ᠵᠢᠨᠢᠩ ᠲᠣᠭᠤᠷᠢᠭ ᠤᠨ  ᠠᠷᠠᠳ ᠤᠨ ᠵᠠᠰᠠᠭ ᠤᠨ ᠣᠷᠳᠣᠨ 2024 ᠣᠨ ᠤ 16 ᠳ᠋ᠤᠭᠠᠷ ᠤᠳᠠᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠵᠢᠴᠢ 14 ᠳ᠋ᠤᠭᠡᠷ ᠤᠳᠠᠭ᠎ᠠ ᠶᠢᠨ ᠪᠠᠶᠢᠩᠭᠤ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/9/6
      9 ᠰᠠᠷ᠎ᠠ ᠶᠢᠨ 5 ᠤ ᠡᠳᠦᠷ᠂ ᠲᠤᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠳᠠᠷᠤᠭ᠎ᠠ ᠺᠠᠩ ᠬᠠᠶ ᠷᠦᠢ ᠲᠤᠭᠤᠷᠢᠭ ᠤᠨ ᠵᠠᠰᠠᠭ ᠤᠨ ᠣᠷᠳᠣᠨ ᠤ 2024 ᠣᠨ ᠤ 16 ᠳ᠋ᠤᠭᠠᠷ ᠤᠳᠠᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠵᠢᠴᠢ 14 ᠳ᠋ᠤᠭᠡᠷ ᠤᠳᠠᠭ᠎ᠠ ᠶᠢᠨ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃       ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠤᠶᠢᠷ᠎ᠠ ᠶᠢᠨ ᠬᠤᠭᠤᠴᠠᠭᠠᠨ ᠤ ᠴᠢᠬᠤᠯᠠ ᠶᠠᠷᠢᠶ᠎ᠠ ᠪᠣᠯᠤᠨ ᠬᠤᠯᠪᠣᠭᠳᠠᠯ ᠪᠦᠬᠦᠢ ᠲᠠᠯ᠎ᠠ ᠶᠢᠨ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠨᠠᠮ ᠤᠨ ᠲᠥᠪ ᠬᠤᠷᠢᠶᠠᠨ ᠤ ᠠᠯᠪᠠᠨ ᠲᠢᠩᠬᠢᠮ᠂ ᠲᠦᠷᠦ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ︽ᠬᠡᠯᠪᠡᠷᠢᠴᠢ ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠲᠤᠬᠠᠢ ᠲᠣᠭᠲᠠᠭᠠᠯ ᠤᠳ︾ ᠵᠡᠷᠭᠡ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠬᠠᠮᠢᠶ᠎ᠠ ᠪᠦᠬᠦᠢ ᠠᠵᠢᠯ ᠢ ᠲᠤᠬᠢᠷᠠᠭᠤᠯᠤᠨ ᠪᠠᠶᠢᠷᠢᠯᠠᠭᠤᠯᠵᠠᠢ᠃ ᠬᠤᠷᠠᠯ ᠠᠴᠠ᠂ ᠶᠡᠷᠦᠩᠬᠡᠶ ᠱᠦᠵᠢ ᠰᠢ ᠶᠢᠨ ᠫᠢᠩ ᠤᠨ ᠲᠥᠪ ᠤᠨ ᠥᠭᠡᠷᠡᠴᠢᠯᠡᠯᠲᠡ ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠬᠦ ᠵᠥᠪᠯᠡᠯ ᠤᠨ ᠵᠢᠷᠭᠤᠳᠤᠭᠠᠷ ᠤᠳᠠᠭᠠᠨ ᠤ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ  ᠬᠢᠨᠠᠮᠠᠭᠠᠶ ᠰᠤᠷᠤᠯᠴᠠᠨ ᠲᠤᠭᠤᠰᠢᠯᠠᠭᠤᠯᠵᠤ᠂ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠥᠬᠦ ᠲᠠᠯ᠎ᠠ ᠪᠠᠷ ᠭᠦᠨᠵᠡᠭᠡᠶᠢᠷᠡᠭᠦᠯᠬᠦ ᠲᠤᠬᠠᠶ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ ᠂ ᠡᠯ᠎ᠡ ᠵᠦᠢᠯ ᠤᠨ ᠥᠭᠡᠷᠡᠴᠢᠯᠡᠯᠲᠡ ᠶᠢᠨ ᠡᠭᠦᠷᠭᠡ ᠶᠢ ᠨᠠᠶᠢᠳᠠᠪᠤᠷᠢᠵᠢᠭᠤᠯᠬᠤ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠥᠬᠦ ᠲᠠᠯ᠎ᠠ ᠪᠠᠷ ᠭᠦᠨᠵᠡᠭᠡᠶᠢᠷᠡᠭᠦᠯᠬᠦ ᠪᠠᠷ ᠮᠠᠨ ᠤ ᠲᠤᠭᠤᠷᠢᠭ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠬᠡᠷᠡᠭᠲᠡᠶ᠃     ᠬᠤᠷᠠᠯ ᠠᠴᠠ ᠴᠢᠬᠤᠯᠠᠴᠢᠯᠠᠭᠰᠠᠨ ᠨᠢ᠂ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠠᠵᠢᠯ ᠪᠣᠯᠤᠨ ︽ᠲᠣᠭᠲᠠᠭᠠᠯ︾ ᠢ ᠨᠡᠶᠢᠲᠡᠯᠡᠭᠰᠡᠨ ᠤ ᠠᠴᠢ ᠬᠤᠯᠪᠣᠭᠳᠠᠯ ᠢ ᠭᠦᠨᠵᠡᠭᠡᠶ ᠲᠠᠨᠢᠵᠤ᠂ ᠮᠠᠨ ᠤ ᠲᠤᠭᠤᠷᠢᠭ ᠤᠨ ᠪᠣᠳᠠᠲᠠᠶ ᠲᠠᠢ ᠪᠠᠨ ᠤᠶᠠᠯᠳᠤᠭᠤᠯᠤᠨ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠰᠠᠶᠢᠲᠤᠷ ᠠᠳᠬᠤᠵᠤ᠂ ᠪᠢᠴᠢᠭ ᠮᠠᠲ᠋ᠧᠷᠢᠶᠠᠯ ᠢ ᠨᠠᠷᠢᠯᠢᠭᠵᠢᠭᠤᠯᠤᠨ ᠨᠡᠶᠢᠭᠡᠮᠯᠢᠭ ᠢ ᠪᠠᠭᠠᠰᠬᠠᠬᠤ ᠵᠡᠷᠭᠡ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠱᠠᠯᠠᠪᠳᠠᠭᠤᠯᠤᠨ ᠵᠢᠯᠣᠭᠤᠳᠬᠤ ᠪᠠᠨ ᠴᠢᠩᠭᠠᠳᠬᠠᠨ᠂ ︽ᠲᠣᠭᠲᠠᠭᠠᠯ︾ ᠢ ᠪᠣᠳᠠᠲᠠᠶᠢᠵᠢᠭᠤᠯᠬᠤ ᠶᠢ ᠦᠨᠡᠨ ᠬᠦ ᠪᠠᠲᠤᠯᠠᠵᠤ᠂ ᠥᠷᠭᠡᠨ ᠣᠯᠠᠨ ᠦᠨᠳᠦᠰᠦᠨ ᠱᠠᠲᠤᠨ ᠤ ᠺᠠᠳ᠋ᠷᠴᠤᠳ ᠢ ᠨᠠᠩ ᠣᠯᠠᠨ ᠣᠶᠤᠨ ᠴᠢᠳᠠᠯ ᠢᠶᠠᠨ ᠨᠠᠶᠢᠳᠠᠪᠤᠷᠢᠵᠢᠭᠤᠯᠤᠯᠲᠠ ᠶᠢ ᠠᠳᠬᠤᠬᠤ᠂ ᠬᠥᠭᠵᠢᠯᠲᠡ ᠶᠢ ᠡᠷᠢᠯᠬᠢᠯᠡᠬᠦ ᠳᠡᠭᠡᠷ᠎ᠡ ᠲᠠᠯᠪᠢᠬᠤ ᠬᠡᠷᠡᠭᠲᠡᠶ᠃ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠰᠦᠯᠵᠢᠶᠡᠨ ᠤ ᠠᠮᠤᠷ ᠲᠦᠪᠰᠢᠨ ᠤ ᠬᠠᠤᠯᠢ︾ ᠶᠢ ᠬᠢᠨᠠᠮᠠᠭᠠᠶ ᠰᠤᠷᠤᠯᠴᠠᠵᠤ᠂ ᠥᠷᠭᠡᠨ ᠣᠯᠠᠨ ᠺᠠᠳ᠋ᠷ ᠠᠵᠢᠯᠲᠠᠨ ᠠᠵᠢᠯᠴᠢᠨ ᠢ ᠬᠥᠮᠦᠵᠢᠭᠦᠯᠦᠨ ᠬᠥᠲᠥᠯᠥᠨ ᠵᠢᠯᠣᠭᠤᠳᠴᠤ ᠪᠠᠶᠢᠭᠠᠳ ᠰᠦᠯᠵᠢᠶᠡᠨ ᠤ ᠠᠮᠤᠷ ᠲᠦᠪᠰᠢᠨ ᠤ ᠤᠬᠠᠮᠰᠠᠷ ᠢ ᠨᠢ ᠳᠡᠭᠡᠭᠰᠢᠯᠡᠭᠦᠯᠵᠦ᠂ ᠨᠢᠭᠤᠴᠠ ᠶᠢ ᠵᠠᠳᠠᠷᠠᠭᠤᠯᠤᠭᠰᠠᠨ ᠬᠡᠷᠡᠭ ᠭᠠᠷᠬᠤ ᠶᠢ ᠡᠷᠡᠰ ᠬᠤᠷᠢᠭᠯᠠᠬᠤ ᠬᠡᠷᠡᠭᠲᠡᠶ᠃       ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃ 
 
ᠢᠷᠡᠯᠲᠡ᠄ ᠵᠢᠨᠢᠩ ᠲᠣᠭᠤᠷᠢᠭ ᠤᠨ ᠵᠠᠰᠠᠭ ᠤᠨ ᠣᠷᠳᠣᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2