᠳᠪᠦᠷᠢᠯᠡᠵᠦ᠂ ᠤᠯᠠᠨ ᠲᠦᠮᠡᠨ ᠤ ︽ᠪᠠᠴᠢᠮᠳᠠᠵᠤ ᠬᠦᠴᠢᠷᠳᠡᠵᠦ ᠵᠤᠪᠠᠨᠢᠵᠤ ᠬᠦᠰᠡᠵᠦ︾ ᠪᠠᠶᠢᠭ᠎ᠠ | ᠠᠰᠠᠭᠤᠳᠠᠯ ᠢ ᠪᠣᠳᠠᠲᠠᠢ ᠰᠢᠢᠳᠪᠦᠷᠢᠯᠡᠵᠦ᠂ ᠤᠯᠠᠨ ᠲᠦᠮᠡᠨ ᠤ ᠬᠦᠷᠲᠡᠮᠵᠢ ᠶᠢᠨ ᠲᠦᠷᠦᠭᠳᠡᠯ ᠪᠣᠯᠤᠨ ᠬᠠᠨᠤᠮᠵᠢ ᠶᠢᠨ | ᠬᠡᠮᠵᠢᠶ᠎ᠡ ᠶᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃ | ᠡᠯ᠎ᠡ ᠲᠣᠭᠤᠷᠢᠭ ᠤᠨ ᠱᠠᠲᠤᠨ ᠤ ᠳᠠᠭᠠᠭᠠᠴᠢᠯᠠᠨ ᠬᠤᠯᠪᠣᠭᠠᠯᠠᠬᠤ ᠤᠳᠤᠷᠢᠳᠤᠯᠭ᠎ᠠ ᠵᠢᠴᠢ ᠬᠤᠯᠪᠣᠭᠳᠠᠯ ᠪᠦᠬᠦᠢ | ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃ | ᠨᠠᠶᠢᠷᠠᠭᠤᠯᠤᠭᠴᠢ᠄ ᠸᠠᠩ ᠵᠢᠩ ᠵᠢᠩ | ᠤᠷᠴᠢᠭᠤᠯᠤᠭᠴᠢ᠄ ᠲᠤᠶᠠᠭ᠎ᠠ | |