ᠨᠡᠶᠢᠭᠡᠮ ᠤᠨ ᠡᠯ᠎ᠡ ᠡᠲᠡᠭᠡᠳ ᠪᠣᠯᠤᠨ ᠥᠷᠭᠡᠨ ᠣᠯᠠᠨ ᠬᠡᠷᠡᠭᠯᠡᠭᠴᠢᠳ ᠤᠨ ᠢᠳᠡᠭᠡᠨ ᠤ ᠵᠦᠢᠯᠡᠰ ᠢ ᠰᠤᠭᠤᠴᠢᠨ | ᠪᠠᠶᠢᠴᠠᠭᠠᠬᠤ ᠪᠠᠶᠢᠳᠠᠯ ᠢ ᠮᠡᠳᠡᠬᠦ ᠡᠷᠬᠡ ᠪᠣᠯᠤᠨ ᠣᠷᠣᠯᠴᠠᠬᠤ ᠡᠷᠬᠡ ᠶᠢ ᠥᠷᠭᠡᠳᠬᠡᠵᠦ᠂ ᠢᠳᠡᠭᠡᠨ ᠤ ᠠᠮᠤᠷ | ᠲᠦᠪᠰᠢᠨ ᠤ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠮᠡᠳᠡᠯᠭᠡ ᠶᠢ ᠤᠬᠠᠭᠤᠯᠤᠨ ᠳᠡᠯᠭᠡᠷᠡᠭᠦᠯᠬᠦ ᠶᠢᠨ ᠲᠥᠯᠥᠭᠡ᠂ | 1 ᠰᠠᠷ᠎ᠠ ᠶᠢᠨ 9 ᠤ ᠡᠳᠦᠷ᠂ ᠬᠤᠲᠠ᠂ ᠲᠣᠭᠤᠷᠢᠭ ᠬᠤᠶᠠᠷ ᠱᠠᠲᠤᠨ ᠤ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠶᠢᠨ ᠰᠠᠯᠠᠭ᠎ᠠ ᠮᠥᠴᠢᠷ ᠤᠳ ᠪᠠᠶᠠᠷ ᠤᠨ ᠡᠳᠦᠷ ᠤᠨ ᠬᠡᠷᠡᠭᠯᠡᠭᠡᠨ ᠤ ᠣᠨᠴᠠᠯᠢᠭ ᠲᠠᠢ ᠤᠶᠠᠯᠳᠤᠭᠤᠯᠤᠨ᠂ | ᠪᠥᠬᠦ ᠲᠣᠭᠤᠷᠢᠭ ᠤᠨ ᠬᠡᠪᠴᠢᠶᠡᠨ ᠳᠠᠬᠢ ᠲᠠᠷᠢᠶᠠᠯᠠᠩ ᠤᠨ ᠪᠦᠲᠦᠭᠡᠭᠳᠡᠬᠦᠨ ᠤ ᠪᠥᠭᠡᠮ ᠢᠶᠠᠷ ᠬᠤᠳᠠᠯᠳᠤᠬᠤ ᠵᠠᠬ᠎ᠠ | ᠳᠡᠯᠭᠡᠭᠦᠷ ᠲᠤ ︽ᠲᠠ ᠵᠠᠬᠢᠶᠠᠯᠠᠪᠠᠯ ᠪᠢ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ︾ ᠢᠳᠡᠭᠡᠨ ᠤ ᠠᠮᠤᠷ | ᠲᠦᠪᠰᠢᠨ ᠤ ᠲᠤᠰᠬᠠᠶ ᠰᠤᠭᠤᠴᠢᠨ ᠪᠠᠶᠢᠴᠠᠭᠠᠬᠤ ᠠᠵᠢᠯᠯᠠᠭ᠎ᠠ ᠶᠢ ᠵᠡᠷᠭᠡ ᠪᠠᠷ ᠥᠷᠨᠢᠭᠦᠯᠪᠡ᠃ | ᠲᠠᠰᠢᠷᠠᠮ ᠤᠨ ︽ᠴᠢᠭ︾᠂ ᠲᠤᠬᠠᠶ ᠶᠢᠨ ᠲᠠᠯᠠᠪᠤᠷ ᠲᠤ ︽ᠰᠣᠩᠭᠤᠬᠤ︾᠂ ᠲᠤᠬᠠᠶ ᠶᠢᠨ ᠲᠠᠯᠠᠪᠤᠷ ᠲᠤ ︽ | ᠪᠠᠶᠢᠴᠠᠭᠠᠬᠤ︾ ᠠᠷᠭ᠎ᠠ ᠮᠠᠶ᠋ᠢᠭ ᠢᠶᠠᠷ ᠳᠠᠮᠵᠢᠭᠤᠯᠤᠨ᠂ ᠬᠠᠤᠯᠢ ᠬᠡᠷᠡᠭᠵᠢᠭᠦᠯᠬᠦ ᠠᠵᠢᠯᠲᠠᠨ ᠠᠮᠤ ᠪᠤᠳᠠᠭ᠎ᠠ ᠲᠣᠰᠣ᠂ | ᠢᠳᠡᠰᠢᠨ ᠨᠣᠭᠤᠭ᠎ᠠ᠂ ᠵᠢᠮᠢᠰ᠂ ᠮᠢᠬ᠎ᠠ ᠵᠡᠷᠭᠡ ᠲᠥᠷᠥᠯ ᠵᠦᠶᠯ ᠳᠤ ᠲᠦᠷᠭᠡᠨ ᠪᠠᠶᠢᠴᠠᠭᠠᠨ ᠬᠡᠮᠵᠢᠯᠲᠡ ᠬᠢᠵᠦ᠂ | ᠲᠠᠷᠢᠶᠠᠯᠠᠩ ᠮᠠᠯ ᠤᠨ ᠡᠮ ᠤᠨ ᠦᠯᠡᠳᠡᠭᠳᠡᠯ᠂ ᠢᠳᠡᠭᠡᠨ ᠤ ᠲᠣᠰᠣ ᠬᠦᠴᠢᠯ ᠤᠨ ᠦᠨ᠎ᠡ ᠬᠠᠩᠰᠢ᠂ ᠢᠳᠡᠭᠡᠨ ᠤ | ᠨᠡᠮᠡᠯᠲᠡ ᠡᠳ᠋ ᠵᠡᠷᠭᠡ ᠠᠶᠤᠯ ᠲᠦᠭᠰᠢᠭᠦᠷᠢ ᠶᠡᠬᠡᠲᠡᠶ ᠭᠤᠤᠯᠳᠠᠯᠭ᠎ᠠ ᠲᠠᠢ ᠲᠥᠷᠥᠯ ᠵᠦᠶᠯ ᠳᠤ ᠭᠤᠤᠯᠳᠠᠯᠭ᠎ᠠ ᠲᠠᠢ | ᠲᠤᠬᠠᠶ ᠶᠢᠨ ᠲᠠᠯᠠᠪᠤᠷ ᠤᠨ ᠪᠠᠶᠢᠴᠠᠭᠠᠨ ᠬᠡᠮᠵᠢᠯᠲᠡ ᠬᠢᠵᠦ᠂ ᠦᠷ᠎ᠡ ᠳ᠋ᠦᠩ ᠨᠢ ᠴᠥᠮ ᠪᠢᠯᠢᠭ ᠴᠢᠨᠠᠷᠲᠠᠶ ᠪᠠᠶᠢᠪᠠ᠃ | ᠪᠠᠶᠢᠴᠠᠭᠠᠨ ᠰᠢᠯᠭᠠᠬᠤ ᠶᠠᠪᠤᠴᠠ ᠨᠢ ᠢᠯᠡ ᠲᠣᠳᠣ ᠪᠠᠶᠢᠵᠤ᠂ ᠬᠡᠷᠡᠭᠯᠡᠭᠴᠢᠳ ᠢ ᠢᠳᠡᠭᠡᠨ ᠤ ᠠᠮᠤᠷ ᠲᠦᠪᠰᠢᠨ ᠤ | ᠭᠡᠷᠡᠴᠢᠯᠡᠭᠴᠢ᠂ ᠣᠷᠣᠯᠴᠠᠭᠴᠢ ᠪᠠ ᠬᠢᠨᠠᠯᠲᠠ ᠲᠠᠯᠪᠢᠭᠴᠢ ᠪᠣᠯᠭᠠᠵᠤ᠂ ᠢᠳᠡᠭᠡᠨ ᠤ ᠠᠮᠤᠷ ᠲᠦᠪᠰᠢᠨ ᠤ ᠲᠤᠬᠠᠶ | ᠲᠥᠷᠥᠭᠳᠡᠯ ᠢᠶᠠᠨ ᠳᠡᠭᠡᠭᠰᠢᠯᠡᠭᠦᠯᠦᠨ᠎ᠡ᠃ | ᠬᠤᠲᠠ ᠶᠢᠨ ᠠᠷᠠᠳ ᠤᠨ ᠢᠳᠡᠭᠡᠨ ᠤ ᠠᠮᠤᠷ ᠲᠦᠪᠰᠢᠨ ᠤ ᠬᠡᠷᠡᠭᠴᠡᠭᠡ ᠶᠢ ᠪᠥᠬᠦ ᠲᠠᠯ᠎ᠠ ᠪᠠᠷ ᠣᠶᠢᠯᠠᠭᠠᠬᠤ ᠶᠢᠨ | ᠲᠥᠯᠥᠭᠡ᠂ ᠠᠵᠢᠯᠯᠠᠭ᠎ᠠ ᠶᠢᠨ ᠲᠤᠬᠠᠶ ᠶᠢᠨ ᠲᠠᠯᠠᠪᠤᠷ ᠲᠤ ︽ᠲᠠ ᠵᠠᠬᠢᠶᠠᠯᠠᠪᠠᠯ ᠪᠢ ᠪᠠᠶᠢᠴᠠᠭᠠᠬᠤ︾ | ᠪᠠᠶᠢᠴᠠᠭᠠᠯᠲᠠ ᠶᠢᠨ ᠠᠰᠠᠭᠤᠯᠲᠠ ᠶᠢᠨ ᠬᠠᠭᠤᠳᠠᠰᠤ ᠶᠢ ᠬᠡᠷᠡᠭᠯᠡᠬᠦ ᠠᠷᠭ᠎ᠠ ᠮᠠᠶ᠋ᠢᠭ ᠢ ᠠᠪᠴᠤ᠂ ᠠᠵᠢᠯᠲᠠᠳ ᠠᠴᠠ | ᠰᠠᠭᠤᠭᠠᠯᠢ ᠠᠷᠠᠳ ᠤᠨ ᠨᠠᠶᠢᠵᠠ ᠨᠠᠷ ᠢ ᠬᠥᠲᠥᠯᠦᠨ ᠵᠢᠯᠣᠭᠤᠳᠴᠤ ᠪᠠᠶᠢᠭᠠᠳ ᠬᠠᠮᠤᠭ ᠤᠨ ᠠᠩᠬᠠᠷᠴᠤ ᠪᠠᠶᠢᠭ᠎ᠠ᠂ | ᠬᠠᠮᠤᠭ ᠤᠨ ᠠᠩᠬᠠᠷᠴᠤ ᠪᠠᠶᠢᠭ᠎ᠠ ᠢᠳᠡᠭᠡᠨ ᠤ ᠲᠥᠷᠥᠯ ᠵᠦᠶᠯ ᠪᠠ ᠰᠢᠯᠭᠠᠨ ᠪᠠᠶᠢᠴᠠᠭᠠᠬᠤ ᠲᠥᠷᠥᠯ ᠵᠦᠶᠯ ᠢ | ᠰᠢᠷᠪᠢᠵᠦ᠂ ᠰᠠᠭᠤᠭᠠᠯᠢ ᠠᠷᠠᠳ ᠤᠨ ᠢᠳᠡᠭᠡᠨ ᠤ ᠠᠮᠤᠷ ᠲᠦᠪᠰᠢᠨ ᠤ ᠵᠠᠰᠠᠯᠲᠠ ᠳᠤ ᠣᠷᠣᠯᠴᠠᠬᠤ ᠲᠥᠷᠥᠭᠳᠡᠯ ᠢ | ᠳᠡᠭᠡᠭᠰᠢᠯᠡᠭᠦᠯᠪᠡ᠃ | ᠥᠷᠭᠡᠨ ᠣᠯᠠᠨ ᠬᠡᠷᠡᠭᠯᠡᠭᠴᠢᠳ ᠳᠣᠤᠷ᠎ᠠ ᠲᠠᠯ᠎ᠠ ᠶᠢᠨ ᠬᠤᠶᠠᠷ ᠬᠡᠮᠵᠢᠯᠳᠦ ᠺᠣᠳ᠋ ᠢ ᠰᠢᠷᠪᠢᠬᠦ ᠪᠠᠷ ᠳᠠᠮᠵᠢᠭᠤᠯᠤᠨ᠂ | ᠲᠠᠨ ᠤ ᠬᠠᠮᠤᠭ ᠤᠨ ᠠᠩᠬᠠᠷᠴᠤ ᠪᠠᠶᠢᠭ᠎ᠠ ᠢᠳᠡᠭᠡᠨ ᠤ ᠲᠥᠷᠥᠯ ᠵᠦᠶᠯ᠂ ᠬᠠᠮᠤᠭ ᠤᠨ ᠠᠩᠬᠠᠷᠴᠤ ᠪᠠᠶᠢᠭ᠎ᠠ | ᠢᠳᠡᠭᠡᠨ ᠤ ᠦᠶᠯᠡᠳᠪᠦᠷᠢᠯᠡᠯ ᠡᠵᠡᠩᠨᠡᠯᠲᠡ ᠶᠢᠨ ᠲᠠᠯᠠᠪᠤᠷ ᠭᠠᠵᠠᠷ᠂ ᠬᠠᠮᠤᠭ ᠤᠨ ᠠᠩᠬᠠᠷᠴᠤ ᠪᠠᠶᠢᠭ᠎ᠠ ᠰᠢᠯᠭᠠᠨ | ᠪᠠᠶᠢᠴᠠᠭᠠᠬᠤ ᠲᠥᠷᠥᠯ ᠵᠦᠶᠯ ᠤᠨ ᠲᠥᠷᠥᠯ ᠢᠯᠭᠠᠯ ᠢ ᠰᠣᠩᠭᠤᠵᠤ ᠪᠣᠯᠤᠨ᠎ᠠ᠂ ᠲᠠᠨ ᠤ ᠰᠠᠨᠠᠯ ᠨᠢ ᠪᠢᠳᠡᠨ ᠢ | ᠬᠠᠪᠰᠤᠷᠤᠨ ᠢᠳᠡᠭᠡᠨ ᠤ ᠠᠮᠤᠷ ᠲᠦᠪᠰᠢᠨ ᠢ ᠰᠤᠭᠤᠴᠢᠨ ᠪᠠᠶᠢᠴᠠᠭᠠᠬᠤ ᠠᠵᠢᠯ ᠢ ᠨᠠᠩ ᠬᠠᠨᠳᠤᠯᠭᠠᠲᠤ ᠴᠢᠨᠠᠷᠲᠠᠶ ᠪᠠᠷ | ᠥᠷᠨᠢᠭᠦᠯᠵᠦ᠂ ᠢᠳᠡᠭᠡᠨ ᠤ ᠠᠮᠤᠷ ᠲᠦᠪᠰᠢᠨ ᠤ ᠲᠦᠭᠰᠢᠭᠦᠷᠢ ᠶᠢ ᠨᠠᠩ ᠰᠠᠶᠢᠲᠤᠷ ᠰᠡᠷᠭᠡᠶᠢᠯᠡᠨ᠂ ᠲᠠᠨ ᠤ | ᠣᠷᠣᠯᠴᠠᠬᠤ ᠪᠠ ᠡᠷᠬᠢᠮ ᠨᠠᠨᠳᠢᠨ ᠰᠠᠨᠠᠯ ᠢ ᠬᠦᠰᠡᠵᠦ ᠪᠠᠶᠢᠨ᠎ᠠ︕ | | ᠣᠷᠴᠢᠭᠤᠯᠤᠭᠴᠢ᠄ ᠳ᠋ᠥᠩ ᠾᠦᠢ | | |