ᠰᠢᠨᠬᠤᠸᠠ ᠬᠤᠷᠢᠶᠠᠨ ᠤ ᠪᠡᠭᠡᠵᠢᠩ ᠤᠨ 2 ᠳ᠋ᠤᠭᠠᠷ ᠰᠠᠷ᠎ᠠ ᠶᠢᠨ 5 ᠡᠳᠦᠷ ᠤᠨ ᠴᠠᠬᠢᠯᠭᠠᠨ ᠮᠡᠳᠡᠭᠡ ᠲᠥᠷᠥ ᠶᠢᠨ | ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ ᠴᠢᠶᠠᠩ 2 ᠳ᠋ᠤᠭᠠᠷ ᠰᠠᠷ᠎ᠠ ᠶᠢᠨ 5 ᠡᠳᠦᠷ | ᠲᠥᠷᠥ ᠶᠢᠨ ᠶᠠᠪᠤᠳᠠᠯ ᠤᠨ ᠬᠤᠷᠢᠶᠠᠨ ᠤ ᠳᠣᠯᠣᠳᠤᠭᠠᠷ ᠪᠦᠭᠦᠳᠡ ᠬᠤᠷᠠᠯᠳᠤᠭᠠᠨ ᠢ ᠡᠷᠬᠢᠯᠡᠨ ᠬᠤᠷᠠᠯᠳᠤᠭᠤᠯᠵᠤ᠂ | ᠠᠷᠪᠠᠨ ᠳᠥᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠭᠤᠷᠪᠠᠳᠤᠭᠠᠷ ᠬᠤᠷᠠᠯᠳᠤᠭᠠᠨ ᠳᠤ ᠳᠡᠪᠰᠢᠭᠦᠯᠦᠨ ᠬᠢᠨᠠᠨ ᠵᠦᠪᠯᠡᠭᠦᠯᠬᠦ ᠪᠠᠷ ᠪᠠᠶᠢᠭ᠎ᠠ ᠵᠠᠰᠠᠭ ᠤᠨ ᠣᠷᠳᠣᠨ ᠤ | ᠠᠵᠢᠯ ᠤᠨ ᠢᠯᠡᠳᠬᠡᠯ ᠢ ᠶᠠᠷᠢᠯᠴᠠᠭᠰᠠᠨ ᠪᠥᠭᠡᠳ ᠵᠢᠯ ᠤᠨ ᠡᠬᠢᠨ ᠤ ᠠᠵᠢᠯ ᠢ ᠰᠠᠶᠢᠲᠤᠷ ᠬᠢᠬᠦ ᠲᠤᠬᠠᠢ ᠳᠠᠶᠢᠴᠢᠯᠠᠪᠠ᠃ | ᠯᠢ ᠴᠢᠶᠠᠩ ᠵᠢᠭᠠᠵᠤ ᠭᠠᠷᠭᠠᠭᠰᠠᠨ ᠨᠢ᠂ ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠳᠤ | ᠠᠵᠢᠯ ᠢᠶᠠᠨ ᠮᠡᠳᠡᠭᠦᠯᠬᠦ ᠪᠣᠯ ᠪᠥᠬᠦ ᠤᠯᠤᠰ ᠤᠨ ᠠᠷᠠᠳ ᠲᠦᠮᠡᠨ ᠠᠴᠠ ᠵᠠᠰᠠᠭ ᠤᠨ ᠣᠷᠳᠣᠨ ᠤ ᠠᠵᠢᠯ ᠢ | ᠬᠢᠨᠠᠨ ᠰᠢᠯᠭᠠᠬᠤ ᠶᠢ ᠬᠦᠯᠢᠶᠡᠬᠦ ᠶᠠᠪᠤᠳᠠᠯ ᠪᠣᠯᠣᠨ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠡᠭᠦᠷᠭᠡᠯᠡᠵᠦ ᠪᠦᠬᠦᠢ | ᠬᠠᠤᠯᠢ ᠪᠠᠷ ᠲᠣᠭᠲᠠᠭᠠᠭᠰᠠᠨ ᠲᠤᠰᠢᠶᠠᠯ ᠬᠠᠷᠢᠭᠤᠴᠠᠯᠭ᠎ᠠ ᠪᠣᠯᠣᠨ᠎ᠠ᠃ ᠨᠢᠭᠡ ᠬᠤᠪᠢ ᠴᠢᠨᠠᠷ ᠰᠠᠶᠢᠲᠠᠢ | ᠵᠠᠰᠠᠭ ᠤᠨ ᠣᠷᠳᠣᠨ ᠤ ᠠᠵᠢᠯ ᠤᠨ ᠢᠯᠡᠳᠬᠡᠯ ᠢ ᠪᠦᠷᠢᠯᠳᠦᠭᠦᠯᠬᠦ ᠨᠢ ᠬᠠᠮᠲᠤ ᠶᠢᠨ ᠲᠠᠨᠢᠯᠲᠠ ᠶᠢ ᠨᠢᠭᠲᠠᠷᠠᠭᠤᠯᠵᠤ᠂ | ᠢᠲᠡᠭᠡᠯ ᠵᠣᠷᠢᠭ ᠢ ᠬᠦᠪᠴᠢᠯᠡᠨ᠂ ᠬᠥᠭᠵᠢᠯᠲᠡ ᠶᠢ ᠠᠬᠢᠭᠤᠯᠬᠤ ᠳᠤ ᠴᠢᠬᠤᠯᠠ ᠦᠢᠯᠡᠳᠦᠯ ᠲᠠᠢ ᠶᠤᠮ᠃ ᠶᠡᠷᠦᠩᠬᠡᠢ ᠱᠦᠵᠢ ᠰᠢ ᠶᠢᠨ | ᠫᠢᠩ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠪᠠ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ | ᠪᠠᠶᠢᠷᠢᠯᠠᠭᠤᠯᠤᠯᠲᠠ ᠶᠢ ᠭᠦᠨᠵᠡᠭᠡᠢ ᠲᠤᠭᠤᠰᠢᠯᠠᠭᠤᠯᠵᠤ᠂ ᠤᠯᠠᠨ ᠲᠦᠮᠡᠨ ᠤ | ᠬᠦᠰᠡᠵᠦ ᠪᠠᠶᠢᠭ᠎ᠠ ᠪᠠ ᠨᠡᠶᠢᠭᠡᠮ ᠤᠨ ᠠᠩᠬᠠᠷᠴᠤ ᠪᠠᠶᠢᠭ᠎ᠠ ᠠᠰᠠᠭᠤᠳᠠᠯ ᠳᠤ ᠢᠳᠡᠪᠬᠢᠲᠡᠢ ᠪᠠᠷ ᠬᠠᠷᠢᠭᠤᠯᠲᠠ ᠥᠭᠴᠦ᠂ | ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠴᠡᠭᠡ ᠶᠢ ᠭᠦᠢᠴᠡᠳ ᠢᠯᠡᠷᠡᠭᠦᠯᠦᠨ᠂ ᠢᠯᠡᠳᠬᠡᠯ ᠳᠤ ᠤᠯᠠᠮ ᠨᠢᠭᠡ ᠠᠯᠬᠤᠮ | ᠰᠠᠶᠢᠲᠤᠷ ᠵᠠᠰᠠᠪᠤᠷᠢ ᠣᠷᠣᠭᠤᠯᠬᠤ ᠬᠡᠷᠡᠭᠲᠡᠢ᠃ | | | 2 ᠳ᠋ᠤᠭᠠᠷ ᠰᠠᠷ᠎ᠠ ᠶᠢᠨ 5 ᠡᠳᠦᠷ᠂ ᠲᠥᠷᠥ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ ᠴᠢᠶᠠᠩ | ᠲᠥᠷᠥ ᠶᠢᠨ ᠶᠠᠪᠤᠳᠠᠯ ᠤᠨ ᠬᠤᠷᠢᠶᠠᠨ ᠤ ᠳᠣᠯᠣᠳᠤᠭᠠᠷ ᠪᠥᠬᠦᠳᠡ ᠬᠤᠷᠠᠯᠳᠤᠭᠠᠨ ᠢ ᠡᠷᠭᠢᠯᠡᠨ ᠬᠤᠷᠠᠯᠳᠤᠭᠤᠯᠵᠤ᠂ | ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠭᠤᠷᠪᠠᠳᠤᠭᠠᠷ ᠬᠤᠷᠠᠯᠳᠤᠭᠠᠨ ᠳᠤ ᠳᠡᠪᠰᠢᠭᠦᠯᠦᠨ ᠬᠢᠨᠠᠨ ᠵᠦᠪᠯᠡᠭᠦᠯᠬᠦ ᠪᠠᠷ ᠪᠠᠶᠢᠭ᠎ᠠ ᠵᠠᠰᠠᠭ ᠤᠨ ᠣᠷᠳᠣᠨ ᠤ | ᠠᠵᠢᠯ ᠤᠨ ᠢᠯᠡᠳᠬᠡᠯ ᠢ ᠶᠠᠷᠢᠯᠴᠠᠭᠰᠠᠨ ᠪᠥᠭᠡᠳ ᠵᠢᠯ ᠤᠨ ᠡᠬᠢᠨ ᠤ ᠠᠵᠢᠯ ᠢ ᠰᠠᠶᠢᠲᠤᠷ ᠬᠢᠬᠦ ᠲᠤᠬᠠᠢ ᠳᠠᠶᠢᠴᠢᠯᠠᠪᠠ᠃ | ᠰᠢᠨᠬᠤᠸᠠ ᠬᠤᠷᠢᠶᠠᠨ ᠤ ᠰᠤᠷᠪᠤᠯᠵᠢᠯᠠᠭᠴᠢ ᠬᠤᠸᠠᠩ ᠵᠢᠩ ᠸᠧᠨ ᠰᠡᠭᠦᠳᠡᠷᠯᠡᠪᠡ | ᠯᠢ ᠴᠢᠶᠠᠩ ᠵᠢᠭᠠᠵᠤ ᠭᠠᠷᠭᠠᠭᠰᠠᠨ ᠨᠢ᠂ ᠰᠢᠨ᠎ᠡ ᠨᠢᠭᠡ ᠵᠢᠯ ᠳᠤ᠂ ᠰᠢᠨ᠎ᠡ ᠪᠠᠶᠢᠳᠠᠯ ᠪᠠ ᠡᠭᠦᠷᠭᠡ ᠶᠢᠨ ᠡᠮᠦᠨ᠎ᠡ᠂ ᠨᠠᠮ ᠤᠨ | ᠲᠥᠪ ᠬᠤᠷᠢᠶᠠᠨ ᠤ ᠦᠨᠳᠦᠰᠦᠨ ᠪᠣᠳᠣᠯᠭ᠎ᠠ ᠴᠢᠭᠯᠡᠯᠲᠡ᠂ ᠪᠠᠶᠢᠯᠳᠤᠬᠤ ᠪᠣᠳᠣᠯᠭ᠎ᠠ ᠪᠠᠶᠢᠷᠢᠯᠠᠭᠤᠯᠤᠯᠲᠠ ᠨᠢᠭᠡᠨᠲᠡ ᠮᠠᠰᠢ | ᠲᠣᠳᠣᠷᠬᠠᠢ ᠪᠣᠯᠵᠠᠢ᠂ ᠨᠠᠶᠢᠳᠠᠪᠤᠷᠢᠵᠢᠭᠤᠯᠤᠯᠲᠠ ᠶᠢ ᠰᠢᠰᠲ᠋ᠧᠮᠵᠢᠭᠦᠯᠦᠨ ᠪᠦᠲᠦᠭᠡᠯᠴᠢ ᠪᠠᠷ ᠰᠠᠶᠢᠲᠤᠷ ᠠᠳᠬᠤᠬᠤ ᠬᠡᠷᠡᠭᠲᠡᠢ᠃ | ᠪᠦᠬᠦᠯᠢ ᠴᠣᠭᠴᠠ ᠶᠢᠨ ᠡᠵᠡᠮᠳᠡᠯ ᠢ ᠴᠢᠬᠤᠯᠠᠴᠢᠯᠠᠵᠤ᠂ ᠤᠯᠤᠰ ᠤᠨ ᠳᠣᠲᠣᠭᠠᠳᠤ ᠪᠠ ᠤᠯᠤᠰ ᠤᠨ ᠭᠠᠳᠠᠭᠠᠳᠤ᠂ ᠣᠳᠣᠬᠠᠨ ᠪᠠ | ᠠᠯᠤᠰ ᠬᠡᠳᠦ᠂ ᠬᠤᠷᠸ᠎ᠠ ᠪᠠ ᠪᠢᠴᠢᠯ᠂ ᠬᠥᠭᠵᠢᠯᠲᠡ ᠪᠠ ᠠᠮᠤᠷ ᠲᠦᠪᠰᠢᠨ ᠵᠡᠷᠭᠡ ᠶᠢᠨ ᠬᠠᠷᠢᠴᠠᠭ᠎ᠠ ᠶᠢ ᠰᠠᠶᠢᠲᠤᠷ | ᠨᠢᠭᠡᠳᠦᠯᠲᠡᠢ ᠲᠦᠯᠦᠪᠵᠢᠭᠦᠯᠦᠨ᠂ ᠤᠯᠠᠨ ᠳᠠᠪᠬᠤᠷ ᠬᠠᠷᠠᠯᠲᠠ ᠶᠢᠨ ᠳᠣᠣᠷᠠᠬᠢ ᠡᠯ᠎ᠡ ᠲᠠᠯ᠎ᠠ ᠶᠢᠨ | ᠠᠵᠢᠯ ᠤᠨ ᠥᠨᠳᠥᠷ ᠪᠦᠲᠦᠮᠵᠢᠲᠡᠢ ᠬᠠᠮᠵᠢᠯᠴᠠᠭ᠎ᠠ ᠶᠢ ᠦᠨᠡᠨ ᠬᠦ ᠴᠢᠩᠭᠠᠳᠬᠠᠬᠤ ᠶᠢᠨ ᠬᠠᠮᠲᠤ ᠪᠠᠰᠠ | ᠰᠢᠪᠲᠤᠯᠤᠯᠲᠠ ᠬᠢᠬᠦ ᠶᠢ ᠡᠷᠢᠯᠬᠢᠯᠡᠵᠦ᠂ ᠳᠠᠯᠳᠠ ᠬᠦᠴᠦᠨ ᠢᠶᠠᠷ ᠭᠦᠢᠴᠡᠳ᠂ ᠣᠷᠣᠨ ᠵᠠᠢ ᠪᠠᠷ ᠶᠡᠭᠡ | ᠬᠥᠭᠵᠢᠯᠲᠡ ᠶᠢᠨ ᠬᠦᠷᠢᠶ᠎ᠡ ᠴᠠᠷᠠᠭ᠎ᠠ ᠶᠢ ᠣᠨᠣᠪᠴᠢᠲᠠᠢ ᠡᠷᠢᠵᠦ᠂ ᠬᠦᠲᠦᠯᠦᠨ ᠳᠠᠭᠠᠭᠤᠯᠬᠤ ᠴᠢᠨᠠᠷ ᠢᠶᠠᠷ | ᠴᠢᠩᠭ᠎ᠠ᠂ ᠬᠥᠰᠢᠭᠦᠷᠭᠡᠲᠦ ᠴᠢᠨᠠᠷ ᠢᠶᠠᠷ ᠴᠢᠩᠭ᠎ᠠ ᠠᠵᠢᠯ ᠤᠨ ᠭᠠᠷᠳᠠᠴᠠ ᠶᠢ ᠰᠠᠶᠢᠲᠤᠷ ᠰᠦᠪᠡᠭᠴᠢᠯᠡᠨ᠂ ᠪᠦᠬᠦ ᠲᠠᠯ᠎ᠠ ᠶᠢ | ᠲᠠᠶᠢᠴᠢᠯᠠᠵᠤ ᠳᠡᠶᠢᠯᠬᠦ ᠨᠡᠩ ᠤᠯᠠᠨ ᠲᠣᠪᠣᠶᠢᠮ᠎ᠠ ᠬᠢᠯᠠᠰ ᠴᠡᠭ ᠢ ᠪᠤᠢ ᠪᠣᠯᠭᠠᠬᠤ ᠬᠡᠷᠡᠭᠲᠡᠢ᠃ ᠠᠵᠢᠯ ᠤᠨ | ᠦᠢᠯᠡᠳᠦᠯᠭᠡ ᠳᠤᠮᠳᠠ ᠪᠠᠨ ᠰᠦᠪᠡᠭᠴᠢᠯᠡᠨ ᠪᠦᠷᠢᠯᠳᠦᠭᠦᠯᠦᠭᠰᠡᠨ ᠲᠤᠷᠰᠢᠯᠭ᠎ᠠ ᠠᠷᠭ᠎ᠠ ᠬᠢᠳᠡᠯ ᠢᠶᠠᠨ ᠨᠠᠷᠢᠨ | ᠬᠢᠨᠠᠮᠠᠭᠠᠢ ᠳ᠋ᠦᠩᠨᠡᠬᠦ ᠪᠠ ᠪᠠᠶᠠᠯᠢᠭᠵᠢᠭᠤᠯᠤᠨ ᠦᠷᠭᠡᠳᠬᠡᠵᠦ᠂ ᠬᠥᠭᠵᠢᠯᠲᠡ ᠶᠢᠨ ᠬᠠᠷᠠᠯᠲᠠ ᠪᠠᠨ ᠲᠣᠭᠲᠠᠭᠠᠨ᠂ | ᠴᠠᠭ ᠪᠠ ᠪᠠᠶᠢᠳᠠᠯ ᠢ ᠦᠨᠳᠦᠰᠦᠯᠡᠨ ᠰᠥᠷᠭᠡᠦ ᠦᠶᠡᠯᠡᠯ ᠤᠨ ᠬᠤᠭᠤᠴᠠᠭᠠᠨ ᠳᠠᠬᠢ ᠲᠣᠬᠢᠷᠠᠭᠤᠯᠭ᠎ᠠ ᠶᠢᠨ ᠡᠷᠴᠢᠮ ᠢᠶᠠᠨ | ᠴᠢᠩᠭᠠᠷᠠᠭᠤᠯᠬᠤ ᠬᠡᠷᠡᠭᠲᠡᠢ︔ ᠲᠣᠪᠣᠶᠢᠮ᠎ᠠ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ | ᠡᠬᠢ ᠪᠠᠶᠠᠯᠢᠭ ᠢ ᠨᠡᠶᠢᠳᠬᠡᠬᠦ ᠳᠤ ᠲᠥᠪᠯᠡᠷᠡᠭᠦᠯᠦᠨ ᠬᠦᠴᠦᠯᠡᠵᠦ᠂ ᠠᠳᠠᠯᠢ ᠴᠢᠭᠯᠡᠯ ᠢᠶᠠᠷ ᠬᠦᠴᠦᠯᠡᠨ᠎ᠡ︔ ᠡᠩ ᠤᠨ ᠵᠤᠷᠰᠢᠯ ᠢ | ᠵᠣᠷᠢᠭᠲᠠᠢ ᠪᠠᠷ ᠡᠪᠳᠡᠨ᠂ ᠮᠡᠳᠡᠷᠡᠵᠦ ᠬᠦᠷᠲᠡᠬᠦᠶᠢᠴᠡ ᠲᠦᠷᠦ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠬᠡᠷᠡᠭᠵᠢᠭᠦᠯᠦᠨ᠎ᠡ︔ ᠠᠩᠬᠠᠷᠴᠤ | ᠪᠠᠶᠢᠭ᠎ᠠ ᠠᠰᠠᠭᠤᠳᠠᠯ ᠳᠤ ᠴᠠᠭ ᠲᠤᠬᠠᠢ ᠳᠤ ᠨᠢ ᠬᠠᠷᠢᠭᠤᠯᠲᠠ ᠥᠭᠴᠦ᠂ ᠲᠥᠷᠥ ᠶᠢᠨ ᠪᠣᠳᠣᠯᠭ᠎ᠠ ᠬᠢᠭᠡᠳ ᠵᠠᠬ᠎ᠠ | ᠳᠡᠯᠭᠡᠭᠦᠷ ᠤᠨ ᠦᠢᠯᠡᠳᠦᠯᠴᠡᠯ ᠢ ᠴᠢᠩᠭᠠᠳᠬᠠᠨ᠎ᠠ᠃ | ᠯᠢ ᠴᠢᠶᠠᠩ᠂ ᠨᠠᠩ ᠴᠢᠩᠭ᠎ᠠ ᠡᠭᠦᠷᠭᠡᠯᠡᠯ᠂ ᠨᠠᠩ ᠢᠳᠡᠪᠬᠢᠲᠡᠢ ᠴᠢᠷᠮᠠᠶᠢᠯᠭ᠎ᠠ ᠪᠠᠷ ᠴᠢᠨᠠᠷ ᠰᠠᠶᠢᠲᠠᠢ ᠬᠥᠭᠵᠢᠯᠲᠡ ᠶᠢ | ᠠᠬᠢᠭᠤᠯᠵᠤ ᠰᠢᠨ᠎ᠡ ᠦᠷ᠎ᠡ ᠪᠦᠲᠦᠮᠵᠢ ᠣᠯᠬᠤ ᠬᠡᠷᠡᠭᠲᠡᠢ᠃ ᠢᠲᠡᠭᠡᠯ ᠵᠣᠷᠢᠭ ᠢᠶᠠᠨ ᠪᠠᠲᠤᠳᠬᠠᠵᠤ᠂ ᠬᠦᠴᠢᠷ ᠢ | ᠲᠠᠨᠢᠨ ᠬᠠᠮᠲᠤ ᠪᠠᠷ ᠤᠷᠤᠭᠰᠢᠯᠠᠵᠤ᠂ ᠭᠠᠳᠠᠭᠠᠳᠤ ᠪᠠᠶᠢᠳᠠᠯ ᠤᠨ ᠬᠤᠪᠢᠷᠠᠯᠲᠠ ᠳᠤ ᠪᠤᠰᠤᠳᠴᠢ ᠬᠤᠪᠢᠰᠤᠩᠭᠤᠢ ᠪᠠᠷ ᠬᠠᠨᠳᠤᠵᠤ᠂ | ᠤᠯᠤᠰ ᠤᠨ ᠳᠣᠲᠣᠭᠠᠳᠤ ᠶᠢᠨ ᠠᠵᠤ ᠠᠬᠤᠢ ᠶᠢᠨ ᠠᠰᠠᠭᠤᠳᠠᠯ ᠢ ᠰᠢᠢᠳᠪᠦᠷᠢᠯᠡᠬᠦ ᠪᠠ ᠭᠠᠳᠠᠭᠠᠳᠤ ᠶᠢᠨ ᠥᠷᠢᠰᠦᠯᠳᠦᠭᠡᠨ ᠢ | ᠠᠷᠭᠠᠴᠠᠭᠠᠬᠤ ᠶᠢ ᠨᠢᠭᠡᠳᠦᠯᠲᠡᠢ ᠲᠦᠯᠦᠪᠵᠢᠭᠦᠯᠦᠨ᠂ ᠳᠠᠷᠤᠯᠲᠠ ᠶᠢ ᠬᠦᠳᠡᠯᠭᠡᠭᠴᠢ ᠬᠦᠴᠦᠨ ᠪᠣᠯᠭᠠᠨ | ᠬᠤᠪᠢᠷᠠᠭᠤᠯᠬᠤ ᠳᠤ ᠪᠠᠨ ᠴᠢᠳᠠᠮᠠᠭᠠᠢ ᠪᠠᠶᠢᠵᠤ᠂ ᠬᠦᠴᠦᠲᠡᠢ ᠠᠷᠭ᠎ᠠ ᠬᠡᠮᠵᠢᠶ᠎ᠡ ᠠᠪᠴᠤ ᠪᠠᠶᠢᠭᠠᠳ ᠤᠯᠤᠰ ᠤᠨ ᠳᠣᠲᠣᠭᠠᠳᠤ ᠶᠢᠨ ᠶᠡᠭᠡ | ᠣᠷᠴᠢᠯ ᠢ ᠬᠦᠴᠦᠷᠬᠡᠭᠵᠢᠭᠦᠯᠬᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠶᠢ ᠠᠬᠢᠭᠤᠯᠬᠤ᠂ ᠠᠵᠤ | ᠦᠢᠯᠡᠰ ᠤᠨ ᠲᠡᠰ ᠳᠡᠪᠰᠢᠭᠦᠯᠬᠦ ᠶᠢ ᠠᠬᠢᠭᠤᠯᠬᠤ ᠵᠡᠷᠭᠡ ᠭᠤᠣᠯᠳᠠᠯᠭ᠎ᠠ ᠪᠣᠯᠬᠤ ᠬᠦᠷᠢᠶᠡᠨ ᠳᠤ ᠰᠢᠨ᠎ᠡ | ᠰᠢᠪᠲᠤᠯᠤᠯᠲᠠ ᠶᠢ ᠪᠡᠶᠡᠯᠡᠭᠦᠯᠬᠦ ᠶᠢᠨ ᠬᠠᠮᠲᠤ ᠠᠯᠤᠰ ᠢ ᠪᠣᠳᠣᠯᠬᠢᠯᠠᠨ ᠮᠠᠨ ᠤ ᠤᠯᠤᠰ ᠤᠨ | ᠬᠥᠭᠵᠢᠯᠲᠡ ᠶᠢᠨ ᠰᠢᠨ᠎ᠡ ᠳᠠᠪᠠᠭᠤᠯᠢᠭ ᠢ ᠡᠭᠦᠳᠬᠦ ᠬᠡᠷᠡᠭᠲᠡᠢ᠃ ᠴᠢᠷᠮᠠᠶᠢᠨ ᠠᠵᠢᠯᠯᠠᠵᠤ᠂ ᠰᠠᠶᠢᠲᠤᠷ | ᠬᠢᠵᠦ ᠪᠦᠲᠦᠭᠡᠨ᠂ ᠴᠠᠭ ᠪᠢᠳᠡᠨ ᠢ ᠬᠦᠯᠢᠶᠡᠬᠦ ᠦᠭᠡᠢ ᠪᠠᠶᠢᠬᠤ ᠵᠣᠷᠢᠭ ᠰᠠᠨᠠᠭ᠎ᠠ ᠪᠠᠷ ᠨᠠᠶᠢᠳᠠᠪᠤᠷᠢᠵᠢᠭᠤᠯᠤᠯᠲᠠ ᠶᠢ | ᠴᠢᠩᠭ᠎ᠠ ᠠᠳᠬᠤᠵᠤ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠠᠷᠭ᠎ᠠ ᠪᠠᠷ ᠬᠦᠴᠢᠷ ᠠᠰᠠᠭᠤᠳᠠᠯ ᠢ ᠰᠢᠢᠳᠪᠦᠷᠢᠯᠡᠬᠦ᠂ | ᠰᠢᠨᠵᠢᠯᠡᠬᠦ ᠤᠬᠠᠭᠠᠨᠴᠢ ᠪᠠᠷ ᠠᠷᠭᠠᠴᠠᠭᠠᠬᠤ ᠳᠤ ᠴᠢᠳᠠᠮᠠᠭᠠᠢ ᠪᠠᠶᠢᠵᠤ᠂ ᠠᠵᠢᠯ ᠤᠨ ᠨᠡᠪᠲᠡᠯᠬᠦ ᠬᠦᠴᠦᠨ ᠢ ᠬᠦᠴᠦᠯᠡᠨ ᠴᠢᠩᠭᠠᠳᠬᠠᠵᠤ᠂ | ᠬᠠᠷᠠᠯᠲᠠ ᠶᠢ ᠲᠣᠳᠣᠷᠬᠠᠢ ᠪᠦᠭᠡᠳ ᠦᠨᠡᠯᠡᠨ ᠵᠢᠱᠢᠬᠦᠶᠢᠴᠡ᠂ ᠲᠦᠷᠦ ᠶᠢᠨ ᠪᠣᠳᠣᠯᠭ᠎ᠠ ᠶᠢ ᠲᠣᠳᠣᠷᠬᠠᠢ ᠪᠦᠭᠡᠳ ᠬᠡᠷᠡᠭᠵᠢᠭᠦᠯᠬᠦᠶᠢᠴᠡ᠂ | ᠢᠵᠢ ᠪᠦᠷᠢᠳᠦᠭᠰᠡᠨ ᠠᠷᠭ᠎ᠠ ᠬᠡᠮᠵᠢᠶ᠎ᠡ ᠶᠢ ᠴᠠᠭ ᠲᠤᠬᠠᠢ ᠳᠤ ᠨᠢ ᠭᠦᠢᠴᠡᠬᠦ ᠪᠣᠯᠭᠠᠵᠤ᠂ ᠨᠡᠩ ᠤᠯᠠᠨ ᠤᠶᠤᠨ ᠴᠢᠳᠠᠯ ᠢᠶᠠᠷ ᠢᠶᠠᠨ | ᠨᠠᠶᠢᠳᠠᠪᠤᠷᠢᠵᠢᠭᠤᠯᠤᠯᠲᠠ ᠶᠢ ᠠᠳᠬᠤᠬᠤ᠂ ᠪᠣᠳᠠᠲᠠᠢ ᠶᠠᠪᠤᠳᠠᠯ ᠬᠢᠬᠦ ᠳᠤ | ᠬᠡᠷᠡᠭᠯᠡᠬᠦ ᠶᠢᠨ ᠬᠠᠮᠲᠤ ᠬᠡᠷᠡᠭᠵᠢᠭᠦᠯᠬᠦ ᠶᠠᠪᠤᠴᠠ ᠳᠤ ᠪᠠᠨ ᠲᠦᠷᠦ ᠶᠢᠨ ᠪᠣᠳᠣᠯᠭ᠎ᠠ ᠠᠷᠭ᠎ᠠ | ᠬᠡᠮᠵᠢᠶ᠎ᠡ ᠶᠢ ᠲᠠᠰᠤᠷᠠᠯᠳᠠ ᠦᠭᠡᠢ ᠰᠢᠯᠢᠳᠡᠭᠵᠢᠭᠦᠯᠦᠨ ᠲᠡᠭᠦᠯᠳᠡᠷᠵᠢᠭᠦᠯᠬᠦ ᠬᠡᠷᠡᠭᠲᠡᠢ᠃ ᠰᠡᠳᠬᠢᠯ ᠢᠶᠠᠨ | ᠨᠢᠭᠡᠳᠬᠡᠨ ᠬᠦᠴᠦᠨ ᠢᠶᠠᠨ ᠬᠠᠮᠲᠤᠳᠬᠠᠵᠤ᠂ ᠪᠦᠯᠬᠦᠮᠳᠡᠨ ᠲᠡᠮᠡᠴᠡᠵᠦ᠂ ᠵᠠᠬ᠎ᠠ ᠳᠡᠯᠭᠡᠭᠦᠷ ᠤᠨ ᠤᠬᠠᠮᠰᠠᠷ᠂ ᠬᠠᠤᠯᠢᠵᠢᠯ ᠤᠨ ᠤᠬᠠᠮᠰᠠᠷ᠂ | ᠦᠢᠯᠡᠴᠢᠯᠡᠭᠡᠨ ᠤ ᠤᠬᠠᠮᠰᠠᠷ ᠢᠶᠠᠨ ᠤᠯᠠᠮ ᠨᠢᠭᠡ ᠠᠯᠬᠤᠮ ᠴᠢᠩᠭᠠᠳᠬᠠᠵᠤ᠂ ᠨᠡᠩ ᠥᠨᠳᠥᠷ ᠪᠠᠷᠢᠮᠵᠢᠶ᠎ᠠ᠂ ᠨᠡᠩ ᠶᠡᠭᠡ | ᠡᠷᠴᠢᠮ ᠢᠶᠠᠷ ᠡᠵᠡᠩᠨᠡᠨ ᠬᠤᠳᠠᠯᠳᠤᠭᠠᠯᠠᠬᠤ ᠲᠡᠷᠢᠭᠦᠨ ᠤ ᠣᠷᠴᠢᠨ ᠨᠦᠬᠦᠴᠡᠯ ᠢ ᠪᠤᠢ ᠪᠣᠯᠭᠠᠵᠤ᠂ ᠡᠯ᠎ᠡ | ᠲᠦᠷᠦᠯ ᠤᠨ ᠠᠵᠤ ᠠᠬᠤᠶᠢᠯᠠᠯ ᠤᠨ ᠰᠢᠨ᠎ᠡ ᠶᠢ ᠡᠭᠦᠳᠦᠨ ᠬᠥᠭᠵᠢᠬᠦ ᠳᠤ ᠨᠡᠩ ᠰᠠᠶᠢᠨ ᠨᠥᠬᠦᠴᠡᠯ ᠬᠠᠩᠭᠠᠵᠤ᠂ | ᠡᠯ᠎ᠡ ᠲᠦᠷᠦᠯ ᠤᠨ ᠴᠢᠳᠠᠪᠤᠷᠢᠲᠠᠨ ᠤ ᠠᠵᠢᠯ ᠬᠢᠵᠦ ᠦᠢᠯᠡᠰ ᠪᠣᠰᠬᠠᠬᠤ ᠳᠤ ᠨᠢ ᠨᠡᠩ ᠤᠯᠠᠨ ᠠᠵᠠ ᠲᠣᠬᠢᠶᠠᠯ ᠣᠯᠭᠤᠵᠤ᠂ | ᠪᠦᠬᠦ ᠨᠡᠶᠢᠭᠡᠮ ᠤᠨ ᠤᠶᠤᠨ ᠤᠬᠠᠭᠠᠨ ᠪᠠ ᠬᠦᠴᠦᠨ ᠴᠢᠳᠠᠯ ᠢ ᠨᠢᠭᠲᠠᠷᠠᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ | ᠲᠦᠷᠦ ᠶᠢᠨ ᠶᠠᠪᠤᠳᠠᠯ ᠤᠨ ᠬᠤᠷᠢᠶᠠᠨ ᠤ ᠪᠦᠭᠦᠳᠡ ᠬᠤᠷᠠᠯᠳᠤᠭᠠᠨ ᠤ ᠪᠦᠷᠢᠯᠳᠦᠭᠦᠨ ᠭᠡᠰᠢᠭᠦᠳ ᠬᠤᠷᠠᠯ ᠳᠤ ᠣᠷᠣᠯᠴᠠᠵᠤ᠂ | ᠬᠤᠯᠪᠣᠭᠳᠠᠯ ᠪᠦᠬᠦᠢ ᠰᠠᠯᠠᠭ᠎ᠠ ᠮᠥᠴᠢᠷ᠂ ᠨᠢᠭᠡᠴᠢ ᠶᠢᠨ ᠬᠠᠷᠢᠭᠤᠴᠠᠯᠭᠠᠲᠠᠳ ᠬᠤᠷᠠᠯ ᠳᠤ ᠰᠤᠯᠠ ᠣᠷᠣᠯᠴᠠᠪᠠ᠃ | | | ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ | | |