ᠵᠢᠨᠢᠩ ᠲᠣᠭᠤᠷᠢᠭ ᠲᠤᠭ᠎ᠠ ᠪᠦᠷᠢᠳᠬᠡᠯ ᠤᠨ ᠬᠠᠤᠯᠢ ᠴᠠᠭᠠᠵᠠ ᠬᠠᠤᠯᠢ ᠲᠣᠭᠲᠠᠭᠠᠯ ᠤᠨ ᠲᠤᠰᠬᠠᠶ ᠰᠡᠳᠦᠪᠲᠦ ᠪᠣᠯᠪᠠᠰᠤᠷᠠᠯ ᠡᠷᠬᠢᠯᠡᠪᠡ
ᠨᠡᠶᠢᠲᠡᠯᠡᠭᠰᠡᠨ ᠴᠠᠭ᠄
2024/9/6
     9 ᠰᠠᠷ᠎ᠠ ᠶᠢᠨ 4 ᠤ ᠡᠳᠦᠷ᠂ ᠵᠢᠨᠢᠩ ᠲᠣᠭᠤᠷᠢᠭ ᠲᠤᠭ᠎ᠠ ᠪᠦᠷᠢᠳᠬᠡᠯ ᠤᠨ ᠬᠠᠤᠯᠢ ᠴᠠᠭᠠᠵᠠ ᠬᠠᠤᠯᠢ ᠲᠣᠭᠲᠠᠭᠠᠯ ᠤᠨ ᠲᠤᠰᠬᠠᠶ ᠰᠡᠳᠦᠪᠲᠦ ᠪᠣᠯᠪᠠᠰᠤᠷᠠᠯ ᠡᠷᠭᠢᠯᠡᠪᠡ᠃ ᠪᠣᠯᠪᠠᠰᠤᠷᠠᠯ ᠢᠶᠠᠷ ᠳᠠᠮᠵᠢᠨ ᠬᠤᠲᠠ ᠶᠢᠨ ᠲᠤᠭ᠎ᠠ ᠪᠦᠷᠢᠳᠬᠡᠯ ᠤᠨ ᠪᠠᠲᠤᠯᠠᠭ᠎ᠠ ᠶᠢᠨ ᠲᠥᠪ ᠤᠨ ᠳᠤᠮᠳᠠ ᠵᠡᠷᠭᠡ ᠶᠢᠨ ᠲᠤᠭ᠎ᠠ ᠪᠦᠷᠢᠳᠬᠡᠯ ᠤᠨ ᠮᠡᠷᠭᠡᠵᠢᠯᠲᠡᠨ ᠯᠢ ᠴᠢᠩ ᠠᠴᠠ ︽ᠲᠤᠭ᠎ᠠ ᠪᠦᠷᠢᠳᠬᠡᠯ ᠤᠨ ᠬᠠᠤᠯᠢ ᠴᠠᠭᠠᠵᠠ ᠶᠢᠨ ᠬᠤᠷᠢᠭ᠎ᠠ ᠱᠤᠭᠤᠮ ᠢ ᠪᠠᠲᠤ ᠰᠠᠬᠢᠵᠤ ᠲᠤᠭ᠎ᠠ ᠪᠦᠷᠢᠳᠬᠡᠯ ᠤᠨ ᠬᠢᠨᠠᠯᠲᠠ ᠲᠠᠯᠪᠢᠬᠤ ᠡᠭᠦᠷᠭᠡ ᠴᠢᠳᠠᠪᠬᠢ ᠪᠠᠨ ᠪᠠᠳᠠᠷᠠᠭᠤᠯᠵᠤ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠳᠤ ᠪᠠᠲᠤ ᠪᠠᠬᠢ ᠲᠤᠭ᠎ᠠ ᠪᠦᠷᠢᠳᠬᠡᠯ ᠤᠨ ᠪᠠᠲᠤᠯᠠᠭ᠎ᠠ ᠬᠠᠩᠭᠠᠶ᠎ᠠ︾ ᠭᠡᠬᠦ ᠰᠡᠳᠦᠪ ᠢᠶᠠᠷ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠬᠦ᠂ ᠬᠠᠤᠯᠢ ᠪᠠᠷ ᠵᠠᠰᠠᠬᠤ ᠤᠬᠠᠮᠰᠠᠷ ᠢᠶᠠᠨ ᠪᠠᠲᠤᠳᠬᠠᠬᠤ᠂ ᠬᠠᠤᠯᠢ ᠴᠠᠭᠠᠵᠠ ᠶᠢᠨ ᠬᠤᠷᠢᠭ᠎ᠠ ᠱᠤᠭᠤᠮ ᠢ ᠪᠠᠲᠤ ᠰᠠᠬᠢᠬᠤ ᠭᠤᠷᠪᠠᠨ ᠲᠠᠯ᠎ᠠ ᠠᠴᠠ ᠪᠦᠬᠦ ᠲᠠᠯ᠎ᠠ ᠶᠢᠨ᠂ ᠭᠦᠨᠵᠡᠭᠡᠢ  ᠵᠠᠳᠠᠯᠤᠯᠲᠠ ᠬᠢᠪᠡ᠃     ᠪᠣᠯᠪᠠᠰᠤᠷᠠᠭᠤᠯᠤᠯ ᠤᠨ ᠠᠭᠤᠯᠭ᠎ᠠ ᠡᠯᠪᠡᠭ ᠪᠠᠶᠠᠯᠢᠭ᠂ ᠪᠣᠳᠠᠲᠠᠶ ᠲᠠᠢ ᠣᠶᠢᠷᠠᠲᠤᠵᠤ᠂ ᠮᠠᠨ ᠤ ᠲᠤᠭᠤᠷᠢᠭ ᠤᠨ ᠤᠳᠤᠷᠢᠳᠬᠤ ᠺᠠᠳ᠋ᠷ ᠤᠨ ᠲᠤᠭ᠎ᠠ ᠪᠦᠷᠢᠳᠬᠡᠯ ᠤᠨ ᠬᠠᠤᠯᠢ ᠪᠠᠷ ᠵᠠᠰᠠᠬᠤ ᠰᠡᠳᠬᠢᠬᠦᠶ᠂ ᠬᠠᠤᠯᠢ ᠪᠠᠷ ᠵᠠᠰᠠᠬᠤ ᠤᠬᠠᠮᠰᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠰᠢᠨ᠎ᠡ ᠪᠠᠶᠢᠳᠠᠯ ᠤᠨ ᠳᠣᠤᠷᠠᠬᠢ ᠪᠥᠬᠦ ᠲᠤᠭᠤᠷᠢᠭ ᠤᠨ ᠲᠤᠭ᠎ᠠ ᠪᠦᠷᠢᠳᠬᠡᠯ ᠤᠨ ᠠᠵᠢᠯ ᠪᠠ ᠠᠵᠤ ᠠᠬᠤᠶ ᠶᠢᠨ ᠠᠵᠢᠯ ᠢ ᠰᠠᠶᠢᠲᠤᠷ ᠬᠢᠬᠦ ᠳᠤ ᠪᠠᠲᠤ ᠪᠠᠬᠢ ᠰᠠᠭᠤᠷᠢ ᠶᠢ ᠲᠠᠯᠪᠢᠭᠰᠠᠨ ᠪᠠᠶᠢᠨ᠎ᠠ᠃ ᠪᠥᠬᠦ ᠲᠤᠭᠤᠷᠢᠭ ᠤᠨ ᠳᠡᠳ᠋ ᠰᠠᠯᠠᠭᠠᠨ ᠲᠠᠰ ᠠᠴᠠ ᠳᠡᠭᠡᠭᠰᠢᠬᠢ ᠺᠠᠳ᠋ᠷ ᠪᠣᠯᠪᠠᠰᠤᠷᠠᠯ ᠳᠤ ᠣᠷᠣᠯᠴᠠᠪᠠ᠃                 ᠨᠠᠶᠢᠷᠠᠭᠤᠯᠤᠭᠴᠢ᠄ ᠸᠠᠩ ᠵᠢᠩ ᠵᠢᠩ                 ᠤᠷᠴᠢᠭᠤᠯᠤᠭᠴᠢ᠄ ᠲᠤᠶᠠᠭ᠎ᠠ 
 
ᠢᠷᠡᠯᠲᠡ᠄ ᠵᠢᠨᠢᠩ ᠲᠣᠭᠤᠷᠢᠭ ᠤᠨ ᠵᠠᠰᠠᠭ ᠤᠨ ᠣᠷᠳᠣᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2