ᠵᠢᠨᠢᠩ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ 2025 ᠣᠨ ᠤ ᠨᠢᠭᠡᠳᠦᠭᠡᠷ ᠤᠳᠠᠭᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠵᠢᠴᠢ ᠨᠢᠭᠡᠳᠦᠭᠡᠷ ᠤᠳᠠᠭᠠᠨ ᠤ ᠪᠠᠶᠢᠩᠭᠤ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2025/1/3
     1 ᠰᠠᠷ᠎ᠠ ᠶᠢᠨ 2 ᠤᠨ ᠡᠳᠦᠷ ᠤᠨ ᠦᠳᠡ ᠶᠢᠨ ᠬᠤᠶᠢᠨ᠎ᠠ᠂ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠲᠣᠭᠤᠷᠢᠭ ᠤᠨ ᠳᠠᠷᠤᠭ᠎ᠠ ᠺᠠᠩ ᠬᠠᠶ ᠷᠦᠢ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ 2025 ᠣᠨ ᠤ ᠨᠢᠭᠡᠳᠦᠭᠡᠷ ᠤᠳᠠᠭᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠵᠢᠴᠢ ᠠᠩᠬᠠᠳᠤᠭᠠᠷ ᠤᠳᠠᠭᠠᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃     ᠬᠤᠷᠠᠯ ᠠᠴᠠ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠠᠯᠪᠠᠨ ᠲᠢᠩᠬᠢᠮ᠂ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ︽2025 ᠣᠨ ᠤ ᠰᠢᠨ᠎ᠡ ᠵᠢᠯ ᠴᠠᠭᠠᠨ ᠰᠠᠷ᠎ᠠ ᠶᠢᠨ ᠬᠤᠭᠤᠴᠠᠭᠠᠨ ᠳᠠᠬᠢ ᠬᠤᠯᠪᠣᠭᠳᠠᠯ ᠪᠥᠬᠦᠶ ᠠᠵᠢᠯ ᠢ ᠰᠠᠶᠢᠲᠤᠷ ᠬᠢᠬᠦ ᠲᠤᠬᠠᠶ ᠮᠡᠳᠡᠭᠳᠡᠯ︾ ᠤᠨ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠪᠠ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠥᠰᠦᠪ ᠤᠨ ᠬᠠᠤᠯᠢ︾ ᠶᠢ ᠤᠯᠠᠮᠵᠢᠯᠠᠨ ᠰᠤᠷᠤᠯᠴᠠᠵᠤ᠂ ᠵᠠᠬ᠎ᠠ ᠳᠡᠯᠭᠡᠭᠦᠷ ᠤᠨ ᠬᠠᠩᠭᠠᠯᠭ᠎ᠠ ᠶᠢ ᠪᠠᠲᠤᠯᠠᠬᠤ ᠠᠵᠢᠯ ᠢ ᠰᠠᠶᠢᠲᠤᠷ ᠬᠢᠵᠦ᠂ ᠪᠠᠶᠠᠷ ᠤᠨ ᠡᠳᠦᠷ ᠤᠨ ᠵᠠᠬ᠎ᠠ ᠳᠡᠯᠭᠡᠭᠦᠷ ᠤᠨ ᠬᠡᠷᠡᠭᠴᠡᠭᠡ ᠱᠠᠭᠠᠷᠳᠠᠯᠭ᠎ᠠ ᠵᠢᠴᠢ ᠬᠡᠷᠡᠭᠯᠡᠭᠡᠨ ᠤ ᠣᠨᠴᠠᠯᠢᠭ ᠲᠤ ᠴᠢᠭᠯᠡᠭᠦᠯᠦᠨ᠂ ᠪᠠᠷᠠᠭᠠᠨ ᠤ ᠢᠷᠡᠯᠲᠡ ᠶᠢ ᠢᠳᠡᠪᠬᠢᠲᠡᠶ ᠥᠷᠭᠡᠳᠬᠡᠵᠦ᠂ ᠲᠠᠸᠠᠷ ᠤᠨ ᠲᠥᠷᠥᠯ ᠵᠦᠢᠯ ᠢ ᠪᠠᠶᠠᠯᠢᠭᠵᠢᠭᠤᠯᠵᠤ᠂ ᠣᠯᠠᠨ ᠲᠦᠮᠡᠨ ᠤ ᠢᠳᠡᠭᠡᠨ ᠤ ᠬᠠᠩᠭᠠᠯᠭ᠎ᠠ ᠭᠦᠢᠴᠡᠳ᠂ ᠲᠥᠷᠥᠯ ᠵᠦᠢᠯ ᠪᠠᠶᠠᠯᠢᠭ᠂ ᠶᠠᠰᠤ ᠴᠢᠨᠠᠷ ᠰᠠᠨᠠᠭ᠎ᠠ ᠠᠮᠤᠷ᠂ ᠦᠨ᠎ᠡ ᠬᠠᠩᠰᠢ ᠲᠣᠭᠲᠠᠭᠤᠨ ᠪᠠᠶᠢᠬᠤ ᠶᠢ ᠪᠥᠬᠦ ᠬᠦᠴᠦᠨ ᠢᠶᠠᠷ ᠢᠶᠠᠨ ᠪᠠᠲᠤᠯᠠᠬᠤ ᠬᠡᠷᠡᠭᠲᠡᠶ ᠭᠡᠵᠦ ᠴᠢᠬᠤᠯᠠᠴᠢᠯᠠᠪᠠ᠃ ᠪᠠᠶᠠᠷ ᠤᠨ ᠡᠳᠦᠷ ᠤᠨ ᠬᠤᠭᠤᠴᠠᠭᠠᠨ ᠳᠤ ᠤᠰᠤ ᠬᠠᠩᠭᠠᠬᠤ᠂ ᠴᠠᠬᠢᠯᠭᠠᠨ ᠬᠠᠩᠭᠠᠬᠤ᠂ ᠳᠤᠯᠠᠭᠠᠯᠠᠭ᠎ᠠ ᠬᠠᠩᠭᠠᠬᠤ᠂ ᠬᠡᠢ ᠬᠠᠩᠭᠠᠬᠤ ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠠᠳᠬᠤᠵᠤ᠂ ᠠᠷᠠᠳ ᠤᠯᠠᠨ ᠤ ᠳᠤᠯᠠᠭᠠᠨ ᠪᠦᠯᠢᠶᠡᠨ ᠡᠪᠦᠯᠵᠢᠬᠦ ᠶᠢ ᠪᠦᠬᠦ ᠬᠦᠴᠦᠨ ᠢᠶᠠᠷ ᠢᠶᠠᠨ ᠪᠠᠲᠤᠯᠠᠬᠤ ᠬᠡᠷᠡᠭᠲᠡᠢ ᠭᠡᠪᠡ᠃ ᠠᠶᠤᠯᠭᠦᠢ ᠦᠢᠯᠡᠳᠪᠦᠷᠢᠯᠡᠯ ᠤᠨ ᠪᠠᠶᠢᠳᠠᠯ ᠢ ᠪᠦᠬᠦ ᠲᠠᠯ᠎ᠠ ᠪᠠᠷ ᠵᠠᠳᠠᠯᠤᠨ ᠰᠤᠳᠤᠯᠵᠤ ᠮᠠᠭᠠᠳᠯᠠᠵᠤ᠂ ︽ᠬᠤᠶᠠᠷ ᠪᠠᠶᠠᠷ︾ ᠤᠨ ᠬᠤᠭᠤᠴᠠᠭᠠᠨ ᠳᠠᠬᠢ ᠠᠶᠤᠯᠭᠦᠢ ᠦᠢᠯᠡᠳᠪᠦᠷᠢᠯᠡᠯ ᠤᠨ ᠣᠨᠴᠠᠯᠢᠭ ᠲᠤ ᠴᠢᠭᠯᠡᠭᠦᠯᠦᠨ᠂ ᠬᠤᠳᠠ ᠶᠢᠨ ᠬᠠᠮᠢᠶᠠᠷᠤᠯᠲᠠ᠂ ᠭᠡᠮ ᠰᠣᠭᠤᠭ ᠢ ᠵᠢᠭᠰᠠᠭᠠᠨ ᠪᠠᠶᠢᠴᠠᠭᠠᠬᠤ᠂ ᠡᠪᠦᠯ ᠤᠨ ᠤᠯᠠᠷᠢᠯ ᠤᠨ ᠤᠢ ᠰᠢᠭᠤᠢ ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠨ ᠤᠨᠲᠠᠷᠠᠭᠠᠬᠤ ᠵᠡᠷᠭᠡ ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠬᠢᠵᠦ᠂ ᠡᠯ᠎ᠡ ᠲᠦᠷᠦᠯ ᠤᠨ ᠠᠮᠤᠷ ᠲᠦᠪᠰᠢᠨ ᠤ ᠠᠳᠡᠯ ᠭᠠᠷᠬᠤ ᠶᠢ ᠦᠨᠡᠨ ᠬᠦ ᠰᠡᠷᠭᠡᠶᠢᠯᠡᠨ ᠬᠤᠷᠢᠭᠯᠠᠬᠤ ᠬᠡᠷᠡᠭᠲᠡᠢ᠃     ᠬᠤᠷᠠᠯ ᠠᠴᠠ ︽2025 ᠣᠨ ᠤ ᠵᠠᠰᠠᠭ ᠤᠨ ᠣᠷᠳᠣᠨ ᠤ ᠠᠵᠢᠯ ᠤᠨ ᠢᠯᠡᠳᠬᠡᠯ︾᠂ ︽ᠵᠢᠨᠢᠩ ᠲᠣᠭᠤᠷᠢᠭ ᠤᠨ ᠡᠳ᠋ ᠤᠨ ᠵᠠᠰᠠᠭ ᠤᠨ 2024 ᠣᠨ ᠤ ᠲᠥᠰᠦᠪ ᠢ ᠬᠡᠷᠡᠭᠵᠢᠭᠦᠯᠦᠭᠰᠡᠨ ᠪᠠᠶᠢᠳᠠᠯ ᠪᠣᠯᠤᠨ 2025 ᠣᠨ ᠤ ᠲᠥᠰᠦᠪ ᠤᠨ ᠲᠣᠬᠢᠷᠠᠭᠤᠯᠤᠯᠲᠠ ᠶᠢᠨ ᠲᠥᠰᠦᠯ︾᠂ ︽ᠵᠢᠨᠢᠩ ᠲᠣᠭᠤᠷᠢᠭ ᠤᠨ 2024 ᠣᠨ ᠤ ᠤᠯᠤᠰ ᠠᠷᠠᠳ ᠤᠨ ᠠᠵᠤ ᠠᠬᠤᠢ ᠪᠣᠯᠤᠨ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ᠶᠢ ᠬᠡᠷᠡᠭᠵᠢᠭᠦᠯᠦᠭᠰᠡᠨ ᠪᠠᠶᠢᠳᠠᠯ ᠪᠣᠯᠤᠨ 2025 ᠣᠨ ᠤ ᠤᠯᠤᠰ ᠠᠷᠠᠳ ᠤᠨ ᠠᠵᠤ ᠠᠬᠤᠢ ᠪᠣᠯᠤᠨ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ᠶᠢᠨ ᠲᠥᠰᠦᠯ ᠤᠨ ᠮᠡᠳᠡᠭᠦᠯᠦᠯᠲᠡ︾ ᠶᠢ ᠬᠢᠨᠠᠨ ᠵᠥᠪᠯᠡᠪᠡ᠃     ᠬᠤᠷᠠᠯ ᠠᠴᠠ ᠵᠢᠨᠢᠩ ᠲᠣᠭᠤᠷᠢᠭ ᠤᠨ 2025 ᠣᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠵᠢᠱᠢᠭᠳᠡᠭᠴᠢ ᠶᠢᠨ ᠲᠦᠷᠦᠯ ᠵᠦᠢᠯ ᠤᠨ ᠬᠤᠯᠪᠣᠭᠳᠠᠯ ᠪᠦᠬᠦᠢ ᠶᠠᠪᠤᠳᠠᠯ ᠢ ᠰᠤᠳᠤᠯᠵᠤ᠂ ᠬᠡᠷᠡᠭᠴᠡᠭᠡ ᠶᠢ ᠠᠷᠠᠳ ᠠᠴᠠ ᠠᠰᠠᠭᠤᠬᠤ᠂ ᠠᠷᠭ᠎ᠠ ᠪᠤᠳᠤᠯᠭ᠎ᠠ ᠶᠢ ᠠᠷᠠᠳ ᠠᠴᠠ ᠠᠰᠠᠭᠤᠬᠤ᠂ ᠦᠷ᠎ᠡ ᠪᠦᠲᠦᠮᠵᠢ ᠶᠢ ᠠᠷᠠᠳ ᠠᠴᠠ ᠠᠰᠠᠭᠤᠬᠤ ᠶᠢ ᠪᠠᠷᠢᠮᠲᠠᠯᠠᠵᠤ᠂ ︽ᠦᠨᠡᠨᠴᠢ᠂ ᠣᠨᠣᠪᠴᠢᠲᠠᠢ᠂ ᠪᠣᠳᠠᠲᠠᠢ︾ ᠪᠠᠶᠢᠬᠤ ᠱᠠᠭᠠᠷᠳᠠᠯᠭ᠎ᠠ ᠶᠣᠰᠣᠭᠠᠷ᠂ ᠠᠵᠢᠯ ᠣᠯᠭᠤᠯᠲᠠ᠂ ᠰᠤᠷᠭᠠᠨ ᠬᠥᠮᠦᠵᠢᠯ᠂ ᠡᠮ ᠡᠮᠨᠡᠯᠭᠡ᠂ ᠨᠠᠰᠤᠵᠢᠯ ᠤᠨ ᠠᠰᠠᠷᠠᠮᠵᠢ ᠵᠡᠷᠭᠡ ᠬᠦᠷᠢᠶᠡᠨ ᠳᠤ ᠠᠩᠬᠠᠷᠤᠯ ᠢᠶᠠᠨ ᠲᠥᠪᠯᠡᠷᠡᠭᠦᠯᠵᠦ᠂ ᠤᠯᠠᠨ ᠲᠦᠮᠡᠨ ᠤ ᠲᠤᠰᠬᠠᠯ ᠰᠠᠶᠢᠨ ᠨᠢᠭᠡ ᠪᠦᠯᠦᠭ ᠠᠷᠠᠳ ᠤᠨ ᠠᠮᠢᠳᠤᠷᠠᠯ ᠤᠨ ᠲᠦᠷᠦᠯ ᠵᠦᠢᠯ ᠢ ᠲᠠᠬᠢᠨ ᠬᠡᠷᠡᠭᠵᠢᠭᠦᠯᠵᠦ᠂ ᠴᠢᠳᠠᠯ ᠤᠨ ᠢᠶᠠᠨ ᠬᠢᠷᠢ ᠪᠠᠷ ᠬᠢᠵᠦ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠪᠣᠳᠠᠲᠠᠢ ᠬᠢᠵᠦ᠂ ᠰᠠᠶᠢᠲᠤᠷ ᠬᠢᠵᠦ᠂ ᠲᠡᠭᠦᠰ ᠠᠮᠵᠢᠯᠲᠠ ᠲᠠᠢ ᠬᠢᠵᠦ᠂ ᠠᠷᠠᠳ ᠤᠯᠠᠨ ᠤ ᠰᠡᠳᠬᠢᠯ ᠳᠤ ᠬᠠᠳᠠᠩᠰᠢᠭᠤᠯᠬᠤ ᠪᠠᠷ ᠴᠢᠷᠮᠠᠶᠢᠬᠤ ᠬᠡᠷᠡᠭᠲᠡᠢ ᠭᠡᠵᠦ ᠴᠢᠬᠤᠯᠠᠴᠢᠯᠠᠪᠠ᠃     ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃                      ᠨᠠᠶᠢᠷᠠᠭᠤᠯᠤᠭᠴᠢ᠄ ᠸᠠᠩ ᠵᠢᠩ ᠵᠢᠩ᠂ ᠴᠢᠶᠣᠣ ᠮᠢᠨ ᠮᠢᠨ             ᠣᠷᠴᠢᠭᠤᠯᠤᠭᠴᠢ᠄ ᠲᠤᠶᠠᠭ᠎ᠠ
 
ᠢᠷᠡᠯᠲᠡ᠄ ᠵᠢᠨᠢᠩ ᠲᠣᠭᠣᠷᠢᠭ ᠤᠨ ᠠᠷᠠᠳ  ᠤᠨ ᠵᠠᠰᠠᠭ  ᠤᠨ ᠣᠷᠳᠣᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2