ᠵᠢᠨᠢᠩ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠢᠳᠡᠭᠡᠨ ᠤᠮᠳᠠᠭᠠᠨ ᠤ ᠦᠶᠯᠡᠴᠢᠯᠡᠭᠡᠨ ᠤ ᠨᠢᠭᠡᠴᠡ ᠶᠢᠨ ᠢᠳᠡᠭᠡᠨ ᠤ ᠠᠮᠤᠷ ᠲᠦᠪᠰᠢᠨ ᠤ ᠠᠶᠤᠯ ᠲᠦᠭᠰᠢᠭᠦᠷᠢ ᠶᠢᠨ ᠳᠠᠯᠳᠠ ᠬᠡᠮ ᠢ ᠵᠢᠭᠰᠠᠭᠠᠨ ᠪᠠᠶᠢᠴᠠᠭᠠᠬᠤ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠪᠡ
ᠨᠡᠶᠢᠲᠡᠯᠡᠭᠰᠡᠨ ᠴᠠᠭ᠄
2025/2/19
    ᠢᠳᠡᠭᠡᠨ ᠤᠮᠳᠠᠭᠠᠨ ᠤ ᠦᠶᠯᠡᠴᠢᠯᠡᠭᠡᠨ ᠤ ᠨᠢᠭᠡᠴᠡ ᠶᠢᠨ ᠢᠳᠡᠭᠡᠨ ᠤ ᠠᠮᠤᠷ ᠲᠦᠪᠰᠢᠨ ᠤ ᠬᠠᠮᠢᠶᠠᠷᠤᠯᠲᠠ ᠶᠢᠨ ᠬᠢᠷᠢ ᠲᠦᠪᠰᠢᠨ ᠢ ᠦᠨᠡᠨ ᠬᠦ ᠳᠡᠭᠡᠭᠰᠢᠯᠡᠭᠦᠯᠵᠦ᠂ ᠥᠷᠭᠡᠨ ᠣᠯᠠᠨ ᠲᠦᠮᠡᠨ ᠤ ᠢᠳᠡᠭᠡᠨ ᠤᠮᠳᠠᠭᠠᠨ ᠤ ᠬᠡᠷᠡᠭᠯᠡᠭᠡᠨ ᠤ ᠠᠮᠤᠷ ᠲᠦᠪᠰᠢᠨ ᠢ ᠪᠠᠲᠤᠯᠠᠬᠤ ᠶᠢᠨ ᠲᠥᠯᠥᠭᠡ᠂ ᠵᠢᠨᠢᠩ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠢᠳᠡᠭᠡᠨ ᠤᠮᠳᠠᠭᠠᠨ ᠤ ᠦᠶᠯᠡᠴᠢᠯᠡᠭᠡᠨ ᠤ ᠨᠢᠭᠡᠴᠡ ᠶᠢᠨ ᠢᠳᠡᠭᠡᠨ ᠤ ᠠᠮᠤᠷ ᠲᠦᠪᠰᠢᠨ ᠤ ᠠᠶᠤᠯ ᠲᠦᠭᠰᠢᠭᠦᠷᠢ ᠶᠢᠨ ᠳᠠᠯᠳᠠ ᠬᠡᠮ ᠢ ᠵᠢᠭᠰᠠᠭᠠᠨ ᠪᠠᠶᠢᠴᠠᠭᠠᠬᠤ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠢᠳᠡᠭᠡᠨ ᠤᠮᠳᠠᠭᠠᠨ ᠤ ᠦᠶᠯᠡᠴᠢᠯᠡᠭᠡᠨ ᠤ ᠨᠢᠭᠡᠴᠡ ᠶᠢ ᠰᠢᠮᠳᠠᠭᠤᠯᠵᠤ ᠪᠠᠶᠢᠭᠠᠳ ᠲᠣᠰ ᠪᠡᠶ᠎ᠡ ᠶᠢᠨ ᠬᠠᠷᠢᠭᠤᠴᠠᠯᠭ᠎ᠠ ᠪᠠ ᠡᠭᠦᠷᠭᠡ ᠪᠠᠨ ᠰᠠᠶᠢᠲᠤᠷ ᠭᠦᠶᠴᠡᠳᠬᠡᠵᠦ᠂ ᠢᠳᠡᠭᠡᠨ ᠤ ᠠᠮᠤᠷ ᠲᠦᠪᠰᠢᠨ ᠤ ᠠᠶᠤᠯ ᠲᠦᠭᠰᠢᠭᠦᠷᠢ ᠶᠢᠨ ᠳᠠᠯᠳᠠ ᠬᠡᠮ ᠢ ᠴᠠᠭ ᠲᠤᠬᠠᠶ ᠳᠤᠨᠢ ᠠᠷᠢᠯᠭᠠᠪᠠ᠃     2 ᠰᠠᠷ᠎ᠠ ᠶᠢᠨ 18 ᠤ ᠡᠳᠦᠷ᠂ ᠬᠠᠤᠯᠢ ᠬᠡᠷᠡᠭᠵᠢᠭᠦᠯᠬᠦ ᠠᠵᠢᠯᠲᠠᠨ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠢᠳᠡᠭᠡᠨ ᠤ ᠠᠮᠤᠷ ᠲᠦᠪᠰᠢᠨ ᠤ ᠬᠠᠤᠯᠢ︾᠂ ︽ᠢᠳᠡᠭᠡᠨ ᠤᠮᠳᠠᠭᠠᠨ ᠤ ᠦᠢᠯᠡᠴᠢᠯᠡᠭᠡᠨ ᠤ ᠢᠳᠡᠭᠡᠨ ᠤ ᠠᠮᠤᠷ ᠲᠦᠪᠰᠢᠨ ᠤ ᠠᠵᠢᠯᠯᠠᠭᠠᠨ ᠤ ᠵᠢᠷᠤᠮᠵᠢᠯ︾ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠤᠨ ᠱᠠᠭᠠᠷᠳᠠᠯᠭ᠎ᠠ ᠶᠣᠰᠣᠭᠠᠷ᠂ ᠬᠠᠷᠢᠶ᠎ᠠ ᠣᠷᠣᠨ ᠤ ᠡᠯ᠎ᠡ ᠢᠳᠡᠭᠡᠨ ᠤᠮᠳᠠᠭᠠᠨ ᠤ ᠦᠢᠯᠡᠴᠢᠯᠡᠭᠡᠨ ᠤ ᠨᠢᠭᠡᠴᠡ ᠶᠢᠨ ︽ᠡᠵᠡᠩᠨᠡᠯᠲᠡ ᠶᠢᠨ ᠦᠨᠡᠮᠯᠡᠯ︾ ︽ᠢᠳᠡᠭᠡᠨ ᠤ ᠠᠮᠤᠷ ᠲᠦᠪᠰᠢᠨ ᠤ ᠵᠥᠪᠰᠢᠶᠡᠷᠡᠯ ᠤᠨ ᠦᠨᠡᠮᠯᠡᠯ︾᠂ ᠠᠵᠢᠯ ᠡᠷᠭᠢᠯᠡᠭᠰᠡᠳ ᠤᠨ ᠡᠷᠡᠭᠦᠯ ᠮᠡᠨᠳᠦ ᠶᠢᠨ ᠭᠡᠷᠡᠴᠢ ᠵᠡᠷᠭᠡ ᠳᠤ ᠨᠠᠷᠢᠨ ᠪᠠᠶᠢᠴᠠᠭᠠᠯᠲᠠ ᠬᠢᠵᠦ᠂ ᠡᠵᠡᠩᠨᠡᠯᠲᠡ ᠶᠢᠨ ᠪᠡᠶᠡᠴᠢ ᠴᠣᠭᠴᠠ ᠶᠢᠨ ᠬᠠᠤᠯᠢ ᠲᠣᠭᠲᠠᠭᠠᠯ ᠳᠤ ᠨᠡᠶᠢᠴᠡᠬᠦ ᠶᠢ ᠦᠨᠡᠨ ᠬᠦ ᠪᠠᠲᠤᠯᠠᠪᠠ᠃ ᠡᠭᠦᠨ ᠤ ᠬᠠᠮᠲᠤ᠂ ᠬᠠᠤᠯᠢ ᠬᠡᠷᠡᠭᠵᠢᠭᠦᠯᠬᠦ ᠠᠵᠢᠯᠲᠠᠨ ᠡᠯ᠎ᠡ ᠢᠳᠡᠭᠡᠨ ᠤᠮᠳᠠᠭᠠᠨ ᠤ ᠦᠶᠯᠡᠴᠢᠯᠡᠭᠡᠨ ᠤ ᠨᠢᠭᠡᠴᠢ ᠶᠢᠨ ᠪᠣᠯᠪᠠᠰᠤᠷᠠᠭᠤᠯᠬᠤ ᠲᠠᠯᠠᠪᠤᠷ ᠤᠨ ᠣᠷᠴᠢᠨ ᠲᠣᠭᠤᠷᠢᠨ ᠤ ᠠᠷᠢᠭᠤᠨ ᠴᠡᠪᠡᠷ ᠴᠡᠪᠡᠷ ᠲᠡᠭᠰᠢ ᠪᠠᠶᠢᠬᠤ ᠡᠰᠡᠬᠦ᠂ ᠲᠣᠨᠤᠭ ᠲᠥᠬᠦᠭᠡᠷᠦᠮᠵᠢ ᠶᠢ ᠠᠷᠢᠭᠤᠨ ᠴᠡᠪᠡᠷ ᠪᠠᠶᠢᠯᠭᠠᠬᠤ ᠡᠰᠡᠬᠦ᠂ ᠢᠳᠡᠭᠡᠨ ᠤᠮᠳᠠᠭᠠᠨ ᠤ ᠪᠠᠭᠠᠵᠢ ᠬᠡᠷᠡᠭᠰᠡᠯ ᠢ ᠤᠬᠢᠶᠠᠵᠤ ᠠᠷᠢᠭᠤᠳᠬᠠᠬᠤ ᠨᠢ ᠲᠦᠢᠯᠪᠤᠷᠢᠲᠠᠶ ᠪᠠᠶᠢᠬᠤ ᠡᠰᠡᠬᠦ᠂ ᠪᠣᠯᠪᠠᠰᠤᠷᠠᠭᠤᠯᠬᠤ ᠪᠠᠭᠠᠵᠢ ᠬᠡᠷᠡᠭᠰᠡᠯ᠂ ᠰᠠᠪᠠ ᠶᠢ ᠢᠯᠡᠷᠬᠡᠶ ᠢᠯᠭᠠᠭᠰᠠᠨ ᠡᠰᠡᠬᠦ᠂ ᠥᠩᠭᠡᠲᠦ ᠲᠡᠮᠳᠡᠭ ᠤᠨ ᠬᠠᠮᠢᠶᠠᠷᠤᠯᠲᠠ ᠶᠢ ᠬᠡᠷᠡᠭᠵᠢᠭᠦᠯᠦᠭᠰᠡᠨ ᠡᠰᠡᠬᠦ᠂ ᠲᠦᠭᠦᠬᠡᠢ ᠪᠣᠯᠭᠤᠭᠰᠠᠨ ᠢ ᠰᠠᠯᠭᠠᠬᠤ᠂ ᠪᠤᠯᠭᠤᠮᠵᠢᠳᠠᠢ ᠴᠢᠨᠠᠭᠰᠠᠨ ᠡᠰᠡᠬᠦ ᠶᠢ ᠪᠠᠶᠢᠴᠠᠭᠠᠨ ᠦᠵᠡᠪᠡ᠃     ᠲᠣᠰ ᠤᠳᠠᠭᠠᠨ ᠤ ᠪᠠᠶᠢᠴᠠᠭᠠᠯᠲᠠ ᠳᠤ᠂ ᠬᠠᠤᠯᠢ ᠬᠡᠷᠡᠭᠵᠢᠭᠦᠯᠬᠦ ᠠᠵᠢᠯᠲᠠᠨ ᠣᠯᠵᠤ ᠮᠡᠳᠡᠭᠰᠡᠨ ᠢᠳᠡᠭᠡᠨ ᠤ ᠠᠮᠤᠷ ᠲᠦᠪᠰᠢᠨ ᠤ ᠳᠠᠯᠳᠠ ᠬᠡᠮ ᠤᠨ ᠠᠰᠠᠭᠤᠳᠠᠯ ᠢ ᠲᠤᠬᠠᠶ ᠶᠢᠨ ᠭᠠᠵᠠᠷ ᠲᠤᠨᠢ ᠡᠯ᠎ᠡ ᠢᠳᠡᠭᠡᠨ ᠤᠮᠳᠠᠭᠠᠨ ᠤ ᠦᠶᠯᠡᠴᠢᠯᠡᠭᠡᠨ ᠤ ᠨᠢᠭᠡᠴᠡ ᠶᠢ ᠵᠢᠯᠣᠭᠤᠳᠤᠨ ᠴᠡᠭᠴᠡᠯᠡᠨ ᠰᠠᠶᠢᠵᠢᠷᠠᠭᠤᠯᠵᠤ᠂ ᠡᠯ᠎ᠡ ᠢᠳᠡᠭᠡᠨ ᠤᠮᠳᠠᠭᠠᠨ ᠤ ᠦᠶᠯᠡᠴᠢᠯᠡᠭᠡᠨ ᠤ ᠨᠢᠭᠡᠴᠡ ᠶᠢ ᠢᠳᠡᠭᠡᠨ ᠤ ᠲᠦᠭᠦᠬᠡᠶ ᠮᠠᠲ᠋ᠧᠷᠢᠶᠠᠯ ᠤᠨ ᠪᠠᠷᠠᠭ᠎ᠠ ᠣᠷᠣᠭᠤᠯᠬᠤ ᠶᠢ ᠴᠢᠩᠭ᠎ᠠ ᠪᠠᠶᠢᠴᠠᠭᠠᠬᠤ ᠪᠠ ᠭᠡᠷᠡᠴᠢ ᠪᠠᠷᠢᠮᠲᠠ ᠠᠪᠬᠤ ᠲᠦᠷᠢᠮ ᠢ ᠴᠢᠩᠭ᠎ᠠ ᠬᠡᠷᠡᠭᠵᠢᠭᠦᠯᠵᠦ᠂ ᠢᠳᠡᠭᠡᠨ ᠤ ᠮᠠᠲ᠋ᠧᠷᠢᠶᠠᠯ ᠤᠨ ᠪᠠᠷᠠᠭ᠎ᠠ ᠣᠷᠣᠭᠤᠯᠬᠤ ᠠᠷᠭ᠎ᠠ ᠵᠠᠮ᠂ ᠢᠷᠡᠯᠲᠡ ᠶᠢ ᠮᠥᠷᠳᠡᠵᠦ ᠪᠣᠯᠬᠤ ᠶᠢ ᠦᠨᠡᠨᠬᠦ ᠪᠠᠲᠤᠯᠠᠬᠤ ᠬᠡᠷᠡᠭᠲᠡᠶ ᠭᠡᠵᠦ ᠱᠠᠭᠠᠷᠳᠠᠪᠠ᠃    ᠲᠠᠷᠠᠭᠠᠴᠢ ᠶᠢᠨ ᠠᠯᠬᠤᠮ ᠳᠤ᠂ ᠵᠢᠨᠢᠩ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠢᠳᠡᠭᠡᠨ ᠤᠮᠳᠠᠭᠠᠨ ᠤ ᠦᠶᠯᠡᠴᠢᠯᠡᠭᠡᠨ ᠤ ᠨᠢᠭᠡᠴᠡ ᠶᠢᠨ ᠡᠳᠦᠷ ᠲᠤᠲᠤᠮ ᠤᠨ ᠬᠢᠨᠠᠯᠲᠠ ᠬᠠᠮᠢᠶᠠᠷᠤᠯᠲᠠ ᠪᠠᠨ ᠤᠯᠠᠮ ᠨᠢᠭᠡ ᠠᠯᠬᠤᠮ ᠴᠢᠩᠭᠠᠳᠬᠠᠵᠤ᠂ ᠢᠳᠡᠭᠡᠨ ᠤ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠦᠷᠭᠦᠯᠵᠢᠯᠡᠨ ᠪᠠᠬᠢᠵᠢᠭᠦᠯᠵᠦ᠂ ᠠᠷᠠᠳ ᠣᠯᠠᠨ ᠤ ︽ᠢᠳᠡᠭᠡᠨ ᠤᠮᠳᠠᠭᠠᠨ ᠤ ᠠᠮᠤᠷ ᠲᠦᠪᠰᠢᠨ︾ ᠢ ᠪᠥᠬᠦ ᠬᠦᠴᠦᠨ ᠢᠶᠠᠷ ᠢᠶᠠᠨ ᠰᠠᠬᠢᠨ ᠬᠠᠮᠠᠭᠠᠯᠠᠨ᠎ᠠ᠃           ᠣᠷᠴᠢᠭᠤᠯᠤᠭᠴᠢ᠄ ᠳ᠋ᠥᠩ ᠾᠦᠢ
 
ᠢᠷᠡᠯᠲᠡ᠄ ᠵᠢᠨᠢᠩ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2