︽ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ ᠪᠦᠭᠦ ᠤᠯᠤᠰ ᠤᠨ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠲᠦᠷᠦ ᠶᠢᠨ ᠶᠠᠪᠤᠳᠠᠯ ᠤᠨ | ᠬᠤᠷᠢᠶ᠎ᠠ ᠪᠦᠭᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠠᠷᠠᠳ ᠤᠨ ᠳᠡᠭᠡᠳᠦ ᠰᠢᠭᠦᠬᠦ ᠬᠤᠷᠢᠶ᠎ᠠ | ᠠᠷᠠᠳ ᠤᠨ ᠳᠡᠭᠡᠳᠦ ᠪᠠᠶᠢᠴᠠᠭᠠᠬᠤ ᠬᠤᠷᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠠᠵᠢᠯ ᠤᠨ ᠬᠠᠷᠢᠭᠤ | ᠮᠡᠳᠡᠭᠦᠯᠦᠯᠲᠡ ᠪᠠ ᠲᠥᠪ ᠤᠨ ᠱᠦᠵᠢ ᠨᠠᠷ ᠤᠨ ᠭᠠᠵᠠᠷ ᠤᠨ ᠠᠵᠢᠯ ᠤᠨ ᠮᠡᠳᠡᠭᠦᠯᠦᠯᠲᠡ ᠶᠢ ᠰᠣᠨᠣᠰᠴᠤ | ᠰᠤᠳᠤᠯᠤᠭᠰᠠᠨ ᠶᠡᠷᠦᠩᠬᠡᠢ ᠪᠠᠶᠢᠳᠠᠯ ᠤᠨ ᠮᠡᠳᠡᠭᠦᠯᠦᠯᠲᠡ︾ ︽ᠬᠠᠳᠤᠨ ᠭᠤᠣᠯ ᠤᠨ ᠰᠠᠪᠠ ᠭᠠᠵᠠᠷ ᠤᠨ | ᠠᠮᠢ ᠠᠬᠤᠢ ᠶᠢᠨ ᠬᠠᠮᠠᠭᠠᠯᠠᠯᠲᠠ ᠪᠠ ᠴᠢᠨᠠᠷ ᠰᠠᠶᠢᠲᠠᠢ ᠬᠥᠭᠵᠢᠯᠲᠡ ᠶᠢ ᠪᠦᠭᠦ ᠲᠠᠯ᠎ᠠ ᠪᠠᠷ ᠠᠬᠢᠭᠤᠯᠬᠤ ᠲᠤᠬᠠᠢ ᠰᠠᠨᠠᠯ︾ | ᠢ ᠬᠢᠨᠠᠨ ᠵᠥᠪᠯᠡᠵᠡᠢ | ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ ᠰᠢ ᠶᠢᠨ ᠫᠢᠩ ᠬᠤᠷᠠᠯ ᠢ ᠡᠷᠭᠢᠯᠡᠵᠡᠢ | ᠰᠢᠨᠬᠤᠸᠠ ᠬᠤᠷᠢᠶ᠎ᠠ ᠶᠢᠨ ᠪᠡᠭᠡᠵᠢᠩ ᠤᠨ 1 ᠰᠠᠷ᠎ᠠ ᠶᠢᠨ 20 ᠤ ᠴᠠᠭᠢᠯᠭᠠᠨ ᠮᠡᠳᠡᠭᠡ ᠳᠤᠮᠳᠠᠳᠤ ᠤᠯᠤᠰ ᠤᠨ ᠡᠪ | ᠬᠠᠮᠲᠤ ᠨᠠᠮ ᠤᠨ ᠲᠥᠪ ᠬᠤᠷᠢᠶ᠎ᠠ ᠶᠢᠨ ᠤᠯᠤᠰ ᠲᠥᠷᠥ ᠶᠢᠨ ᠲᠣᠪᠴᠢᠶ᠎ᠠ 1 ᠰᠠᠷ᠎ᠠ ᠶᠢᠨ 20 ᠤ ᠡᠳᠦᠷ ᠬᠤᠷᠠᠯ ᠬᠤᠷᠠᠯᠳᠤᠭᠤᠯᠵᠤ᠂ | ︽ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ ᠪᠦᠭᠦ ᠤᠯᠤᠰ ᠤᠨ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶ᠎ᠠ᠂ | ᠪᠦᠭᠦ ᠤᠯᠤᠰ ᠤᠨ ᠤᠯᠤᠰ ᠲᠦᠷᠦ ᠶᠢᠨ ᠵᠥᠪᠯᠡᠯᠭᠡᠨ᠂ ᠠᠷᠠᠳ ᠤᠨ ᠳᠡᠭᠡᠳᠦ ᠰᠢᠭᠦᠬᠦ ᠬᠤᠷᠢᠶ᠎ᠠ᠂ ᠠᠷᠠᠳ ᠤᠨ ᠳᠡᠭᠡᠳᠦ | ᠪᠠᠶᠢᠴᠠᠭᠠᠬᠤ ᠬᠤᠷᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠠᠵᠢᠯ ᠤᠨ ᠬᠠᠷᠢᠭᠤ | ᠮᠡᠳᠡᠭᠦᠯᠦᠯᠲᠡ ᠪᠠ ᠲᠥᠪ ᠤᠨ ᠱᠦᠵᠢ ᠨᠠᠷ ᠤᠨ ᠭᠠᠵᠠᠷ ᠤᠨ ᠠᠵᠢᠯ ᠤᠨ ᠮᠡᠳᠡᠭᠦᠯᠦᠯᠲᠡ ᠶᠢ ᠰᠣᠨᠣᠰᠴᠤ | ᠰᠤᠳᠤᠯᠤᠭᠰᠠᠨ ᠶᠡᠷᠦᠩᠬᠡᠢ ᠪᠠᠶᠢᠳᠠᠯ ᠤᠨ ᠮᠡᠳᠡᠭᠦᠯᠦᠯᠲᠡ︾᠂ ︽ᠬᠠᠳᠤᠨ ᠭᠤᠣᠯ ᠤᠨ ᠰᠠᠪᠠ ᠭᠠᠵᠠᠷ ᠤᠨ | ᠠᠮᠢ ᠠᠬᠤᠢ ᠶᠢᠨ ᠬᠠᠮᠠᠭᠠᠯᠠᠯᠲᠠ ᠪᠠ ᠴᠢᠨᠠᠷ ᠰᠠᠶᠢᠲᠠᠢ ᠬᠥᠭᠵᠢᠯᠲᠡ ᠶᠢ ᠪᠦᠭᠦ ᠲᠠᠯ᠎ᠠ ᠪᠠᠷ ᠠᠬᠢᠭᠤᠯᠬᠤ ᠲᠤᠬᠠᠢ ᠰᠠᠨᠠᠯ︾ | ᠢ ᠬᠢᠨᠠᠨ ᠵᠥᠪᠯᠡᠵᠡᠢ᠃ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ ᠰᠢ ᠶᠢᠨ | ᠫᠢᠩ ᠬᠤᠷᠠᠯ ᠢ ᠡᠷᠭᠢᠯᠡᠪᠡ᠃ | ᠬᠤᠷᠠᠯ ᠠᠴᠠ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ | ᠲᠦᠷᠦ ᠶᠢᠨ ᠶᠠᠪᠤᠳᠠᠯ ᠤᠨ ᠬᠤᠷᠢᠶ᠎ᠠ᠂ ᠪᠦᠭᠦ ᠤᠯᠤᠰ ᠤᠨ ᠤᠯᠤᠰ ᠲᠦᠷᠦ ᠶᠢᠨ ᠵᠥᠪᠯᠡᠯᠭᠡᠨ᠂ ᠠᠷᠠᠳ ᠤᠨ | ᠳᠡᠭᠡᠳᠦ ᠰᠢᠭᠦᠬᠦ ᠬᠤᠷᠢᠶ᠎ᠠ᠂ ᠠᠷᠠᠳ ᠤᠨ ᠳᠡᠭᠡᠳᠦ ᠪᠠᠶᠢᠴᠠᠭᠠᠬᠤ ᠬᠤᠷᠢᠶ᠎ᠠ ᠶᠢᠨ ᠨᠠᠮ ᠤᠨ ᠤᠳᠤᠷᠢᠳᠬᠤ | ᠳᠤᠭᠤᠶᠢᠯᠠᠩ ᠪᠣᠯᠣᠨ ᠲᠥᠪ ᠤᠨ ᠱᠦᠵᠢ ᠨᠠᠷ ᠤᠨ ᠭᠠᠵᠠᠷ ᠤᠨ 2024 ᠣᠨ ᠤ ᠠᠵᠢᠯ ᠢ ᠭᠦᠢᠴᠡᠳ ᠨᠤᠲᠠᠯᠠᠵᠤ᠂ | 2025 ᠣᠨ ᠤ ᠠᠵᠢᠯ ᠤᠨ ᠲᠣᠬᠢᠷᠠᠭᠤᠯᠤᠯᠲᠠ ᠶᠢ ᠨᠢ ᠵᠥᠪᠰᠢᠶᠡᠷᠡᠪᠡ᠃ ᠬᠤᠷᠠᠯ ᠠᠴᠠ᠂ ᠥᠩᠭᠡᠷᠡᠭᠰᠡᠨ ᠨᠢᠭᠡ ᠵᠢᠯ ᠳᠤ᠂ 5 | ᠨᠠᠮ ᠤᠨ ᠤᠳᠤᠷᠢᠳᠬᠤ ᠳᠤᠭᠤᠶᠢᠯᠠᠩ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ | ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠤᠯᠭᠠᠬᠤ ᠶᠢ ᠪᠠᠷᠢᠮᠲᠠᠯᠠᠵᠤ᠂ | ᠨᠠᠮ ᠤᠨ ᠲᠥᠪ ᠬᠤᠷᠢᠶ᠎ᠠ ᠶᠢᠨ ᠡᠷᠬᠡ ᠰᠦᠷ ᠪᠣᠯᠣᠨ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ ᠡᠷᠡᠰ ᠬᠠᠮᠠᠭᠠᠯᠠᠵᠤ᠂ | ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠳᠬᠠᠵᠤ᠂ ᠲᠤᠰᠢᠶᠠᠯ ᠬᠠᠷᠢᠭᠤᠴᠠᠯᠭ᠎ᠠ ᠪᠠᠨ ᠯᠠᠪᠳᠠᠭᠤᠨ ᠪᠠᠲᠤᠲᠠᠢ ᠭᠦᠢᠴᠡᠳᠬᠡᠵᠦ᠂ | ᠨᠠᠮ ᠤᠨ ᠤᠳᠤᠷᠢᠳᠬᠤ ᠳᠤᠭᠤᠶᠢᠯᠠᠩ ᠤᠨ ᠲᠤᠰ ᠪᠡᠶ᠎ᠡ ᠶᠢᠨ ᠪᠠᠶᠢᠭᠤᠯᠤᠯᠲᠠ ᠪᠠᠨ ᠴᠢᠩᠭᠠᠳᠬᠠᠵᠤ᠂ ᠪᠦᠭᠦ | ᠲᠠᠯ᠎ᠠ ᠪᠠᠷ ᠨᠠᠮ ᠢ ᠴᠢᠩᠭ᠎ᠠ ᠵᠠᠰᠠᠬᠤ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠭᠦᠢᠴᠡᠳᠬᠡᠵᠦ᠂ | ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ | ᠰᠡᠷᠭᠦᠨ ᠮᠠᠨᠳᠤᠯᠲᠠ ᠶᠢᠨ ᠠᠭᠤᠤ ᠦᠢᠯᠡᠰ ᠢ ᠪᠦᠭᠦ ᠲᠠᠯ᠎ᠠ ᠪᠠᠷ ᠠᠬᠢᠭᠤᠯᠬᠤ ᠳᠤ ᠰᠢᠨ᠎ᠡ ᠬᠤᠪᠢ ᠨᠡᠮᠡᠷᠢ ᠦᠵᠡᠭᠦᠯᠪᠡ᠃ ᠲᠥᠪ ᠤᠨ | ᠱᠦᠵᠢ ᠨᠠᠷ ᠤᠨ ᠭᠠᠵᠠᠷ ᠨᠢ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ᠂ ᠨᠠᠮ ᠤᠨ ᠲᠥᠪ ᠬᠤᠷᠢᠶ᠎ᠠ ᠶᠢᠨ | ᠤᠯᠤᠰ ᠲᠦᠷᠦ ᠶᠢᠨ ᠲᠣᠪᠴᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ ᠤᠳᠤᠷᠢᠳᠤᠯᠭ᠎ᠠ ᠳᠣᠣᠷ᠎ᠠ᠂ ᠲᠤᠰᠢᠶᠠᠯ | ᠬᠠᠷᠢᠭᠤᠴᠠᠯᠭ᠎ᠠ ᠪᠠᠨ ᠭᠦᠢᠴᠡᠳᠬᠡᠨ᠂ ᠢᠳᠡᠪᠬᠢᠲᠡᠢ ᠠᠵᠢᠯᠯᠠᠵᠤ᠂ ᠨᠠᠮ ᠤᠨ ᠲᠥᠪ | ᠬᠤᠷᠢᠶ᠎ᠠ ᠶᠢᠨ ᠬᠤᠯᠪᠣᠭᠳᠠᠯ ᠪᠦᠬᠦᠢ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ | ᠨᠠᠶᠢᠳᠠᠪᠤᠷᠢᠵᠢᠭᠤᠯᠬᠤ ᠶᠢ ᠠᠬᠢᠭᠤᠯᠬᠤ᠂ ᠨᠠᠮ ᠤᠨ ᠳᠣᠲᠣᠭᠠᠳᠤ ᠶᠢᠨ ᠬᠠᠤᠯᠢ | ᠲᠣᠭᠲᠠᠭᠠᠯ ᠤᠨ ᠪᠠᠶᠢᠭᠤᠯᠤᠯᠲᠠ ᠶᠢ ᠴᠢᠩᠭᠠᠳᠬᠠᠬᠤ᠂ ᠤᠯᠠᠨ ᠲᠦᠮᠡᠨᠴᠢ ᠪᠦᠯᠭᠦᠮ ᠤᠨ ᠵᠣᠬᠢᠶᠠᠨ | ᠪᠠᠶᠢᠭᠤᠯᠤᠯᠲᠠ ᠶᠢᠨ ᠴᠣᠭᠴᠠᠯᠠᠯᠲᠠ ᠪᠠ ᠥᠭᠡᠷᠡᠴᠢᠯᠡᠯᠲᠡ ᠶᠢ ᠵᠢᠯᠤᠭᠤᠳᠬᠤ᠂ ᠬᠡᠯᠪᠡᠷᠢᠴᠢ | ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠵᠡᠷᠭᠡ ᠲᠠᠯ᠎ᠠ ᠪᠠᠷ ᠶᠡᠭᠡ | ᠬᠡᠮᠵᠢᠶᠡᠨ ᠤ ᠠᠵᠢᠯ ᠬᠢᠵᠡᠢ ᠭᠡᠵᠦ ᠦᠵᠡᠪᠡ᠃ | ᠬᠤᠷᠠᠯ ᠠᠴᠠ᠂ ᠰᠢᠨ᠎ᠡ ᠨᠢᠭᠡ ᠵᠢᠯ ᠳᠤ᠂ 5 ᠨᠠᠮ ᠤᠨ ᠤᠳᠤᠷᠢᠳᠬᠤ ᠳᠤᠭᠤᠶᠢᠯᠠᠩ ᠤᠨ ᠬᠢᠨ ᠰᠢ ᠶᠢᠨ ᠫᠢᠩ ᠤᠨ ᠰᠢᠨ᠎ᠡ | ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠤᠯᠭᠠᠵᠤ᠂ | ᠨᠠᠮ ᠤᠨ ᠲᠥᠪ ᠬᠤᠷᠢᠶ᠎ᠠ ᠶᠢᠨ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠭᠡᠬᠦ ᠡᠨᠡ ᠬᠦ ᠬᠠᠮᠤᠭ ᠤᠨ ᠳᠡᠭᠡᠳᠦ ᠤᠯᠤᠰ | ᠲᠥᠷᠥ ᠶᠢᠨ ᠵᠠᠷᠴᠢᠮ ᠢ ᠪᠠᠷᠢᠮᠲᠠᠯᠠᠵᠤ᠂ ᠦᠵᠡᠯ ᠰᠠᠨᠠᠭ᠎ᠠ ᠪᠠᠨ ᠨᠢᠭᠡᠳᠬᠡᠬᠦ᠂ ᠴᠢᠭᠯᠡᠯ ᠢᠶᠠᠨ ᠨᠢᠭᠡᠳᠬᠡᠬᠦ᠂ | ᠵᠠᠷᠯᠢᠭ ᠴᠠᠭᠠᠵᠠ ᠶᠢ ᠳᠠᠭᠠᠬᠤ ᠶᠢ ᠦᠨᠡᠨ ᠬᠦ ᠪᠠᠲᠤᠯᠠᠬᠤ ᠬᠡᠷᠡᠭᠲᠡᠢ᠃ ᠵᠥᠪ ᠠᠵᠢᠯ ᠤᠨ ᠠᠮᠵᠢᠯᠲᠠ ᠪᠦᠲᠦᠮᠵᠢ ᠶᠢᠨ | ᠦᠵᠡᠯᠲᠡ ᠶᠢ ᠪᠤᠢ ᠪᠣᠯᠭᠠᠨ ᠦᠢᠯᠡᠳᠦᠯᠭᠡᠵᠢᠭᠦᠯᠵᠦ᠂ ᠠᠵᠢᠯ ᠬᠢᠬᠦ ᠶᠢ ᠲᠡᠷᠢᠭᠦᠨ ᠳᠤ ᠲᠠᠯᠪᠢᠬᠤ ᠶᠢ ᠪᠠᠷᠢᠮᠲᠠᠯᠠᠵᠤ᠂ | ᠡᠷᠡᠮᠡᠬᠡᠶᠢᠯᠡᠨ ᠤᠷᠤᠭᠰᠢᠯᠠᠵᠤ᠂ ᠴᠢᠳᠠᠮᠠᠭᠠᠢ ᠬᠢᠵᠦ ᠴᠢᠳᠠᠮᠠᠭᠠᠢ ᠠᠵᠢᠯᠯᠠᠵᠤ᠂ ᠬᠦᠴᠦ ᠪᠠᠨ ᠬᠠᠮᠲᠤᠳᠬᠠᠨ ᠥᠭᠡᠷᠡᠴᠢᠯᠡᠯᠲᠡ ᠶᠢᠨ | ᠪᠣᠭᠤᠮᠲᠠ ᠰᠢᠪᠲᠤᠯᠬᠤ ᠶᠢ ᠠᠬᠢᠭᠤᠯᠵᠤ᠂ ᠴᠢᠨᠠᠷ ᠰᠠᠶᠢᠲᠠᠢ ᠬᠥᠭᠵᠢᠯᠲᠡ ᠶᠢ ᠯᠠᠪᠳᠠᠭᠤᠨ ᠪᠠᠲᠤᠲᠠᠢ ᠠᠬᠢᠭᠤᠯᠵᠤ᠂ | ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠪᠦᠭᠦ ᠲᠠᠯ᠎ᠠ ᠪᠠᠷ ᠠᠬᠢᠭᠤᠯᠬᠤ ᠰᠢᠨ᠎ᠡ ᠠᠶᠠᠨ ᠳᠤ | ᠰᠢᠨ᠎ᠡ ᠬᠠᠷᠢᠭᠤᠴᠠᠯᠭ᠎ᠠ ᠡᠭᠦᠷᠭᠡᠯᠡᠯ ᠰᠢᠨ᠎ᠡ ᠵᠢᠳᠬᠦᠯ ᠴᠢᠷᠮᠠᠶᠢᠯᠭ᠎ᠠ ᠭᠠᠷᠭᠠᠬᠤ ᠬᠡᠷᠡᠭᠲᠡᠢ᠃ ᠲᠥᠪ ᠤᠨ ᠱᠦᠵᠢ | ᠨᠠᠷ ᠤᠨ ᠭᠠᠵᠠᠷ ᠲᠤᠰ ᠪᠡᠶ᠎ᠡ ᠶᠢᠨ ᠡᠭᠦᠷᠭᠡ ᠬᠠᠷᠢᠭᠤᠴᠠᠯᠭ᠎ᠠ ᠳᠠᠭᠠᠨ ᠰᠠᠭᠤᠷᠢᠯᠠᠵᠤ᠂ ᠤᠯᠤᠰ ᠲᠦᠷᠦ ᠶᠢᠨ | ᠴᠢᠳᠠᠪᠤᠷᠢ ᠪᠠᠨ ᠴᠢᠩᠭᠠᠳᠬᠠᠵᠤ᠂ ᠭᠤᠣᠯᠳᠠᠯᠭ᠎ᠠ ᠲᠠᠢ ᠠᠵᠢᠯ ᠤᠨ ᠨᠠᠶᠢᠳᠠᠪᠤᠷᠢᠵᠢᠭᠤᠯᠤᠯᠲᠠ ᠶᠢ | ᠰᠠᠶᠢᠲᠤᠷ ᠠᠳᠬᠤᠵᠤ᠂ ᠲᠤᠰ ᠪᠡᠶ᠎ᠡ ᠶᠢᠨ ᠪᠠᠶᠢᠭᠤᠯᠤᠯᠲᠠ ᠪᠠᠨ ᠴᠢᠩᠭᠠᠳᠬᠠᠵᠤ᠂ ᠨᠠᠮ ᠤᠨ ᠲᠥᠪ ᠬᠤᠷᠢᠶ᠎ᠠ ᠶᠢᠨ | ᠲᠤᠰᠢᠶᠠᠭᠰᠠᠨ ᠡᠯ᠎ᠡ ᠵᠦᠢᠯ ᠤᠨ ᠡᠭᠦᠷᠭᠡ ᠶᠢ ᠴᠢᠨᠠᠷ ᠰᠠᠶᠢᠲᠠᠢ ᠪᠡᠶᠡᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃ | | ᠬᠤᠷᠠᠯ ᠠᠴᠠ᠂ ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠣᠯᠣᠨ ᠴᠢᠨᠠᠷ ᠰᠠᠶᠢᠲᠠᠢ | ᠬᠥᠭᠵᠢᠯᠲᠡ ᠪᠣᠯ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠪᠣᠯᠣᠨ ᠥᠨᠢᠳᠡ ᠶᠢᠨ | ᠬᠥᠭᠵᠢᠯᠲᠡ ᠲᠠᠢ ᠬᠤᠯᠪᠣᠭᠳᠠᠬᠤ ᠮᠢᠩᠭᠠᠨ ᠣᠨ ᠤ ᠠᠤᠭ᠎ᠠ ᠪᠣᠳᠣᠯᠭ᠎ᠠ ᠮᠥᠨ᠂ ᠨᠠᠮ ᠤᠨ ᠲᠥᠪ | ᠬᠤᠷᠢᠶ᠎ᠠ ᠶᠢᠨ ᠪᠠᠶᠢᠯᠳᠤᠬᠤ ᠪᠣᠳᠣᠯᠭ᠎ᠠ ᠶᠢᠨ ᠵᠣᠷᠢᠯᠲᠠ ᠶᠢ ᠭᠦᠨᠵᠡᠭᠡᠢ ᠣᠶᠢᠯᠠᠭᠠᠵᠤ᠂ ᠬᠠᠮᠠᠭᠠᠯᠠᠬᠤ ᠶᠢ ᠴᠢᠬᠤᠯᠠᠴᠢᠯᠠᠬᠤ᠂ | ᠵᠠᠰᠠᠯᠲᠠ ᠪᠠᠷ ᠭᠤᠣᠯᠳᠠᠯᠭ᠎ᠠ ᠪᠤᠯᠭᠠᠬᠤ ᠪᠠᠶᠢᠯᠳᠤᠬᠤ ᠪᠣᠳᠣᠯᠭ᠎ᠠ ᠶᠢᠨ ᠱᠠᠭᠠᠷᠳᠠᠯᠭ᠎ᠠ ᠶᠢ ᠪᠠᠲᠤ ᠡᠵᠡᠮᠳᠡᠵᠦ᠂ ᠥᠭᠡᠷᠡᠴᠢᠯᠡᠯᠲᠡ ᠶᠢ | ᠤᠯᠠᠮ ᠨᠢᠭᠡ ᠠᠯᠬᠤᠮ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠪᠠᠷ ᠬᠥᠳᠡᠯᠭᠡᠬᠦ ᠬᠦᠴᠦᠨ ᠪᠤᠯᠭᠠᠵᠤ᠂ ᠬᠠᠲᠤᠨ ᠭᠤᠣᠯ ᠤᠨ | ᠬᠠᠮᠠᠭᠠᠯᠠᠯᠲᠠ ᠶᠢᠨ ᠬᠠᠤᠯᠢ ᠶᠢ ᠪᠦᠭᠦ ᠲᠠᠯ᠎ᠠ ᠪᠠᠷ ᠬᠡᠷᠡᠭᠵᠢᠭᠦᠯᠬᠦ ᠶᠢ ᠠᠬᠢᠭᠤᠯᠵᠤ᠂ | ᠪᠠᠶᠢᠭᠠᠯᠢ ᠶᠢᠨ ᠵᠢᠮ᠎ᠡ ᠶᠣᠰᠣ ᠶᠢ ᠭᠦᠨᠳᠦᠳᠭᠡᠵᠦ᠂ ᠤᠰᠤ ᠬᠢᠭᠡᠳ ᠬᠥᠮᠥᠨ ᠠᠮᠠ᠂ ᠠᠮᠤ ᠪᠤᠳᠠᠭ᠎ᠠ᠂ | ᠡᠨᠧᠷᠭᠢ ᠶᠢᠨ ᠬᠠᠷᠢᠴᠠᠭ᠎ᠠ ᠶᠢ ᠭᠤᠣᠯᠳᠠᠯᠭ᠎ᠠ ᠲᠠᠢ ᠰᠠᠶᠢᠲᠤᠷ ᠰᠢᠢᠳᠪᠦᠷᠢᠯᠡᠵᠦ᠂ ᠬᠥᠭᠵᠢᠯᠲᠡ ᠶᠢᠨ ᠭᠡᠯᠪᠡᠷᠢ ᠶᠢ ᠪᠦᠭᠦ ᠲᠠᠯ᠎ᠠ ᠪᠠᠷ | ᠪᠣᠬᠢᠷᠳᠤᠯ ᠦᠭᠡᠢ ᠲᠡᠶᠢᠰᠢ ᠭᠡᠯᠪᠡᠷᠢ ᠪᠠᠨ ᠬᠤᠪᠢᠷᠠᠭᠤᠯᠬᠤ ᠶᠢ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃ | | ᠬᠤᠷᠠᠯ ᠠᠴᠠ᠂ ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠶᠡᠭᠡ ᠬᠠᠮᠠᠭᠠᠯᠠᠯᠲᠠ ᠶᠡᠭᠡ ᠬᠠᠮᠵᠢᠯᠴᠠᠭ᠎ᠠ ᠶᠢᠨ | ᠪᠠᠶᠢᠷᠢᠰᠢᠯ ᠢ ᠦᠷᠭᠦᠯᠵᠢᠯᠡᠨ ᠲᠡᠭᠦᠯᠳᠡᠷᠵᠢᠭᠦᠯᠵᠦ᠂ ᠳᠡᠭᠡᠷ᠎ᠡ ᠤᠷᠤᠰᠬᠠᠯ ᠤᠨ ᠤᠰᠤᠨ ᠤ ᠡᠬᠢ | ᠰᠤᠷᠪᠤᠯᠵᠢ ᠶᠢ ᠬᠠᠳᠠᠭᠠᠯᠠᠬᠤ ᠠᠷᠴᠢᠯᠠᠬᠤ ᠴᠢᠳᠠᠪᠤᠷᠢ ᠶᠢ ᠰᠢᠰᠲ᠋ᠧᠮ ᠲᠠᠢ ᠳᠡᠭᠡᠭᠰᠢᠯᠡᠭᠦᠯᠵᠦ᠂ ᠳᠤᠮᠳᠠ | ᠤᠷᠤᠰᠬᠠᠯ ᠤᠨ ᠬᠥᠷᠥᠰᠥ ᠰᠢᠷᠣᠢ ᠶᠢᠨ ᠬᠠᠮᠠᠭᠠᠯᠠᠯᠲᠠ ᠶᠢ ᠴᠢᠩᠭᠠᠳᠬᠠᠵᠤ᠂ ᠳᠣᠣᠷ᠎ᠠ ᠤᠷᠤᠰᠬᠠᠯ ᠤᠨ ᠨᠤᠭᠤ | ᠭᠠᠵᠠᠷ ᠤᠨ ᠬᠠᠮᠠᠭᠠᠯᠠᠯᠲᠠ ᠪᠠ ᠠᠮᠢ ᠠᠬᠤᠢ ᠶᠢᠨ ᠵᠠᠰᠠᠯᠲᠠ ᠶᠢ ᠠᠬᠢᠭᠤᠯᠬᠤ ᠬᠡᠷᠡᠭᠲᠡᠢ᠃ ᠤᠰᠤᠨ ᠤ ᠡᠬᠢ ᠪᠠᠶᠠᠯᠢᠭ ᠢ ᠬᠠᠮᠤᠭ ᠤᠨ | ᠴᠢᠩᠭ᠎ᠠ ᠬᠢᠵᠠᠭᠠᠷᠯᠠᠯ ᠪᠤᠯᠭᠠᠵᠤ᠂ ᠤᠰᠤ ᠠᠷᠪᠢᠯᠠᠬᠤ ᠳᠠᠯᠳᠠ ᠬᠦᠴᠦᠨ ᠢ ᠭᠦᠨ ᠠᠭᠤᠳᠠᠯᠬᠤ ᠬᠡᠷᠡᠭᠲᠡᠢ᠃ ᠬᠠᠲᠤᠨ | ᠭᠤᠣᠯ ᠤᠨ ᠡᠭᠦᠷᠢᠳᠡ ᠨᠣᠮᠣᠬᠠᠨ ᠳᠥᠯᠭᠡᠨ ᠪᠠᠶᠢᠬᠤ ᠶᠢ ᠥᠴᠥᠬᠡᠨ ᠴᠦ ᠰᠤᠯᠠᠷᠠᠭᠤᠯᠤᠯ ᠦᠭᠡᠢ ᠪᠠᠲᠤᠯᠠᠵᠤ᠂ | ᠴᠢᠬᠤᠯᠠ ᠬᠠᠰᠢᠯᠭ᠎ᠠ ᠴᠥᠭᠦᠷᠥᠮ ᠪᠣᠯᠣᠨ ᠰᠠᠭᠤᠷᠢ ᠲᠥᠬᠦᠭᠡᠷᠦᠮᠵᠢ ᠶᠢᠨ ᠠᠮᠤᠷ ᠲᠦᠪᠰᠢᠨ ᠢ ᠪᠠᠲᠤᠯᠠᠬᠤ ᠬᠡᠷᠡᠭᠲᠡᠢ᠃ | ᠥᠭᠡᠷᠡᠴᠢᠯᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠵᠦ ᠨᠡᠭᠡᠭᠡᠯᠲᠡ ᠶᠢ ᠥᠷᠭᠡᠳᠬᠡᠵᠦ᠂ ᠪᠠᠷᠠᠭᠤᠨ ᠣᠷᠣᠨ ᠢ ᠶᠡᠭᠡ ᠪᠠᠷ ᠨᠡᠭᠡᠭᠡᠨ | ᠬᠥᠭᠵᠢᠭᠦᠯᠬᠦ᠂ ᠳᠤᠮᠳᠠ ᠣᠷᠣᠨ ᠢ ᠬᠥᠭᠵᠢᠭᠦᠯᠦᠨ ᠮᠠᠨᠳᠤᠭᠤᠯᠬᠤ ᠵᠡᠷᠭᠡ ᠣᠷᠣᠨ ᠪᠦᠰᠡ ᠶᠢᠨ ᠪᠠᠶᠢᠯᠳᠤᠬᠤ ᠪᠣᠳᠣᠯᠭ᠎ᠠ ᠶᠢᠨ | ᠵᠣᠯᠭᠠᠯᠴᠠᠭ᠎ᠠ ᠶᠢ ᠴᠢᠩᠭᠠᠳᠬᠠᠵᠤ᠂ ᠴᠢᠨᠠᠷ ᠰᠠᠶᠢᠲᠠᠢ ᠬᠥᠭᠵᠢᠯᠲᠡ ᠶᠢᠨ ᠲᠠᠯ᠎ᠠ ᠪᠠᠷ | ᠲᠠᠰᠤᠷᠠᠯᠳᠠ ᠦᠭᠡᠢ ᠰᠢᠨ᠎ᠡ ᠦᠷ᠎ᠡ ᠪᠦᠲᠦᠮᠵᠢ ᠣᠯᠬᠤ ᠬᠡᠷᠡᠭᠲᠡᠢ᠃ ᠬᠠᠲᠤᠨ ᠭᠤᠣᠯ ᠤᠨ ᠰᠣᠶᠣᠯ ᠢ | ᠬᠠᠮᠠᠭᠠᠯᠠᠨ ᠤᠯᠠᠮᠵᠢᠯᠠᠨ ᠪᠠᠳᠠᠷᠠᠭᠤᠯᠵᠤ᠂ ᠰᠣᠶᠣᠯ ᠤᠨ ᠥᠪ ᠤᠨ ᠪᠦᠬᠦᠯᠢ ᠴᠣᠭᠴᠠ ᠶᠢᠨ ᠴᠢᠨᠠᠷᠲᠠᠢ | ᠰᠢᠰᠲ᠋ᠧᠮᠲᠦ ᠴᠢᠨᠠᠷᠲᠠᠢ ᠬᠠᠮᠠᠭᠠᠯᠠᠯᠲᠠ ᠶᠢ ᠴᠢᠩᠭᠠᠳᠬᠠᠵᠤ᠂ ᠲᠡᠦᠬᠡ ᠰᠣᠶᠣᠯ ᠤᠨ ᠭᠤᠯᠣᠮᠲᠠ ᠪᠣᠯᠣᠨ | ᠦᠨᠳᠦᠰᠦᠲᠡᠨ ᠤ ᠤᠭ ᠢᠵᠠᠭᠤᠷ ᠢ ᠤᠯᠠᠮᠵᠢᠯᠠᠨ ᠵᠠᠯᠭᠠᠮᠵᠢᠯᠠᠵᠤ᠂ ᠰᠣᠶᠣᠯ ᠪᠣᠯᠣᠨ ᠵᠢᠭᠤᠯᠴᠢᠯᠠᠯ ᠤᠨ | ᠠᠭᠤᠰᠤᠯᠴᠠᠨ ᠬᠥᠭᠵᠢᠬᠦ ᠶᠢ ᠠᠬᠢᠭᠤᠯᠬᠤ ᠬᠡᠷᠡᠭᠲᠡᠢ᠃ ᠲᠥᠪ ᠤᠨ ᠣᠷᠣᠨ ᠪᠦᠰᠡ ᠶᠢᠨ ᠵᠣᠬᠢᠴᠠᠩᠭᠤᠢ | ᠬᠥᠭᠵᠢᠯᠲᠡ ᠶᠢᠨ ᠤᠳᠤᠷᠢᠳᠬᠤ ᠳᠤᠭᠤᠶᠢᠯᠠᠩ ᠤᠨ ᠬᠢᠨ ᠨᠢᠭᠡᠳᠦᠯᠲᠡᠢ ᠲᠥᠯᠥᠪᠵᠢᠭᠦᠯᠦᠨ | ᠵᠣᠬᠢᠴᠠᠭᠤᠯᠬᠤ ᠪᠠ ᠱᠠᠯᠠᠪᠳᠠᠭᠤᠯᠤᠨ ᠵᠢᠯᠤᠭᠤᠳᠬᠤ ᠪᠠᠨ ᠴᠢᠩᠭᠠᠳᠬᠠᠵᠤ᠂ ᠲᠥᠪ ᠤᠨ ᠬᠤᠯᠪᠣᠭᠳᠠᠯ | ᠪᠦᠬᠦᠢ ᠰᠠᠯᠠᠭ᠎ᠠ ᠮᠥᠴᠢᠷ ᠤᠨ ᠬᠢᠨ ᠳᠡᠮᠵᠢᠬᠦ ᠡᠷᠴᠢᠮ ᠢᠶᠠᠨ ᠴᠢᠩᠭᠠᠷᠠᠭᠤᠯᠵᠤ᠂ ᠬᠠᠲᠤᠨ ᠭᠤᠣᠯ ᠳᠠᠭᠠᠤ ᠶᠢᠨ ᠮᠤᠵᠢ | ᠣᠷᠣᠨ ᠤ ᠡᠯ᠎ᠡ ᠱᠠᠲᠤᠨ ᠤ ᠨᠠᠮ ᠤᠨ ᠬᠤᠷᠢᠶ᠎ᠠ ᠪᠣᠯᠣᠨ ᠵᠠᠰᠠᠭ ᠤᠨ ᠣᠷᠳᠣᠨ ᠭᠤᠣᠯ ᠴᠣᠭᠴᠠ ᠶᠢᠨ | ᠬᠠᠷᠢᠭᠤᠴᠠᠯᠭ᠎ᠠ ᠪᠠᠨ ᠦᠨᠡᠨ ᠬᠦ ᠭᠦᠢᠴᠡᠳᠬᠡᠵᠦ᠂ ᠨᠠᠮ ᠤᠨ ᠲᠥᠪ ᠬᠤᠷᠢᠶ᠎ᠠ ᠶᠢᠨ | ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠡᠷᠡᠰ ᠲᠤᠭᠤᠰᠢᠯᠠᠭᠤᠯᠵᠤ᠂ ᠭᠤᠣᠯᠳᠠᠯᠭ᠎ᠠ ᠲᠠᠢ | ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠯᠠᠪᠳᠠᠭᠤᠨ ᠪᠠᠲᠤᠲᠠᠢ ᠠᠬᠢᠭᠤᠯᠵᠤ᠂ ᠴᠢᠬᠤᠯᠠ ᠶᠡᠭᠡ | ᠥᠭᠡᠷᠡᠴᠢᠯᠡᠯᠲᠡ ᠶᠢᠨ ᠵᠦᠢᠯᠡᠰ ᠢ ᠨᠠᠶᠢᠳᠠᠪᠤᠷᠢᠵᠢᠭᠤᠯᠬᠤ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ | | ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃ | |