ᠬᠠᠷᠠᠯᠲᠠ ᠪᠠᠨ ᠲᠣᠭᠲᠠᠭᠠᠵᠤ ᠬᠦᠴᠦ ᠪᠠᠨ ᠬᠠᠮᠲᠤᠳᠬᠠᠨ ᠰᠢᠨ᠎ᠡ ᠠᠶᠠᠨ ᠢᠶᠠᠨ ᠡᠬᠢᠯᠡᠭᠦᠯᠦᠶ᠎ᠡ
ᠨᠡᠶᠢᠲᠡᠯᠡᠭᠰᠡᠨ ᠴᠠᠭ᠄
2025/2/21
    ᠴᠠᠭ ᠬᠤᠭᠤᠴᠠᠭ᠎ᠠ᠄ 2025-02-11  09᠄ 00    ᠰᠣᠷᠪᠣᠯᠵᠢᠯᠠᠭᠰᠠᠨ ᠵᠣᠴᠢᠳ᠄ ᠵᠢᠨᠢᠩ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠺᠠᠩ ᠬᠠᠢ ᠷᠦᠢ    ᠲᠣᠪᠴᠢᠯᠠᠯ᠄ ︽ᠵᠠᠰᠠᠭ ᠤᠨ ᠣᠷᠳᠣᠨ ᠤ ᠠᠵᠢᠯ ᠤᠨ ᠢᠯᠡᠳᠬᠡᠯ ᠤᠯᠤᠰ ᠲᠥᠷᠥ ᠶᠢ ᠡᠷᠬᠢᠮᠯᠡᠬᠦ ᠮᠥᠷᠲᠡᠭᠡᠨ ᠣᠯᠠᠨ ᠲᠦᠮᠡᠨ ᠲᠠᠢ ᠣᠶᠢᠷᠠᠲᠤᠵᠤ᠂ ᠴᠢᠭᠯᠡᠯ ᠢ ᠲᠣᠳᠣᠷᠬᠠᠢ ᠪᠣᠯᠭᠠᠬᠤ ᠮᠥᠷᠲᠡᠭᠡᠨ ᠪᠣᠳᠠᠲᠤ ᠦᠷ᠎ᠡ ᠪᠦᠲᠦᠮᠵᠢ ᠶᠢ ᠡᠷᠬᠢᠮᠯᠡᠵᠦ᠂ ᠬᠠᠮᠲᠤ ᠶᠢᠨ ᠲᠠᠨᠢᠯᠲᠠ ᠶᠢ ᠨᠢᠭᠲᠠᠷᠠᠭᠤᠯᠤᠨ᠂ ᠢᠲᠡᠭᠡᠯ ᠵᠣᠷᠢᠭ᠂ ᠡᠷᠴᠢ ᠵᠣᠷᠢᠭ ᠢ ᠬᠥᠪᠴᠢᠯᠡᠵᠦ᠂ ᠤᠯᠠᠭᠠᠨᠴᠠᠪ ᠤᠨ ᠪᠣᠳᠠᠲᠤ ᠪᠠᠶᠢᠳᠠᠯ ᠲᠠᠢ ᠨᠡᠶᠢᠴᠡᠵᠦ᠂ ᠣᠯᠠᠨ ᠲᠦᠮᠡᠨ ᠤ ᠬᠦᠰᠡᠯ ᠡᠷᠡᠮᠡᠯᠵᠡᠯ ᠲᠠᠢ ᠨᠡᠶᠢᠴᠡᠵᠦ᠂ ᠪᠢ ᠰᠣᠨᠣᠰᠤᠭᠰᠠᠨ ᠤ ᠳᠠᠷᠠᠭ᠎ᠠ ᠮᠠᠰᠢ ᠶᠡᠭᠡ ᠰᠡᠩᠬᠡᠷᠡᠭᠦᠯᠦᠯ ᠤᠯᠪᠠ︾᠃ ᠣᠶᠢᠷ᠎ᠠ ᠳᠤ᠂ ᠵᠢᠨᠢᠩ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠺᠠᠩ ᠬᠠᠶ ᠷᠦᠢ ᠰᠤᠷᠪᠤᠯᠵᠢᠯᠠᠭᠴᠢ ᠶᠢᠨ ᠰᠤᠷᠪᠤᠯᠵᠢᠯᠠᠭ᠎ᠠ ᠶᠢ ᠬᠦᠯᠢᠶᠡᠬᠦ ᠳᠡᠭᠡᠨ᠂ ᠬᠤᠷᠠᠯ ᠤᠨ ᠵᠣᠷᠢᠭ ᠰᠠᠨᠠᠭ᠎ᠠ ᠶᠢ ᠲᠡᠷᠡ ᠶᠣᠰᠣᠭᠠᠷ ᠨᠢ ᠰᠠᠶᠢᠲᠤᠷ ᠨᠠᠶᠢᠳᠠᠪᠤᠷᠢᠵᠢᠭᠤᠯᠵᠤ᠂ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠲᠣᠬᠢᠷᠠᠭᠤᠯᠤᠯᠲᠠ ᠪᠠᠶᠢᠷᠢᠯᠠᠭᠤᠯᠤᠯᠲᠠ ᠶᠢᠨ ᠲᠣᠭᠤᠷᠢᠨ ᠳᠤ᠂ ᠡᠯ᠎ᠡ ᠵᠦᠶᠯ ᠤᠨ ᠠᠷᠭ᠎ᠠ ᠬᠡᠮᠵᠢᠶ᠎ᠡ ᠶᠢ ᠰᠢᠨ᠎ᠡ ᠨᠢᠭᠡ ᠵᠢᠯ ᠤᠨ ᠠᠵᠢᠯ ᠤᠨ ᠳᠤᠮᠳᠠ ᠨᠠᠶᠢᠳᠠᠪᠤᠷᠢᠵᠢᠭᠤᠯᠵᠤ᠂ ᠵᠢᠨᠢᠩ ᠲᠣᠭᠤᠷᠢᠭ ᠤᠨ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠳᠠᠬᠢᠨ ᠰᠢᠨ᠎ᠡ ᠳᠡᠭᠲᠡᠷ ᠲᠤ ᠭᠠᠷᠬᠤ ᠶᠢ ᠪᠥᠬᠦ ᠬᠦᠴᠦᠨ ᠢᠶᠠᠷ ᠢᠶᠠᠨ ᠠᠬᠢᠭᠤᠯᠤᠨ᠎ᠠ ᠭᠡᠪᠡ᠃   ᠰᠤᠷᠪᠤᠯᠵᠢᠯᠠᠭᠰᠠᠨ ᠪᠣᠳᠠᠳᠤ ᠲᠡᠮᠳᠡᠭᠯᠡᠯ   ᠺᠠᠩ ᠬᠠᠶ ᠷᠦᠢ ᠬᠡᠯᠡᠬᠦ ᠳᠡᠭᠡᠨ᠂ 2024 ᠤᠨ ᠪᠣᠯ ᠵᠢᠨᠢᠩ ᠲᠣᠭᠤᠷᠢᠭ ᠤᠨ ᠬᠥᠭᠵᠢᠯᠲᠡ ᠶᠢᠨ ᠶᠠᠪᠤᠴᠠ ᠳᠠᠬᠢ ᠲᠦᠢᠯ ᠤᠨ ᠶᠡᠷᠦ ᠪᠤᠰᠤ ᠶᠢᠨ ᠪᠠ ᠲᠦᠢᠯ ᠤᠨ ᠶᠡᠭᠡ ᠥᠷᠢᠰᠥᠯᠳᠦᠭᠡᠨ ᠲᠠᠢ ᠨᠢᠭᠡ ᠵᠢᠯ ᠮᠥᠨ᠃ ᠨᠠᠷᠢᠨ ᠪᠤᠳᠤᠯᠢᠶᠠᠨᠲᠠᠢ ᠬᠠᠲᠠᠭᠤ ᠴᠢᠩᠭ᠎ᠠ ᠭᠠᠳᠠᠭᠠᠳᠤ ᠣᠷᠴᠢᠨ᠂ ᠬᠡᠯᠪᠡᠷᠢ ᠪᠠᠨ ᠬᠤᠪᠢᠷᠠᠭᠤᠯᠤᠨ ᠰᠢᠪᠲᠤᠯᠬᠤ ᠪᠣᠳᠠᠲᠤ ᠬᠦᠰᠡᠯ ᠡᠷᠡᠮᠡᠯᠵᠡᠯ ᠪᠣᠯᠤᠨ ᠠᠵᠤ ᠠᠬᠤᠢ ᠶᠢᠨ ᠰᠡᠷᠭᠦᠭᠡᠯᠲᠡ ᠶᠢᠨ ᠶᠠᠪᠤᠴᠠ ᠳᠠᠬᠢ ᠳᠠᠪᠬᠤᠷ ᠰᠢᠯᠭᠠᠯᠲᠠ ᠶᠢᠨ ᠡᠮᠦᠨ᠎ᠡ᠂ ᠵᠢᠨᠢᠩ ᠲᠣᠭᠤᠷᠢᠭ ᠤᠨ ᠵᠠᠰᠠᠭ ᠤᠨ ᠣᠷᠳᠣᠨ ᠨᠠᠮ ᠤᠨ ᠬᠤᠷᠢᠳᠤᠭᠠᠷ ᠶᠡᠭᠡ ᠬᠤᠷᠠᠯ ᠪᠣᠯᠤᠨ ᠬᠤᠷᠢᠳᠤᠭᠠᠷ ᠬᠤᠭᠤᠴᠠᠭᠠᠨ ᠤ ᠬᠤᠶᠠᠳᠤᠭᠠᠷ᠂ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠭᠤᠣᠯ ᠰᠢᠵᠢᠮ ᠪᠣᠯᠭᠠᠵᠤ᠂ ︽ᠬᠤᠶᠠᠷ ᠶᠡᠭᠡ ᠶᠠᠪᠤᠳᠠᠯ︾ ᠢ ᠰᠠᠶᠢᠲᠤᠷ ᠬᠢᠬᠦ ᠶᠢᠨ ᠲᠣᠭᠤᠷᠢᠨ ᠳᠤ᠂ ︽ᠵᠢᠷᠭᠤᠭᠠᠨ ᠢᠨᠵᠧᠨᠧᠷᠢᠩ︾ ᠢ ᠪᠣᠳᠠᠲᠠᠢ ᠪᠥᠭᠡᠳ ᠨᠠᠷᠢᠯᠢᠭ ᠠᠳᠬᠤᠵᠤ᠂ ᠡᠯ᠎ᠡ ᠵᠦᠢᠯ ᠤᠨ ᠡᠭᠦᠷᠭᠡ ᠶᠢ ᠨᠡᠯᠢᠶᠡᠳ ᠰᠠᠶᠢᠨ ᠨᠠᠶᠢᠳᠠᠪᠤᠷᠢᠵᠢᠭᠤᠯᠵᠤ᠂ ᠨᠢᠭᠡ ᠬᠤᠪᠢ ᠳᠠᠷᠤᠨ ᠤᠷᠤᠭᠰᠢᠯᠠᠵᠤ᠂ ᠲᠤᠭ᠎ᠠ ᠬᠡᠮᠵᠢᠶ᠎ᠡ ᠶᠠᠰᠤ ᠴᠢᠨᠠᠷ ᠢ ᠵᠡᠷᠭᠡᠪᠡᠷ ᠳᠡᠭᠡᠭᠰᠢᠯᠡᠭᠦᠯᠦᠭᠰᠡᠨ ᠬᠥᠭᠵᠢᠯᠲᠡ ᠶᠢᠨ ᠬᠠᠷᠢᠭᠤᠯᠲᠠ ᠶᠢᠨ ᠬᠠᠭᠤᠳᠠᠰᠤ ᠲᠤᠰᠢᠶᠠᠪᠠ᠃    ᠺᠠᠩ ᠬᠠᠶ ᠷᠦᠢ ᠢᠯᠡᠷᠬᠡᠶᠢᠯᠡᠬᠦ ᠳᠡᠭᠡᠨ᠂ 2025 ᠣᠨ ᠳᠤ᠂ ᠵᠢᠨᠢᠩ ᠲᠣᠭᠤᠷᠢᠭ ᠲᠥᠷᠥᠯ ᠵᠦᠶᠯ ᠢ ᠡᠷᠡᠰ ᠭᠤᠶᠢᠪᠢᠰᠢ ᠥᠬᠡᠶ ᠪᠠᠷ ᠭᠠᠷ ᠲᠠᠭᠠᠨ ᠠᠳᠬᠤᠵᠤ᠂ ᠴᠢᠬᠤᠯᠠ ᠶᠡᠭᠡ ᠲᠥᠷᠥᠯ ᠵᠦᠶᠯ ᠢ ᠲᠥᠯᠥᠪᠵᠢᠭᠦᠯᠬᠦ ᠠᠵᠢᠯᠯᠠᠭ᠎ᠠ ᠶᠢ ᠭᠦᠨᠵᠡᠭᠡᠶ ᠥᠷᠨᠢᠭᠦᠯᠵᠦ᠂ ᠴᠢᠬᠤᠯᠠ ᠡᠯᠧᠮᠧᠨ᠋ᠲ ᠤᠨ ᠪᠠᠲᠤᠯᠠᠭ᠎ᠠ ᠶᠢ ᠴᠢᠩᠭᠠᠳᠬᠠᠨ᠂ ᠭᠤᠤᠯᠳᠠᠯᠭ᠎ᠠ ᠲᠠᠢ ᠲᠥᠷᠥᠯ ᠵᠦᠶᠯ ᠢ ᠡᠷᠲᠡ ᠪᠥᠲᠥᠭᠡᠨ ᠪᠠᠶᠢᠭᠤᠯᠬᠤ᠂ ᠡᠷᠲᠡ ᠠᠰᠢᠭᠯᠠᠯᠲᠠ ᠳᠤ ᠣᠷᠣᠭᠤᠯᠬᠤ᠂ ᠡᠷᠲᠡ ᠦᠷ᠎ᠡ ᠪᠦᠲᠦᠮᠵᠢ ᠤᠯᠬᠤ ᠶᠢ ᠠᠬᠢᠭᠤᠯᠬᠤ ᠬᠡᠷᠡᠭᠲᠡᠶ᠃ ᠡᠭᠦᠨ ᠤ ᠬᠠᠮᠲᠤ᠂ ᠭᠤᠤᠯᠳᠠᠯᠭ᠎ᠠ ᠲᠠᠢ ᠠᠵᠤ ᠦᠢᠯᠡᠰ ᠲᠤ ᠠᠩᠬᠠᠷᠤᠯ ᠢᠶᠠᠨ ᠲᠥᠪᠯᠡᠷᠡᠭᠦᠯᠵᠦ᠂ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠡᠷᠴᠢᠮ ᠢᠶᠠᠨ ᠴᠢᠩᠭᠠᠷᠠᠭᠤᠯᠤᠨ᠂ ᠪᠠᠯᠠ ᠣᠷᠣᠭᠤᠯᠤᠯᠲᠠ ᠶᠢᠨ ᠬᠡᠪᠴᠢᠶ᠎ᠡ ᠪᠠᠷ ᠶᠡᠭᠡ᠂ ᠬᠥᠭᠵᠢᠯᠲᠡ ᠶᠢᠨ ᠬᠡᠲᠦ ᠶᠢᠨ ᠲᠥᠯᠥᠪ ᠢᠶᠠᠷ ᠰᠠᠶᠢᠨ᠂ ᠳᠠᠶᠢᠴᠢᠯᠠᠬᠤ ᠴᠢᠳᠠᠪᠤᠷᠢ ᠪᠠᠷ ᠴᠢᠩᠭ᠎ᠠ ᠨᠢᠭᠡ ᠪᠦᠯᠦᠭ ᠲᠣᠮᠣ ᠲᠥᠷᠥᠯ ᠵᠦᠢᠯ᠂ ᠰᠠᠶᠢᠨ ᠲᠥᠷᠥᠯ ᠵᠦᠢᠯ ᠢ ᠴᠢᠷᠮᠠᠶᠢᠨ ᠣᠷᠣᠭᠤᠯᠤᠨ ᠠᠪᠴᠢᠷᠠᠨ᠎ᠠ᠃ ᠠᠵᠤ ᠦᠢᠯᠡᠰ ᠤᠨ ᠡᠨᠧᠷᠭᠢ ᠶᠢᠨ ᠳᠡᠰ ᠢ ᠪᠦᠬᠦ ᠬᠦᠴᠦᠨ ᠢᠶᠠᠷ ᠢᠶᠠᠨ ᠳᠡᠭᠡᠭᠰᠢᠯᠡᠭᠦᠯᠵᠦ᠂ ᠤᠳᠤ ᠶᠢᠨ ᠪᠠᠶᠢᠭ᠎ᠠ ᠠᠵᠤ ᠦᠢᠯᠡᠰ ᠤᠨ ᠰᠠᠭᠤᠷᠢ ᠶᠢᠨ ᠲᠣᠭᠤᠷᠢᠨ ᠳᠤ᠂ ᠰᠢᠨ᠎ᠡ ᠡᠨᠧᠷᠭᠢ ᠰᠢᠨ᠎ᠡ ᠮᠠᠲ᠋ᠧᠷᠢᠶᠠᠯ ᠤᠨ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠬᠤ᠂ ᠲᠤᠮᠤ ᠳ᠋ᠠᠶᠢᠲ᠋ᠠ ᠶᠢᠨ ᠠᠵᠤ ᠦᠢᠯᠡᠰ ᠤᠨ ᠦᠷ᠎ᠡ ᠠᠰᠢᠭ ᠢ ᠰᠢᠯᠢᠳᠡᠭᠵᠢᠭᠦᠯᠬᠦ᠂ ᠬᠤᠳᠠ ᠶᠢᠨ ᠲᠡᠭᠦᠷᠭᠡ ᠶᠢᠨ ᠬᠡᠯᠪᠡᠷᠢ ᠶᠢᠨ ᠤᠨᠴᠠᠯᠢᠬᠳᠤ ᠲᠠᠷᠢᠶᠠᠯᠠᠩ ᠢ ᠬᠦᠴᠦᠷᠬᠡᠭᠵᠢᠭᠦᠯᠬᠦ ᠪᠠ ᠠᠷᠠᠯᠵᠢᠶ᠎ᠠ ᠬᠤᠳᠠᠯᠳᠤᠭ᠎ᠠ ᠪᠠᠷᠠᠭᠠᠨ ᠤ ᠭᠦᠢᠯᠭᠡᠭᠡᠨ ᠤ ᠦᠢᠯᠡᠰ ᠢ ᠠᠮᠢᠳᠤᠯᠢᠭ ᠪᠣᠯᠭᠠᠬᠤ ᠳᠡᠭᠡᠷ᠎ᠡ ᠬᠦᠴᠦ ᠲᠠᠯᠪᠢᠵᠤ᠂ ᠰᠢᠨ᠎ᠡ ᠶᠠᠰᠤ ᠴᠢᠨᠠᠷ ᠤᠨ ᠦᠢᠯᠡᠳᠪᠦᠷᠢᠯᠡᠯ ᠤᠨ ᠬᠦᠴᠦᠨ ᠤ ᠠᠵᠤ ᠦᠢᠯᠡᠰ ᠤᠨ ᠥᠨᠳᠦᠷᠯᠢᠭ ᠢ ᠪᠦᠬᠦ ᠬᠦᠴᠦᠨ ᠢᠶᠠᠷ ᠢᠶᠠᠨ ᠴᠣᠭᠴᠠᠯᠠᠬᠤ ᠬᠡᠷᠡᠭᠲᠡᠢ᠃ ᠡᠭᠦᠨ ᠤ ᠬᠠᠮᠲᠤ᠂ ᠠᠷᠭ᠎ᠠ ᠪᠦᠬᠦᠨ ᠢ ᠰᠦᠪᠡᠭᠴᠢᠯᠡᠨ ᠬᠡᠷᠡᠭᠯᠡᠭᠡᠨ ᠤ ᠠᠮᠢᠵᠢᠷᠠᠯ ᠤᠨ ᠬᠦᠴᠦᠨ ᠢ ᠬᠥᠭᠵᠢᠭᠡᠵᠦ᠂ ᠭᠤᠣᠯ ᠬᠤᠲᠠ ᠲᠣᠭᠤᠷᠢᠭ ᠤᠨ ᠴᠤᠭᠯᠠᠷᠠᠯ ᠤᠨ ᠳᠠᠪᠠᠭᠤᠯᠢᠭ ᠢ ᠭᠦᠢᠴᠡᠳ ᠪᠠᠳᠠᠷᠠᠭᠤᠯᠵᠤ᠂ ︽ᠬᠤᠶᠠᠷ ᠰᠢᠨ᠎ᠡ︾ ᠶᠢᠨ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠬᠤ ᠶᠢ ᠬᠦᠴᠦᠯᠡᠨ ᠥᠷᠭᠡᠳᠬᠡᠵᠦ᠂ ᠰᠢᠨ᠎ᠡ ᠬᠡᠷᠡᠭᠯᠡᠭᠡᠨ ᠤ ᠬᠠᠯᠠᠮᠰᠢᠯ ᠴᠡᠭ ᠢ ᠢᠳᠡᠪᠬᠢᠲᠡᠢ ᠪᠤᠶᠢᠵᠢᠭᠤᠯᠵᠤ᠂ ᠥᠪᠡᠷᠮᠢᠴᠡ ᠣᠨᠴᠠᠯᠢᠭ ᠢᠶᠠᠷ ᠢᠯᠡ ᠲᠣᠳᠣ ᠰᠣᠶᠣᠯ ᠵᠤᠭᠠᠴᠠᠯ᠂ ᠰᠤᠳᠤᠯᠤᠨ ᠰᠤᠷᠤᠯᠴᠠᠬᠤ ᠪᠠ ᠪᠡᠶ᠎ᠡ ᠶᠢᠨ ᠲᠠᠮᠢᠷ ᠤᠨ ᠤᠷᠤᠯᠳᠤᠭᠠᠨ ᠤ ᠠᠵᠢᠯᠯᠠᠭ᠎ᠠ ᠶᠢ ᠨᠠᠷᠢᠨ ᠨᠢᠮᠪᠠᠢ ᠤᠬᠠᠭᠠᠯᠠᠵᠤ᠂ ᠵᠢᠨᠢᠩ ᠲᠣᠭᠤᠷᠢᠭ ᠢ ᠤᠯᠠᠨ ᠢᠶᠠᠷ ᠢᠶᠠᠨ ᠦᠵᠡᠬᠦ ᠰᠠᠨᠠᠭᠠᠲᠠᠢ᠂ ᠰᠠᠭᠤᠬᠤ ᠬᠦᠰᠡᠯᠡᠩ ᠲᠠᠢ ᠭᠠᠵᠠᠷ ᠪᠣᠯᠭᠠᠪᠠ᠃ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠪᠠᠷ ᠭᠤᠣᠯᠳᠠᠯᠭ᠎ᠠ ᠪᠣᠯᠭᠠᠵᠤ᠂ ᠬᠥᠭᠵᠢᠯᠲᠡ ᠶᠢᠨ ᠳᠤᠮᠳᠠ ᠠᠵᠢᠯ ᠣᠯᠭᠤᠯᠲᠠ᠂ ᠰᠤᠷᠭᠠᠨ ᠬᠥᠮᠦᠵᠢᠯ᠂ ᠡᠮ ᠡᠮᠨᠡᠯᠭᠡ᠂ ᠨᠠᠰᠤᠵᠢᠯ ᠤᠨ ᠠᠰᠠᠷᠠᠮᠵᠢ ᠵᠡᠷᠭᠡ ᠲᠠᠯ᠎ᠠ ᠶᠢᠨ ᠠᠷᠠᠳ ᠤᠨ ᠠᠮᠢᠳᠤᠷᠠᠯ ᠤᠨ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠠᠷᠠᠳ ᠤᠨ ᠠᠮᠢᠳᠤᠷᠠᠯ ᠤᠨ ᠬᠦᠷᠢᠶᠡᠨ ᠤ ᠳᠤᠲᠠᠭᠳᠠᠯ ᠢ ᠪᠦᠬᠦ ᠲᠠᠯ᠎ᠠ ᠪᠠᠷ ᠨᠥᠬᠦᠪᠥᠷᠢᠯᠡᠵᠦ᠂ ᠥᠭᠡᠷᠡᠴᠢᠯᠡᠯᠲᠡ ᠬᠥᠭᠵᠢᠯᠲᠡ ᠶᠢᠨ ᠦᠷ᠎ᠡ ᠪᠦᠲᠦᠭᠡᠯ ᠢ ᠠᠷᠠᠳ ᠤᠯᠠᠨ ᠳᠤ ᠦᠨᠡᠨᠬᠦ ᠬᠦᠷᠲᠡᠭᠡᠬᠦ ᠶᠢ ᠪᠠᠲᠤᠯᠠᠬᠤ ᠬᠡᠷᠡᠭᠲᠡᠢ᠃    ᠰᠢᠨ᠎ᠡ ᠬᠠᠷᠠᠯᠲᠠ ᠶᠢ ᠲᠣᠭᠲᠠᠭᠠᠵᠤ ᠰᠢᠨ᠎ᠡ ᠠᠶᠠᠨ ᠢᠶᠠᠨ ᠡᠬᠢᠯᠡᠭᠦᠯᠦᠶ᠎ᠡ᠃ ᠺᠠᠩ ᠬᠠᠶ ᠷᠦᠢ ᠢᠯᠡᠷᠬᠡᠶᠢᠯᠡᠬᠦ ᠳᠡᠭᠡᠨ᠂ ᠵᠢᠨᠢᠩ ᠲᠣᠭᠤᠷᠢᠭ ᠤᠨ ᠬᠢᠨ ᠳᠡᠭᠡᠳᠦ ᠱᠠᠲᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠲᠣᠬᠢᠷᠠᠭᠤᠯᠤᠯᠲᠠ ᠪᠠᠶᠢᠷᠢᠯᠠᠭᠤᠯᠤᠯᠲᠠ ᠶᠣᠰᠣᠭᠠᠷ᠂ ᠬᠠᠷᠠᠯᠲᠠ ᠪᠠᠨ ᠲᠣᠭᠲᠠᠭᠠᠵᠤ᠂ ᠡᠷᠴᠢ ᠵᠣᠷᠢᠭ ᠢᠶᠠᠨ ᠭᠦᠢᠴᠡᠳ ᠪᠠᠳᠠᠷᠠᠭᠤᠯᠤᠨ᠂ ᠱᠠᠯᠠᠪᠳᠠᠨ ᠪᠣᠳᠠᠲᠠᠶ ᠠᠵᠢᠯᠯᠠᠵᠤ᠂ ᠨᠡᠶᠢᠭᠡᠮ ᠵᠢᠷᠤᠮ ᠤᠨ ᠣᠳᠣᠬᠢᠴᠢᠯᠠᠭᠰᠠᠨ ᠵᠢᠨᠢᠩ ᠢ ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ ᠰᠢᠨ᠎ᠡ ᠬᠠᠭᠤᠳᠠᠰᠤ ᠶᠢ ᠪᠢᠴᠢᠭᠯᠡᠬᠦ ᠶᠢᠨ ᠲᠥᠯᠥᠭᠡ ᠴᠥᠬᠦᠷᠡᠰᠢ ᠥᠬᠡᠶ ᠲᠡᠮᠡᠴᠡᠨ᠎ᠡ ᠭᠡᠵᠡᠶ᠃
 
ᠢᠷᠡᠯᠲᠡ᠄ ᠵᠢᠨᠢᠩ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2