ᠲᠥᠪ ᠤᠨ ᠨᠠᠢᠮᠠᠨ ᠲᠣᠭᠲᠠᠭᠠᠯ ᠵᠢᠴᠢ ᠬᠡᠷᠡᠭᠵᠢᠭᠦᠯᠬᠦ ᠨᠠᠷᠢᠨ ᠲᠦᠷᠢᠮ ᠤᠨ ᠵᠣᠷᠢᠭ ᠰᠠᠨᠠᠭ᠎ᠠ ᠶᠢ ᠭᠦᠨᠵᠡᠭᠡᠶ | ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠰᠡᠷᠡᠮᠵᠢᠯᠡᠭᠦᠯᠬᠦ ᠬᠥᠮᠦᠵᠢᠯ ᠢ ᠤᠯᠠᠮ ᠨᠢᠭᠡ ᠠᠯᠬᠤᠮ ᠴᠢᠩᠭᠠᠳᠬᠠᠨ᠂ | ᠰᠠᠬᠢᠯᠭ᠎ᠠ ᠪᠠᠲᠤ ᠶᠣᠰᠣ ᠲᠦᠷᠢᠮ ᠢ ᠴᠢᠩᠳᠠᠯᠠᠵᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ | ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠦᠨ ᠭᠦᠨᠵᠡᠭᠡᠶᠢᠷᠡᠭᠦᠯᠬᠦ ᠶᠢᠨ ᠲᠥᠯᠥᠭᠡ᠂ 12 ᠰᠠᠷ᠎ᠠ ᠶᠢᠨ 31 ᠤ | ᠡᠳᠦᠷ᠂ ᠵᠢᠨᠢᠩ ᠲᠣᠭᠤᠷᠢᠭ ᠤᠨ ᠲᠠᠷᠢᠶᠠᠯᠠᠩ ᠮᠠᠯ ᠠᠵᠤ ᠠᠬᠤᠶ ᠤᠰᠤᠨ ᠠᠰᠢᠭᠯᠠᠯᠲᠠ ᠶᠢᠨ ᠲᠣᠪᠴᠢᠶ᠎ᠠ ᠰᠢᠨ᠎ᠡ | ᠵᠢᠯ ᠤᠨ ᠪᠠᠶᠠᠷ ᠠᠴᠠ ᠡᠮᠦᠨᠡᠬᠢ ᠠᠷᠢᠭᠤᠨ ᠴᠢᠬᠡᠴᠢ ᠪᠠᠷ ᠵᠠᠰᠠᠭ ᠪᠠᠷᠢᠬᠤ ᠲᠤᠬᠠᠶ ᠶᠠᠷᠢᠯᠴᠠᠪᠠ᠃ ᠬᠤᠷᠠᠯ ᠢ | ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠳᠡᠳ᠋ ᠲᠣᠪᠴᠢᠶᠠᠨ ᠳᠠᠷᠤᠭ᠎ᠠ ᠵᠠᠩ | ᠵᠢᠩ ᠱᠧᠩ ᠬᠤᠷᠠᠯ ᠡᠷᠭᠢᠯᠡᠵᠦ᠂ ᠡᠯ᠎ᠡ ᠨᠠᠮ ᠤᠨ ᠡᠭᠦᠷ ᠤᠨ ᠱᠦᠵᠢ᠂ ᠡᠯ᠎ᠡ ᠲᠠᠰᠤᠭ᠂ ᠲᠥᠪ ᠤᠨ | ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠶ᠃ | ᠬᠤᠷᠠᠯ ᠳᠡᠭᠡᠷ᠎ᠡ ᠵᠠᠩ ᠵᠢᠩ ᠱᠧᠩ ᠨᠥᠬᠦᠷ ᠨᠠᠮ ᠤᠨ ᠲᠥᠪ ᠬᠤᠷᠢᠶᠠᠨ ᠤ ᠠᠯᠪᠠᠨ ᠲᠢᠩᠬᠢᠮ ᠲᠥᠷᠥ ᠶᠢᠨ | ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠳᠠᠷᠤᠮᠠᠯᠯᠠᠨ ᠲᠠᠷᠬᠠᠭᠠᠭᠰᠠᠨ ︽2025 ᠣᠨ ᠤ ᠰᠢᠨ᠎ᠡ ᠵᠢᠯ | ᠴᠠᠭᠠᠨ ᠰᠠᠷ᠎ᠠ ᠶᠢᠨ ᠬᠤᠭᠤᠴᠠᠭᠠᠨ ᠳᠠᠬᠢ ᠬᠤᠯᠪᠣᠭᠳᠠᠯ ᠪᠥᠬᠦᠶ ᠠᠵᠢᠯ ᠢ ᠰᠠᠶᠢᠲᠤᠷ ᠬᠢᠬᠦ ᠲᠤᠬᠠᠶ ᠮᠡᠳᠡᠭᠳᠡᠯ︾ ᠪᠠ ︽ | ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠤᠯᠤᠰ ᠤᠨ ᠬᠢᠨᠠᠨ ᠪᠠᠶᠢᠴᠠᠭᠠᠬᠤ ᠵᠥᠪᠯᠡᠯ ᠤᠨ ᠲᠥᠪ ᠤᠨ | ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠵᠥᠷᠢᠴᠡᠭᠰᠡᠨ ᠲᠤᠯᠤᠭᠠᠨ ᠨᠡᠶᠢᠲᠡᠯᠢᠭ ᠠᠰᠠᠭᠤᠳᠠᠯ ᠢ ᠢᠯᠡ ᠪᠠᠷ ᠵᠠᠷᠯᠠᠨ | ᠮᠡᠳᠡᠭᠳᠡᠭᠰᠡᠨ ᠪᠥᠭᠡᠳ ᠣᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠠ ᠢᠯᠵᠠᠷᠠᠯ ᠤᠨ ᠠᠰᠠᠭᠤᠳᠠᠯ ᠢ | ᠴᠡᠭᠴᠡᠯᠡᠨ ᠵᠠᠰᠠᠬᠤ ᠠᠵᠢᠯ ᠤᠨ ᠲᠣᠭᠤᠷᠢᠨ ᠳᠤ ᠬᠠᠮᠢᠶ᠎ᠠ ᠪᠥᠬᠦᠶ ᠠᠵᠢᠯ ᠤᠨ ᠱᠠᠭᠠᠷᠳᠠᠯᠭ᠎ᠠ ᠬᠢᠵᠡᠶ᠃ | ᠬᠤᠷᠠᠯ ᠠᠴᠠ ᠱᠠᠭᠠᠷᠳᠠᠭᠰᠠᠨ ᠨᠢ᠂ ᠨᠢᠭᠡ ᠳᠤ᠂ ᠠᠷᠢᠭᠤᠨ ᠴᠢᠬᠡᠴᠢ ᠶᠢᠨ ᠬᠤᠷᠢᠭ᠎ᠠ ᠱᠤᠭᠤᠮ ᠢ ᠪᠠᠲᠤ ᠰᠠᠬᠢᠬᠤ | ᠬᠡᠷᠡᠭᠲᠡᠢ᠃ ᠳᠡᠭᠡᠳᠦ ᠬᠡᠮᠵᠢᠶᠡᠨ ᠤ ᠰᠣᠨᠣᠷ ᠰᠡᠷᠡᠮᠵᠢ ᠲᠠᠢ ᠪᠠᠶᠢᠬᠤ ᠤᠬᠠᠮᠰᠠᠷ ᠢ ᠢᠮᠠᠭᠲᠠ ᠴᠢᠬᠤᠯᠠᠴᠢᠯᠠᠵᠤ᠂ ᠡᠯ᠎ᠡ | ᠵᠦᠢᠯ ᠤᠨ ᠠᠷᠢᠭᠤᠨ ᠴᠢᠬᠡᠴᠢ ᠪᠠᠷ ᠪᠡᠶ᠎ᠡ ᠪᠠᠨ ᠱᠠᠭᠠᠷᠳᠠᠬᠤ ᠱᠠᠭᠠᠷᠳᠠᠯᠭ᠎ᠠ ᠶᠢ ᠪᠣᠳᠠᠲᠠᠢ ᠳᠤ ᠨᠠᠶᠢᠳᠠᠪᠤᠷᠢᠵᠢᠭᠤᠯᠵᠤ᠂ | ᠴᠢᠬᠤᠯᠠ ᠶᠡᠭᠡ ᠵᠦᠢᠯᠡᠰ ᠪᠠ ᠭᠠᠳᠠᠭᠰᠢ ᠭᠠᠷᠴᠤ ᠮᠡᠳᠡᠭᠦᠯᠦᠨ ᠳᠠᠩᠰᠠᠯᠠᠭᠤᠯᠬᠤ ᠲᠦᠷᠢᠮ ᠢ ᠴᠢᠩᠭ᠎ᠠ ᠬᠡᠷᠡᠭᠵᠢᠭᠦᠯᠵᠦ᠂ | ᠦᠢᠯᠡᠴᠢᠯᠡᠬᠦ ᠡᠲᠡᠭᠡᠳ ᠤᠨ ᠳᠠᠶᠢᠯᠠᠯᠭ᠎ᠠ᠂ ᠪᠡᠯᠡᠭ ᠬᠦᠯᠢᠶᠡᠨ ᠠᠪᠬᠤ ᠶᠢ ᠴᠢᠩᠭ᠎ᠠ ᠴᠠᠭᠠᠵᠠᠯᠠᠵᠤ᠂ ᠠᠷᠢᠬᠢ | ᠤᠤᠭᠤᠵᠤ ᠰᠣᠭᠲᠣᠭᠤ ᠪᠠᠷ ᠲᠡᠷᠭᠡ ᠵᠢᠯᠣᠭᠤᠳᠬᠤ ᠶᠢ ᠴᠢᠩᠭ᠎ᠠ ᠴᠠᠭᠠᠵᠠᠯᠠᠵᠤ᠂ ᠲᠣᠭᠲᠠᠭᠠᠯ ᠠᠴᠠ ᠵᠥᠷᠢᠴᠡᠨ | ᠬᠤᠷᠢᠮ ᠪᠡᠯᠪᠡᠰᠦᠷᠡᠯ ᠤᠨ ᠪᠠᠶᠠᠷ ᠳᠤᠷᠠᠰᠬᠠᠯ ᠤᠨ ᠶᠠᠪᠤᠳᠠᠯ ᠢ ᠡᠷᠬᠢᠯᠡᠬᠦ ᠶᠢ ᠴᠢᠩᠭ᠎ᠠ ᠴᠠᠭᠠᠵᠠᠯᠠᠵᠤ᠂ ᠡᠯ᠎ᠡ ᠵᠦᠢᠯ ᠤᠨ | ᠠᠰᠢᠭ ᠲᠤᠰᠠ ᠶᠢᠨ ᠥᠳᠥᠭᠡᠯᠭᠡ ᠶᠢ ᠤᠬᠠᠮᠰᠠᠷ ᠠᠴᠠ ᠪᠠᠨ ᠡᠰᠡᠷᠭᠦᠴᠡᠨ ᠬᠤᠷᠢᠭᠯᠠᠨ᠎ᠠ᠃ ᠬᠤᠶᠠᠷ ᠲᠤ᠂ ᠪᠠᠴᠢᠮ | ᠪᠠᠶᠢᠳᠠᠯ ᠢ ᠠᠷᠭᠠᠴᠠᠬᠤ ᠵᠢᠵᠢᠭᠦᠷᠯᠡᠨ ᠰᠠᠬᠢᠬᠤ ᠠᠵᠢᠯ ᠢ ᠰᠠᠶᠢᠲᠤᠷ ᠬᠢᠬᠦ ᠬᠡᠷᠡᠭᠲᠡᠶ᠃ ᠪᠠᠶᠠᠷ ᠤᠨ ᠡᠳᠦᠷ ᠤᠨ | ᠬᠤᠭᠤᠴᠠᠭᠠᠨ ᠳᠤ ᠵᠢᠵᠢᠭᠦᠷᠯᠡᠬᠦ ᠪᠠ ᠤᠳᠤᠷᠢᠳᠤᠯᠭ᠎ᠠ ᠳᠠᠭᠠᠭᠤᠯᠤᠨ ᠵᠢᠵᠢᠭᠦᠷᠯᠡᠬᠦ᠂ ᠴᠢᠬᠤᠯᠠ ᠶᠡᠭᠡ ᠤᠴᠢᠷ | ᠶᠠᠪᠤᠳᠠᠯ ᠤᠨ ᠵᠢᠭᠠᠪᠤᠷᠢ ᠠᠪᠴᠤ ᠮᠡᠳᠡᠭᠦᠯᠬᠦ ᠵᠡᠷᠭᠡ ᠡᠯ᠎ᠡ ᠵᠦᠢᠯ ᠤᠨ ᠲᠦᠷᠢᠮ ᠢ ᠰᠠᠶᠢᠲᠤᠷ ᠨᠠᠶᠢᠳᠠᠪᠤᠷᠢᠵᠢᠭᠤᠯᠵᠤ᠂ | ᠳᠤᠷ᠎ᠠ ᠪᠠᠷ ᠢᠶᠠᠨ ᠠᠵᠢᠯ ᠤᠨ ᠪᠠᠶᠢᠷᠢ ᠠᠴᠠ ᠪᠠᠨ ᠰᠠᠯᠬᠤ᠂ ᠠᠵᠢᠯ ᠤᠨ ᠪᠠᠶᠢᠷᠢ ᠶᠢ ᠣᠷᠣᠯᠠᠬᠤ ᠶᠢ ᠴᠢᠩᠭ᠎ᠠ | ᠴᠠᠭᠠᠵᠠᠯᠠᠵᠤ᠂ ᠠᠰᠠᠭᠤᠳᠠᠯ ᠲᠤᠯᠭᠠᠷᠠᠪᠠᠯ ᠲᠡᠷᠡ ᠳᠠᠷᠤᠶ ᠳᠤᠨᠢ ᠡᠭᠡᠯᠵᠢ ᠳᠠᠭᠠᠭᠤᠯᠤᠨ ᠤᠳᠤᠷᠢᠳᠬᠤ ᠵᠢᠴᠢ ᠬᠠᠮᠢᠶ᠎ᠠ | ᠪᠥᠬᠦᠶ ᠰᠠᠯᠠᠭ᠎ᠠ ᠮᠥᠴᠢᠷ ᠲᠤ ᠮᠡᠳᠡᠭᠦᠯᠵᠦ᠂ ᠱᠠᠭᠠᠷᠳᠠᠯᠭ᠎ᠠ ᠶᠣᠰᠣᠭᠠᠷ ᠵᠢᠵᠢᠭᠦᠷᠯᠡᠭᠰᠡᠨ ᠲᠡᠮᠳᠡᠭᠯᠡᠯ ᠢ ᠰᠠᠶᠢᠲᠤᠷ ᠬᠢᠵᠦ᠂ | ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠤᠨ ᠬᠤᠭᠤᠴᠠᠭᠠᠨ ᠳᠠᠬᠢ ᠠᠮᠤᠷ ᠲᠦᠪᠰᠢᠨ ᠲᠣᠭᠲᠠᠭᠤᠨ ᠪᠠᠶᠢᠬᠤ ᠶᠢ | ᠦᠨᠡᠨᠬᠦ ᠪᠠᠲᠤᠯᠠᠬᠤ ᠬᠡᠷᠡᠭᠲᠡᠶ᠃ | | | ᠣᠷᠴᠢᠭᠤᠯᠤᠭᠴᠢ᠄ ᠳ᠋ᠥᠩ ᠾᠦᠢ | | |