ᠬᠠᠷᠢᠶᠠᠲᠤ ᠣᠷᠣᠨ ᠤ 65 ᠨᠠᠰᠤᠨ ᠠᠴᠠ ᠳᠡᠭᠡᠭᠰᠢᠬᠢ ᠨᠠᠰᠤᠲᠠᠶᠢᠴᠤᠳ ᠤᠨ ᠰᠦᠢᠳᠬᠡᠯ ᠬᠤᠷᠢᠶᠠᠬᠤ | ᠥᠬᠡᠶ ᠪᠠᠷ ᠨᠡᠶᠢᠲᠡ ᠶᠢᠨ ᠮᠠᠰᠢᠨ ᠲᠡᠷᠭᠡᠨ ᠳᠤ ᠴᠠᠭ ᠲᠤᠬᠠᠶ ᠳᠤᠨᠢ ᠰᠠᠭᠤᠬᠤ ᠶᠢ ᠪᠠᠲᠤᠯᠠᠬᠤ ᠶᠢᠨ ᠲᠥᠯᠥᠭᠡ᠂ ᠨᠠᠮ | ᠪᠠ ᠵᠠᠰᠠᠭ ᠤᠨ ᠣᠷᠳᠣᠨ ᠤ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠭᠥᠷᠳᠡᠬᠦ ᠶᠢᠨ ᠲᠥᠯᠥᠭᠡ᠂ ᠣᠶᠢᠷ᠎ᠠ ᠳᠤ᠂ | ᠴᠢᠶᠠᠨ ᠶᠢᠨ ᠯᠦ ᠵᠡᠭᠡᠯᠢ ᠭᠤᠳᠤᠮᠵᠢ ᠶᠢᠨ ᠸᠧᠢ ᠮᠢᠨ ᠨᠡᠶᠢᠭᠡᠮ ᠲᠣᠭᠤᠷᠢᠭ ᠬᠠᠷᠢᠶᠠᠲᠤ ᠣᠷᠣᠨ ᠤ ᠰᠠᠭᠤᠭᠠᠯᠢ | ᠠᠷᠠᠳ ᠲᠤ ᠰᠦᠢᠳᠬᠡᠯ ᠬᠤᠷᠢᠶᠠᠬᠤ ᠥᠬᠡᠶ ᠪᠠᠷ ᠲᠡᠷᠭᠡᠨ ᠳᠤ ᠰᠠᠭᠤᠬᠤ ᠺᠠᠷᠲ ᠭᠦᠢᠴᠡᠳᠬᠡᠵᠦ᠂ ᠰᠠᠭᠤᠭᠠᠯᠢ | ᠠᠷᠠᠳ ᠢ ᠬᠡᠷ ᠤᠨ ᠡᠭᠦᠳᠡᠨ ᠳᠤ ᠨᠡᠶᠢᠲᠡ ᠶᠢᠨ ᠮᠠᠰᠢᠨ ᠲᠡᠷᠭᠡᠨ ᠤ ᠲᠤᠬᠠᠶᠢᠯᠠᠭᠰᠠᠨ ᠠᠵᠢᠯ ᠢ ︽ᠣᠶᠢᠷ᠎ᠠ | ᠬᠠᠪᠢ ᠳᠠᠭᠠᠨ ᠡᠷᠭᠢᠯᠡᠵᠦ᠂ ᠲᠦᠷᠭᠡᠨ ᠭᠦᠢᠴᠡᠳᠭᠡᠬᠦ︾ ᠶᠢ ᠪᠡᠶᠡᠯᠡᠭᠦᠯᠪᠡ᠃ | ᠰᠦᠯᠵᠢᠶᠡᠨ ᠤ ᠳᠠᠷᠤᠭ᠎ᠠ ᠭᠦᠶᠴᠡᠳᠬᠡᠬᠦ ᠳᠤ ᠬᠡᠷᠡᠭᠰᠡᠬᠦ ᠮᠠᠲ᠋ᠧᠷᠢᠶᠠᠯ᠂ ᠭᠦᠶᠴᠡᠳᠬᠡᠬᠦ ᠴᠠᠭ ᠵᠡᠷᠭᠡ ᠮᠡᠳᠡᠭᠡ | ᠵᠠᠩᠭᠢ ᠶᠢ ᠰᠠᠭᠤᠭᠠᠯᠢ ᠠᠷᠠᠳ ᠤᠨ ᠸᠢᠴᠠᠲ ᠤᠨ ᠬᠤᠯᠪᠤᠭ᠎ᠠ ᠪᠠ ᠨᠠᠶᠢᠵᠠ ᠶᠢᠨ ᠲᠣᠭᠤᠷᠢᠭ ᠲᠤ ᠤᠷᠢᠳᠴᠢᠯᠠᠨ | ᠨᠡᠶᠢᠲᠡᠯᠡᠵᠦ᠂ ᠰᠠᠭᠤᠭᠠᠯᠢ ᠠᠷᠠᠳ ᠲᠤ ᠨᠡᠶᠢᠲᠡ ᠶᠢᠨ ᠮᠠᠰᠢᠨ ᠲᠡᠷᠭᠡᠨ ᠤ ᠺᠠᠷᠲ ᠤᠨ ᠲᠤᠬᠠᠶᠢᠯᠠᠭᠰᠠᠨ ᠠᠵᠢᠯ ᠢ | ᠬᠡᠷᠬᠢᠨ ᠭᠦᠶᠴᠡᠳᠬᠡᠬᠦ ᠶᠢ ᠨᠠᠩ ᠳᠥᠭᠦᠮ ᠳᠥᠲᠡ ᠣᠶᠢᠯᠠᠭᠠᠪᠠ᠃ ᠰᠢᠢᠳᠪᠦᠷᠢᠯᠡᠬᠦ ᠶᠠᠪᠤᠴᠠ ᠳᠤ᠂ ᠠᠵᠢᠯᠲᠠᠳ | ᠰᠠᠭᠤᠭᠠᠯᠢ ᠠᠷᠠᠳ ᠢ ᠢᠳᠡᠪᠬᠢᠲᠡᠶ ᠪᠠᠷ ᠬᠥᠲᠥᠯᠦᠨ ᠵᠢᠯᠣᠭᠤᠳᠴᠤ ᠪᠠᠶᠢᠭᠠᠳ ᠡᠮᠬᠢ ᠵᠢᠷᠤᠮ ᠲᠠᠢ ᠪᠠᠷ | ᠮᠥᠷᠯᠡᠭᠦᠯᠬᠦ ᠶᠢᠨ ᠬᠠᠮᠲᠤ ᠰᠠᠭᠤᠭᠠᠯᠢ ᠠᠷᠠᠳ ᠲᠤ ᠨᠡᠶᠢᠲᠡ ᠶᠢᠨ ᠮᠠᠰᠢᠨ ᠲᠡᠷᠭᠡᠨ ᠤ ᠺᠠᠷᠲ ᠤᠨ ᠦᠢᠯᠡᠴᠢᠯᠡᠭᠡᠨ ᠤ | ᠴᠤᠪᠤᠷᠠᠯ ᠪᠠ ᠠᠩᠬᠠᠷᠬᠤ ᠵᠦᠢᠯᠡᠰ ᠢ ᠬᠦᠯᠢᠴᠡᠩᠭᠦᠶ ᠪᠠᠷ ᠲᠠᠶᠢᠯᠪᠤᠷᠢᠯᠠᠨ ᠥᠭᠴᠦ᠂ ᠮᠡᠳᠡᠭᠡ ᠵᠠᠩᠭᠢ ᠶᠢ ᠨᠠᠷᠢᠨ | ᠬᠢᠨᠠᠮᠠᠭᠠᠶ ᠬᠠᠷᠭᠤᠭᠤᠯᠤᠨ᠂ ᠬᠦᠰᠦᠨᠦᠭᠲᠦ ᠶᠢ ᠲᠠᠭᠯᠠᠵᠤ ᠰᠢᠢᠳᠪᠦᠷᠢᠯᠡᠨ᠂ ᠪᠣᠳᠠᠲᠤ ᠠᠵᠢᠯᠯᠠᠭ᠎ᠠ ᠪᠠᠷ ᠢᠶᠠᠨ ᠠᠷᠠᠳ | ᠲᠦᠮᠡᠨ ᠳᠤ ᠦᠢᠯᠡᠴᠢᠯᠡᠬᠦ ᠣᠨᠣᠯᠵᠢᠬᠤᠨ ᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠨᠠᠰᠤᠲᠠᠶᠢᠴᠤᠳ ᠤᠨ ᠠᠵᠢᠯ | ᠶᠠᠪᠤᠳᠠᠯ ᠭᠦᠢᠴᠡᠳᠭᠡᠬᠦ ᠦᠢᠯᠡᠴᠢᠯᠡᠭᠡᠨ ᠤ ᠣᠶᠢᠯᠠᠭᠠᠯᠲᠠ ᠶᠢ ᠰᠢᠯᠢᠳᠡᠭᠵᠢᠭᠦᠯᠪᠡ᠃ | ᠨᠠᠰᠤᠲᠠᠶᠢᠴᠤᠳ ᠤᠨ ᠰᠦᠶᠳᠬᠡᠯ ᠬᠤᠷᠢᠶᠠᠬᠤ ᠥᠬᠡᠶ ᠪᠠᠷ ᠲᠡᠷᠭᠡᠨ ᠳᠤ ᠰᠠᠭᠤᠬᠤ ᠺᠠᠷᠲ ᠢ ᠭᠦᠶᠴᠡᠳᠬᠡᠬᠦ ᠨᠢ | ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠲᠤ ᠦᠨᠡᠨ ᠪᠣᠳᠠᠲᠠᠶ ᠲᠥᠬᠦᠮ ᠦᠵᠡᠭᠦᠯᠦᠭᠰᠡᠨ ᠢᠶᠠᠷ ᠪᠠᠷᠠᠬᠤ ᠥᠬᠡᠶ᠂ | ᠪᠠᠰᠠ ᠨᠡᠶᠢᠭᠡᠮ ᠲᠣᠭᠤᠷᠢᠭ ᠬᠢᠭᠡᠳ ᠰᠠᠭᠤᠭᠠᠯᠢ ᠠᠷᠠᠳ ᠤᠨ ᠬᠤᠭᠤᠷᠣᠨᠳᠣᠬᠢ ᠨᠢᠭᠲᠠ ᠬᠠᠷᠢᠯᠴᠠᠭ᠎ᠠ ᠶᠢ ᠤᠯᠠᠮ | ᠨᠢᠭᠡ ᠠᠯᠬᠤᠮ ᠭᠦᠨᠵᠡᠭᠡᠶᠢᠷᠡᠭᠦᠯᠪᠡ᠃ ᠲᠠᠷᠠᠭᠠᠴᠢ ᠶᠢᠨ ᠠᠯᠬᠤᠮ ᠳᠤ᠂ ᠠᠷᠠᠳ ᠤᠨ ᠨᠡᠶᠢᠭᠡᠮ ᠲᠣᠭᠤᠷᠢᠭ | ᠦᠷᠭᠦᠯᠵᠢᠯᠡᠨ ᠰᠠᠭᠤᠭᠠᠯᠢ ᠠᠷᠠᠳ ᠤᠨ ᠬᠡᠷᠡᠭᠴᠡᠭᠡ ᠪᠠᠷ ᠤᠳᠤᠷᠢᠳᠤᠮᠵᠢ ᠪᠣᠯᠭᠠᠵᠤ᠂ ᠠᠷᠠᠳ ᠲᠤ ᠠᠰᠢᠭ ᠬᠦᠷᠲᠡᠭᠡᠬᠦ | ᠡᠯ᠎ᠡ ᠵᠦᠢᠯ ᠤᠨ ᠲᠥᠷᠥ ᠶᠢᠨ ᠪᠣᠳᠣᠯᠭ᠎ᠠ ᠶᠢ ᠦᠨᠡᠨ ᠬᠦ ᠣᠯᠠᠨ ᠲᠦᠮᠡᠨ ᠤ ᠪᠡᠶ᠎ᠡ ᠳᠡᠭᠡᠷ᠎ᠡ ᠨᠠᠶᠢᠳᠠᠪᠤᠷᠢᠵᠢᠭᠤᠯᠵᠤ᠂ | ᠣᠯᠠᠨ ᠲᠦᠮᠡᠨ ᠳᠤ ᠲᠠᠭᠠᠰᠢᠶᠠᠭᠳᠠᠭᠰᠠᠨ ᠨᠢᠭᠡᠨ ᠦᠢᠯᠡᠴᠢᠯᠡᠭᠡᠨ ᠤ ᠬᠡᠯᠪᠡᠷᠢ ᠶᠢᠨ ᠨᠡᠶᠢᠭᠡᠮ ᠲᠣᠭᠤᠷᠢᠭ ᠢ ᠴᠢᠷᠮᠠᠶᠢᠨ | ᠪᠠᠶᠢᠭᠤᠯᠤᠨ᠎ᠠ᠃ | | ᠣᠷᠴᠢᠭᠤᠯᠤᠭᠴᠢ᠄ ᠳ᠋ᠥᠩ ᠾᠦᠢ | | |