ᠤᠯᠤᠰ ᠤᠨ ᠤᠯᠤᠰ ᠢᠶᠠᠨ ᠬᠦᠴᠦᠷᠬᠡᠭᠵᠢᠭᠦᠯᠵᠦ ᠴᠡᠷᠢᠭ ᠢᠶᠠᠨ ᠬᠦᠴᠦᠷᠬᠡᠭᠵᠢᠭᠦᠯᠬᠦ ᠤᠷᠢᠶᠠᠯᠠᠭ᠎ᠠ ᠶᠢ | ᠢᠳᠡᠪᠬᠢᠲᠡᠶ ᠳᠠᠭᠠᠵᠤ᠂ 2025 ᠣᠨ ᠤ ᠳᠡᠭᠡᠷ᠎ᠡ ᠬᠠᠭᠠᠰ ᠵᠢᠯ ᠤᠨ ᠴᠡᠷᠢᠭ ᠡᠯᠰᠡᠬᠦ ᠠᠵᠢᠯ ᠢ ᠯᠠᠪᠳᠠᠭᠤᠨ ᠪᠠᠲᠤᠲᠠᠶ | ᠰᠠᠶᠢᠲᠤᠷ ᠬᠢᠬᠦ ᠶᠢᠨ ᠲᠥᠯᠥᠭᠡ᠂ ᠴᠢᠶᠠᠨ ᠶᠢᠨ ᠯᠦ ᠵᠡᠭᠡᠯᠢ ᠭᠤᠳᠤᠮᠵᠢ ᠶᠢᠨ ᠪᠠᠷᠢᠯᠭ᠎ᠠ ᠶᠢᠨ ᠨᠡᠶᠢᠭᠡᠮ ᠲᠣᠭᠤᠷᠢᠭ ᠤᠨ | ᠴᠡᠷᠢᠭ ᠠᠴᠠ ᠬᠠᠯᠠᠭᠳᠠᠭᠰᠠᠳ ᠤᠨ ᠦᠢᠯᠡᠴᠢᠯᠡᠭᠡᠨ ᠤ ᠥᠷᠲᠡᠭᠡ ᠣᠶᠢᠷ᠎ᠠ ᠳᠤ ᠴᠡᠷᠢᠭ ᠡᠯᠰᠡᠬᠦ ᠳᠠᠶᠢᠴᠢᠯᠠᠯᠲᠠ ᠶᠢᠨ | ᠶᠡᠭᠡ ᠬᠤᠷᠠᠯ ᠬᠤᠷᠠᠯᠳᠤᠭᠤᠯᠪᠠ᠃ ᠲᠣᠰ ᠤᠳᠠᠭᠠᠨ ᠤ ᠬᠤᠷᠠᠯ ᠨᠢ ᠰᠢᠯᠢᠳᠡᠭ ᠵᠣᠬᠢᠬᠤ ᠨᠠᠰᠤᠨ ᠤ ᠵᠠᠯᠠᠭᠤᠴᠤᠳ ᠢ | ᠵᠣᠷᠢᠭᠵᠢᠭᠤᠯᠤᠨ ᠳᠠᠶᠢᠴᠢᠯᠠᠵᠤ ᠢᠳᠡᠪᠬᠢᠲᠡᠶ ᠪᠠᠷ ᠴᠡᠷᠢᠭ ᠲᠤ ᠣᠷᠣᠵᠤ ᠤᠯᠤᠰ ᠲᠠᠭᠠᠨ ᠮᠡᠳᠡᠭᠦᠯᠵᠦ᠂ ᠤᠯᠤᠰ ᠤᠨ | ᠪᠠᠲᠤᠯᠠᠨ ᠬᠠᠮᠠᠭᠠᠯᠠᠯᠲᠠ ᠶᠢᠨ ᠦᠢᠯᠡᠰ ᠲᠤ ᠠᠮᠢ ᠪᠡᠶ᠎ᠡ ᠪᠠᠨ ᠵᠣᠷᠢᠭᠤᠯᠵᠤ᠂ ᠴᠡᠷᠢᠭ ᠡᠯᠰᠡᠬᠦ ᠤᠬᠠᠭᠤᠯᠭ᠎ᠠ ᠶᠢᠨ ᠭᠦᠨ | ᠵᠤᠵᠠᠭᠠᠨ ᠠᠭᠤᠷ ᠠᠮᠢᠰᠬᠤᠯ ᠢ ᠪᠣᠶ ᠪᠣᠯᠭᠠᠬᠤ ᠶᠢᠨ ᠲᠥᠯᠥᠭᠡ ᠶᠤᠮ᠃ | ᠬᠤᠷᠠᠯ ᠤᠨ ᠵᠣᠷᠢᠭ ᠰᠠᠨᠠᠭ᠎ᠠ ᠶᠢ ᠳᠠᠮᠵᠢᠭᠤᠯᠪᠠ᠄ ᠬᠤᠷᠠᠯ ᠠᠴᠠ ᠡᠩ ᠲᠡᠷᠢᠭᠦᠨ ᠳᠤ ᠳᠡᠭᠡᠳᠦ ᠱᠠᠲᠤᠨ ᠤ | ᠴᠡᠷᠢᠭ ᠡᠯᠰᠡᠬᠦ ᠠᠵᠢᠯ ᠤᠨ ᠲᠤᠬᠠᠢ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠵᠤ᠂ ᠴᠡᠷᠢᠭ ᠡᠯᠰᠡᠬᠦ ᠠᠵᠢᠯ ᠤᠨ | ᠴᠢᠬᠤᠯᠠ ᠴᠢᠨᠠᠷ ᠪᠣᠯᠤᠨ ᠲᠤᠯᠭᠠᠮ᠎ᠠ ᠴᠢᠨᠠᠷ ᠢ ᠴᠢᠬᠤᠯᠠᠴᠢᠯᠠᠪᠠ᠃ | ᠴᠡᠷᠢᠭ ᠡᠯᠰᠡᠬᠦ ᠲᠥᠷᠥ ᠶᠢᠨ ᠪᠣᠳᠣᠯᠭ᠎ᠠ ᠶᠢ ᠲᠠᠶᠢᠯᠪᠤᠷᠢᠯᠠᠪᠠ᠄ ᠦᠢᠯᠡᠴᠢᠯᠡᠭᠡᠨ ᠤ ᠥᠷᠲᠡᠭᠡᠨ ᠤ ᠠᠵᠢᠯᠲᠠᠳ | ᠴᠡᠷᠢᠭ ᠡᠯᠰᠡᠬᠦ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ᠂ ᠨᠡᠷ᠎ᠡ ᠮᠡᠳᠡᠭᠦᠯᠬᠦ ᠨᠥᠬᠦᠴᠡᠯ᠂ ᠨᠡᠷ᠎ᠡ ᠮᠡᠳᠡᠭᠦᠯᠬᠦ ᠴᠤᠪᠤᠷᠠᠯ | ᠵᠢᠴᠢ ᠬᠤᠯᠪᠣᠭᠳᠠᠯ ᠪᠥᠬᠦᠶ ᠱᠠᠭᠠᠷᠳᠠᠯᠭ᠎ᠠ ᠶᠢ ᠲᠠᠶᠢᠯᠪᠤᠷᠢᠯᠠᠵᠤ᠂ ᠬᠤᠷᠠᠯ ᠳᠤ ᠣᠷᠣᠯᠴᠠᠭᠰᠠᠳ ᠤᠨ ᠴᠡᠷᠢᠭ ᠡᠯᠰᠡᠬᠦ | ᠠᠵᠢᠯ ᠢ ᠪᠥᠬᠦ ᠲᠠᠯ᠎ᠠ ᠪᠠᠷ ᠣᠶᠢᠯᠠᠭᠠᠬᠤ ᠪᠣᠳᠠᠲᠠᠶ ᠱᠠᠭᠠᠷᠳᠠᠯᠭ᠎ᠠ ᠶᠢ ᠦᠨᠡᠨ ᠬᠦ ᠪᠠᠲᠤᠯᠠᠪᠠ᠃ | ᠠᠵᠢᠯ ᠤᠨ ᠡᠭᠦᠷᠭᠡ ᠪᠠᠶᠢᠷᠢᠯᠠᠭᠤᠯᠪᠠ᠄ ᠬᠤᠷᠠᠯ ᠠᠴᠠ ᠴᠡᠷᠢᠭ ᠡᠯᠰᠡᠬᠦ ᠠᠵᠢᠯ ᠢ ᠨᠠᠷᠢᠨ ᠨᠢᠭᠲᠠ | ᠪᠠᠶᠢᠷᠢᠯᠠᠭᠤᠯᠵᠤ᠂ ᠡᠯ᠎ᠡ ᠲᠣᠣᠷᠵᠢᠯ ᠬᠠᠷᠢᠭᠤᠴᠠᠯᠭ᠎ᠠ ᠪᠠᠨ ᠦᠨᠡᠨ ᠬᠦ ᠡᠭᠦᠷᠭᠡᠯᠡᠵᠦ᠂ ᠬᠠᠷᠢᠶ᠎ᠠ ᠣᠷᠣᠨ ᠤ ᠳᠣᠲᠣᠷᠠᠬᠢ | ᠵᠣᠬᠢᠬᠤ ᠨᠠᠰᠤᠨ ᠤ ᠵᠠᠯᠠᠭᠤᠴᠤᠳ ᠤᠨ ᠪᠠᠶᠢᠳᠠᠯ ᠢ ᠣᠶᠢᠯᠠᠭᠠᠵᠤ ᠵᠢᠭᠰᠠᠭᠠᠨ ᠪᠠᠶᠢᠴᠠᠭᠠᠵᠤ᠂ ︽ᠤᠨᠢᠨ ᠳᠡᠭᠡᠷ᠎ᠡ ᠨᠢ | ᠴᠢᠬᠢ ᠪᠤᠶᠢᠵᠢᠭᠤᠯᠬᠤ︾ ᠬᠥᠮᠥᠷᠭᠡ ᠪᠠᠶᠢᠭᠤᠯᠵᠤ᠂ ᠨᠢᠭᠡ ᠬᠥᠮᠦᠨ ᠢ ᠴᠦ ᠣᠷᠬᠢᠭᠳᠠᠭᠤᠯᠬᠤ ᠦᠭᠡᠢ ᠪᠠᠶᠢᠬᠤ ᠶᠢ | ᠪᠠᠲᠤᠯᠠᠬᠤ ᠬᠡᠷᠡᠭᠲᠡᠢ ᠭᠡᠵᠦ ᠱᠠᠭᠠᠷᠳᠠᠪᠠ᠃ ᠡᠭᠦᠨ ᠤ ᠬᠠᠮᠲᠤ᠂ ᠴᠡᠷᠢᠭ ᠡᠯᠰᠡᠬᠦ ᠲᠥᠷᠥ ᠶᠢᠨ ᠪᠣᠳᠣᠯᠭ᠎ᠠ ᠶᠢᠨ | ᠤᠬᠠᠭᠤᠯᠭ᠎ᠠ ᠶᠢ ᠴᠢᠩᠭᠠᠳᠬᠠᠵᠤ᠂ ᠣᠯᠠᠨ ᠵᠦᠢᠯ ᠤᠨ ᠠᠷᠭ᠎ᠠ ᠵᠠᠮ ᠢᠶᠠᠷ ᠳᠠᠮᠵᠢᠭᠤᠯᠤᠨ ᠣᠯᠠᠨ ᠲᠦᠮᠡᠨ ᠤ | ᠣᠶᠢᠯᠠᠭᠠᠬᠤ ᠨᠣᠷᠮ᠎ᠠ ᠶᠢ ᠳᠡᠭᠡᠭᠰᠢᠯᠡᠭᠦᠯᠵᠦ᠂ ᠵᠣᠬᠢᠬᠤ ᠨᠠᠰᠤᠨ ᠤ ᠵᠠᠯᠠᠭᠤᠴᠤᠳ ᠤᠨ ᠴᠡᠷᠢᠭ ᠲᠤ ᠡᠯᠰᠡᠭᠳᠡᠬᠦ | ᠬᠠᠯᠠᠭᠤᠨ ᠰᠡᠳᠬᠢᠯᠭᠡ ᠶᠢ ᠬᠥᠭᠵᠢᠭᠡᠬᠦ ᠬᠡᠷᠡᠭᠲᠡᠶ᠃ ᠴᠡᠷᠢᠭ ᠡᠯᠰᠡᠬᠦ ᠠᠵᠢᠯ ᠨᠢ ᠤᠯᠤᠰ ᠤᠨ ᠪᠠᠲᠤᠯᠠᠨ ᠬᠠᠮᠠᠭᠠᠯᠠᠯᠲᠠ | ᠪᠠ ᠴᠡᠷᠢᠭ ᠠᠩᠭᠢ ᠶᠢᠨ ᠪᠦᠲᠦᠭᠡᠨ ᠪᠠᠶᠢᠭᠤᠯᠤᠯᠲᠠ ᠳᠤ ᠦᠵᠡᠭᠦᠯᠬᠦ ᠴᠢᠬᠤᠯᠠ ᠠᠴᠢ ᠬᠤᠯᠪᠣᠭᠳᠠᠯ ᠢ | ᠴᠢᠬᠤᠯᠠᠴᠢᠯᠠᠵᠤ᠂ ᠥᠷᠭᠡᠨ ᠣᠯᠠᠨ ᠵᠣᠬᠢᠬᠤ ᠨᠠᠰᠤᠨ ᠤ ᠵᠠᠯᠠᠭᠤᠴᠤᠳ ᠤᠨ ᠤᠯᠤᠰ ᠤᠨ ᠤᠷᠢᠶᠠᠯᠠᠭ᠎ᠠ ᠶᠢ | ᠢᠳᠡᠪᠬᠢᠲᠡᠶ ᠪᠠᠷ ᠴᠤᠤᠷᠢᠶᠠᠲᠤᠨ ᠳᠠᠭᠠᠵᠤ᠂ ᠢᠳᠡᠪᠬᠢᠲᠡᠶ ᠪᠠᠷ ᠴᠡᠷᠢᠭ ᠲᠤ ᠣᠷᠣᠬᠤ ᠪᠠᠷ ᠨᠡᠷ᠎ᠡ ᠮᠡᠳᠡᠭᠦᠯᠬᠦ ᠶᠢ | ᠵᠣᠷᠢᠭᠵᠢᠭᠤᠯᠪᠠ᠃ ᠡᠭᠦᠨ ᠤ ᠬᠠᠮᠲᠤ᠂ ᠴᠡᠷᠢᠭ ᠠᠴᠠ ᠬᠠᠯᠠᠭᠳᠠᠭᠰᠠᠳ ᠤᠨ ᠦᠢᠯᠡᠴᠢᠯᠡᠭᠡᠨ ᠤ ᠥᠷᠲᠡᠭᠡ ᠶᠢᠨ | ᠠᠵᠢᠯ ᠢ ᠭᠦᠢᠴᠡᠳ ᠨᠤᠲᠠᠯᠠᠵᠤ ᠲᠠᠯᠠᠷᠬᠠᠪᠠ᠃ | ᠲᠠᠷᠠᠭᠠᠴᠢ ᠶᠢᠨ ᠠᠯᠬᠤᠮ ᠤᠨ ᠠᠵᠢᠯ ᠤᠨ ᠲᠥᠯᠥᠪᠯᠡᠭᠡ᠄ ᠴᠢᠶᠠᠨ ᠶᠢᠨ ᠯᠦ ᠵᠡᠭᠡᠯᠢ ᠭᠤᠳᠤᠮᠵᠢ ᠶᠢᠨ | ᠪᠠᠷᠢᠯᠭ᠎ᠠ ᠶᠢᠨ ᠨᠡᠶᠢᠭᠡᠮ ᠲᠣᠭᠤᠷᠢᠭ ᠤᠨ ᠴᠡᠷᠢᠭ ᠠᠴᠠ ᠬᠠᠯᠠᠭᠳᠠᠭᠰᠠᠳ ᠤᠨ ᠦᠢᠯᠡᠴᠢᠯᠡᠭᠡᠨ ᠤ ᠥᠷᠲᠡᠭᠡ ᠨᠢ ᠴᠡᠷᠢᠭ | ᠡᠯᠰᠡᠬᠦ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠪᠠᠨ ᠦᠷᠭᠦᠯᠵᠢᠯᠡᠨ ᠴᠢᠩᠭᠠᠳᠬᠠᠵᠤ᠂ ᠣᠯᠠᠨ ᠵᠦᠢᠯ ᠤᠨ ᠠᠷᠭ᠎ᠠ | ᠵᠠᠮ ᠢᠶᠠᠷ ᠳᠠᠮᠵᠢᠭᠤᠯᠤᠨ ᠣᠯᠠᠨ ᠲᠦᠮᠡᠨ ᠤ ᠮᠡᠳᠡᠬᠦ ᠨᠣᠷᠮ᠎ᠠ ᠶᠢ ᠳᠡᠭᠡᠭᠰᠢᠯᠡᠭᠦᠯᠦᠨ᠎ᠡ᠃ ᠡᠭᠦᠨ ᠤ ᠬᠠᠮᠲᠤ᠂ ᠵᠣᠬᠢᠬᠤ | ᠨᠠᠰᠤᠨ ᠤ ᠵᠠᠯᠠᠭᠤᠴᠤᠳ ᠤᠨ ᠪᠠᠶᠢᠳᠠᠯ ᠢ ᠣᠶᠢᠯᠠᠭᠠᠵᠤ ᠵᠢᠭᠰᠠᠭᠠᠨ ᠪᠠᠶᠢᠴᠠᠭᠠᠬᠤ ᠠᠵᠢᠯ ᠢ ᠤᠯᠠᠮ ᠨᠢᠭᠡ ᠠᠯᠬᠤᠮ | ᠴᠢᠩᠭᠠᠳᠬᠠᠵᠤ᠂ ᠴᠡᠷᠢᠭ ᠡᠯᠰᠡᠬᠦ ᠠᠵᠢᠯ ᠤᠨ ᠴᠢᠨᠠᠷ ᠰᠠᠶᠢᠲᠠᠶ ᠪᠡᠶᠡᠯᠡᠭᠳᠡᠬᠦ ᠶᠢ ᠦᠨᠡᠨᠬᠦ ᠪᠠᠲᠤᠯᠠᠨ᠎ᠠ᠃ ᠡᠭᠦᠨ ᠠᠴᠠ | ᠭᠠᠳᠠᠨ᠎ᠠ᠂ ᠪᠠᠰᠠ ᠳᠡᠭᠡᠳᠦ ᠱᠠᠲᠤᠨ ᠤ ᠰᠠᠯᠠᠭ᠎ᠠ ᠮᠥᠴᠢᠷ ᠯᠦᠭᠡ ᠶᠢᠨ ᠨᠡᠪᠲᠡᠷᠡᠯᠴᠡᠭᠡ ᠵᠣᠬᠢᠴᠠᠭᠤᠯᠭ᠎ᠠ ᠪᠠᠨ | ᠴᠢᠩᠭᠠᠳᠬᠠᠵᠤ᠂ ᠠᠵᠢᠯ ᠤᠨ ᠠᠬᠢᠴᠠ ᠪᠠᠨ ᠴᠠᠭ ᠲᠤᠬᠠᠢ ᠳᠤᠨᠢ ᠬᠠᠷᠢᠭᠤ ᠮᠡᠳᠡᠭᠦᠯᠵᠦ᠂ ᠨᠡᠩ ᠤᠯᠠᠨ ᠳᠡᠮᠵᠢᠯᠭᠡ ᠪᠠ | ᠬᠠᠪᠰᠤᠷᠤᠯᠭ᠎ᠠ ᠶᠢ ᠣᠯᠬᠤ ᠪᠠᠷ ᠴᠢᠷᠮᠠᠶᠢᠨ᠎ᠠ᠃ | | | ᠣᠷᠴᠢᠭᠤᠯᠤᠭᠴᠢ᠄ ᠳ᠋ᠥᠩ ᠾᠦᠢ | | |