2 ᠰᠠᠷ᠎ᠠ ᠶᠢᠨ 14 ᠤ ᠡᠳᠦᠷ᠂ ᠵᠢᠨᠢᠩ ᠲᠣᠭᠤᠷᠢᠭ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢ | ᠠᠬᠢᠭᠤᠯᠬᠤ ᠵᠢᠴᠢ ︽ᠵᠢᠷᠭᠤᠭᠠᠨ ᠠᠵᠢᠯᠯᠠᠭ᠎ᠠ︾ ᠶᠢᠨ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠪᠠ | ᠃ | ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠢᠨᠢᠩ ᠲᠣᠭᠤᠷᠢᠭ ᠤᠨ ᠨᠠᠮ ᠤᠨ ᠬᠤᠷᠢᠶᠠᠨ ᠤ | ᠱᠦᠵᠢ ᠵᠠᠩ ᠶᠦᠩ ᠸᠧᠨ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃ | ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠲᠣᠭᠤᠷᠢᠭ ᠤᠨ ᠳᠠᠷᠤᠭ᠎ᠠ | ᠺᠠᠩ ᠬᠠᠢ ᠷᠦᠢ ᠬᠤᠷᠠᠯ ᠢ ᠡᠷᠬᠢᠯᠡᠪᠡ᠃ ᠤᠯᠠᠭᠠᠨᠴᠠᠪ · ᠡᠷᠢᠶᠡᠨ ᠬᠤᠲᠠ ᠶᠢᠨ ᠤᠯᠤᠰ ᠤᠨ ᠪᠠᠷᠠᠭᠠᠨ ᠤ | ᠭᠦᠢᠯᠭᠡᠭᠡᠨ ᠤ ᠵᠠᠩᠭᠢᠯᠠᠭ᠎ᠠ ᠶᠢᠨ ᠬᠦᠷᠢᠶᠡᠯᠡᠩ ᠲᠣᠭᠤᠷᠢᠭ ᠤᠨ ᠨᠠᠮ ᠤᠨ ᠠᠵᠢᠯᠯᠠᠬᠤ ᠬᠤᠷᠢᠶ᠎ᠠ ᠶᠢᠨ ᠱᠦᠵᠢ᠂ | ᠬᠠᠮᠢᠶᠠᠷᠤᠯᠲᠠ ᠶᠢᠨ ᠵᠥᠪᠯᠡᠯ ᠤᠨ ᠡᠷᠬᠢᠯᠡᠭᠴᠢ ᠵᠣᠣ ᠴᠢ ᡁᠢ᠂ ᠴᠠᠬᠠᠷ ᠳᠡᠭᠡᠳᠦ ᠰᠢᠨ᠎ᠡ ᠮᠡᠷᠭᠡᠵᠢᠯ ᠤᠨ ᠣᠷᠣᠨ ᠤ | ᠨᠠᠮ ᠤᠨ ᠠᠵᠢᠯ ᠤᠨ ᠬᠤᠷᠢᠶ᠎ᠠ ᠶᠢᠨ ᠭᠡᠰᠢᠭᠦᠨ᠂ ᠬᠠᠮᠢᠶᠠᠷᠤᠯᠲᠠ ᠶᠢᠨ ᠵᠥᠪᠯᠡᠯ ᠤᠨ ᠳᠡᠳ᠋ ᠡᠷᠬᠢᠯᠡᠭᠴᠢ ᠵᠢᠶᠠ ᠶᠣᠣ | ᠳ᠋ᠦᠩ ᠤᠷᠢᠯᠭ᠎ᠠ ᠪᠠᠷ ᠬᠤᠷᠠᠯ ᠳᠤ ᠣᠷᠣᠯᠴᠠᠪᠠ᠃ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠪᠠᠶᠢᠩᠭᠤ ᠶᠢᠨ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠡᠷᠬᠢᠯᠡᠭᠴᠢ ᠴᠧᠨ | ᠸᠧᠢ᠂ ᠲᠣᠭᠤᠷᠢᠭ ᠤᠨ ᠤᠯᠤᠰ ᠲᠦᠷᠦ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ | ᠲᠡᠷᠢᠭᠦᠯᠡᠭᠴᠢ ᠯᠢᠦ ᠴᠢ ᠵᠡᠷᠭᠡ ᠲᠣᠭᠤᠷᠢᠭ ᠤᠨ ᠤᠳᠤᠷᠢᠳᠤᠯᠭ᠎ᠠ ᠬᠤᠷᠠᠯ ᠳᠤ ᠣᠷᠣᠯᠴᠠᠪᠠ᠃ | ᠵᠠᠩ ᠶᠦᠩ ᠸᠧᠨ᠂ ︽ᠵᠢᠷᠭᠤᠭᠠᠨ ᠠᠵᠢᠯᠯᠠᠭ᠎ᠠ︾ ᠪᠣᠯ ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶ᠎ᠠ ᠶᠢᠨ ︽ᠵᠢᠷᠭᠤᠭᠠᠨ ᠢᠨᠵᠧᠨᠧᠷᠢᠩ︾ ᠤᠨ ᠳᠠᠷᠠᠭᠠᠬᠢ ᠪᠠᠰᠠ ᠨᠢᠭᠡᠨ ᠴᠢᠬᠤᠯᠠ ᠶᠡᠭᠡ ᠪᠠᠶᠢᠷᠢᠯᠠᠭᠤᠯᠤᠯᠲᠠ | ᠪᠣᠯᠤᠨ᠎ᠠ᠂ ᠡᠨᠡ ᠵᠢᠯ ᠤᠨ ᠡᠯ᠎ᠡ ᠵᠦᠢᠯ ᠤᠨ ᠠᠵᠢᠯ ᠢ ᠶᠡᠷᠦᠩᠬᠡᠶᠢᠯᠡᠨ ᠬᠦᠳᠦᠯᠦᠨ ᠳᠠᠭᠠᠭᠤᠯᠬᠤ ᠪᠣᠯᠤᠨ᠎ᠠ᠂ ᠡᠷᠬᠡᠪᠰᠢ | ᠰᠠᠶᠢᠲᠤᠷ ᠠᠳᠬᠤᠬᠤ ᠤᠯᠤᠰ ᠲᠦᠷᠦ ᠶᠢᠨ ᠡᠭᠦᠷᠭᠡ᠂ ᠬᠥᠭᠵᠢᠯᠲᠡ ᠶᠢᠨ ᠶᠡᠭᠡ ᠶᠠᠪᠤᠳᠠᠯ ᠪᠣᠯᠤᠨ ᠠᠷᠠᠳ ᠤᠨ | ᠠᠮᠢᠳᠤᠷᠠᠯ ᠤᠨ ᠢᠨᠵᠧᠨᠧᠷᠢᠩ ᠪᠣᠯᠤᠨ᠎ᠠ᠃ ᠡᠯ᠎ᠡ ᠱᠠᠳᠤ ᠡᠯ᠎ᠡ ᠰᠠᠯᠠᠭ᠎ᠠ ᠮᠥᠴᠢᠷ ᠤᠨ ᠬᠢᠨ ︽ᠤᠳᠠᠭᠠᠰᠢᠷᠠᠭᠤᠯᠵᠤ | ᠪᠣᠯᠬᠤ ᠦᠭᠡᠢ︾ ᠲᠤᠯᠭᠠᠮ᠎ᠠ ᠰᠡᠳᠬᠢᠯᠭᠡ ᠪᠣᠯᠤᠨ ︽ᠰᠠᠭᠤᠵᠤ ᠳᠡᠶᠢᠯᠬᠦ ᠦᠭᠡᠢ︾ ᠬᠠᠷᠢᠭᠤᠴᠠᠯᠭᠠᠲᠤ | ᠰᠡᠳᠬᠢᠯᠭᠡ ᠪᠠᠨ ᠴᠢᠩᠭᠠᠳᠬᠠᠵᠤ᠂ ᠵᠥᠷᠢᠶ᠎ᠡ ᠶᠢᠨ ᠲᠠᠯ᠎ᠠ ᠪᠠᠷ ᠳᠤᠲᠠᠭᠳᠠᠯ ᠢᠶᠠᠨ ᠨᠥᠬᠦᠪᠥᠷᠢᠯᠡᠵᠦ᠂ ᠪᠠᠶᠢᠳᠠᠯ ᠢᠶᠠᠨ | ᠪᠠᠲᠤᠯᠠᠵᠤ ᠦᠷᠭᠦᠯᠵᠢᠯᠡᠨ ᠠᠵᠢᠯᠯᠠᠵᠤ᠂ ᠢᠯᠠᠯᠲᠠ ᠶᠢᠨ ᠡᠷᠴᠢᠨ ᠳᠡᠭᠡᠷ᠎ᠡ ᠪᠠᠨ ᠤᠷᠤᠭᠰᠢᠯᠠᠨ ᠦᠷ᠎ᠡ ᠪᠦᠲᠦᠭᠡᠯ ᠢᠶᠠᠨ | ᠥᠷᠭᠡᠳᠬᠡᠵᠦ᠂ ᠡᠨᠡ ᠵᠢᠯ ᠳᠤ ᠨᠡᠩ ᠰᠠᠶᠢᠨ ᠠᠮᠵᠢᠯᠲᠠ ᠣᠯᠵᠤ᠂ ᠨᠡᠩ ᠶᠡᠭᠡ ᠰᠢᠪᠲᠤᠯᠤᠯᠲᠠ ᠭᠠᠷᠭᠠᠬᠤ ᠪᠠᠷ | ᠴᠢᠷᠮᠠᠶᠢᠬᠤ ᠬᠡᠷᠡᠭᠲᠡᠢ᠃ ᠬᠤᠷᠳᠤᠴᠠ ᠪᠠᠨ ᠲᠦᠷᠭᠡᠳᠬᠡᠨ ᠴᠢᠩᠭ᠎ᠠ ᠠᠳᠬᠤᠨ ᠲᠦᠷᠭᠡᠨ ᠠᠵᠢᠯᠯᠠᠵᠤ᠂ ᠲᠣᠭᠲᠠᠭᠰᠠᠨ | ᠪᠠᠶᠢᠷᠢᠯᠠᠭᠤᠯᠤᠯᠲᠠ ᠳᠤ ᠠᠩᠬᠠᠷᠤᠯ ᠢᠶᠠᠨ ᠲᠥᠪᠯᠡᠷᠡᠭᠦᠯᠦᠨ᠂ ᠳᠠᠷᠤᠶ ᠲᠦᠷᠭᠡᠨ ᠪᠠᠶᠢᠳᠠᠯ ᠳᠤ ᠣᠷᠣᠵᠤ᠂ ᠱᠠᠯᠠᠪᠳᠠᠨ | ᠬᠥᠳᠡᠯᠦᠯᠴᠡᠵᠦ᠂ ᠬᠢᠵᠦ᠂ ᠶᠠᠭᠠᠷᠠᠵᠤ᠂ ᠭᠦᠶᠦᠵᠦ᠂ ᠴᠢᠳᠠᠮᠠᠭᠠᠶ ᠪᠠᠷ ᠬᠢᠵᠦ ᠴᠢᠳᠠᠮᠠᠭᠠᠶ ᠪᠠᠷ ᠪᠣᠳᠠᠲᠠᠢ ᠠᠵᠢᠯᠯᠠᠵᠤ᠂ | ︽ᠵᠢᠷᠭᠤᠭᠠᠨ ᠠᠵᠢᠯᠯᠠᠭ᠎ᠠ︾ ᠶᠢᠨ ᠯᠠᠪᠳᠠᠭᠤᠨ ᠪᠠᠲᠤᠲᠠᠶ ᠦᠷ᠎ᠡ ᠪᠦᠲᠦᠮᠵᠢ ᠤᠯᠬᠤ ᠶᠢ ᠪᠥᠬᠦ ᠬᠦᠴᠦᠨ ᠢᠶᠠᠷ ᠢᠶᠠᠨ | ᠠᠬᠢᠭᠤᠯᠬᠤ ᠬᠡᠷᠡᠭᠲᠡᠶ᠃ | ᠵᠠᠩ ᠶᠦᠩ ᠸᠧᠨ ᠬᠡᠯᠡᠬᠦ ᠳᠡᠭᠡᠨ᠂ ᠨᠢᠭᠡᠳᠦᠭᠡᠷ ᠤᠯᠠᠷᠢᠯ ᠪᠣᠯ ᠪᠥᠬᠦ ᠵᠢᠯ ᠤᠨ ᠠᠵᠤ ᠠᠬᠤᠶ ᠶᠢᠨ ᠬᠠᠨᠳᠤᠰᠢ ᠶᠢᠨ | ᠲᠡᠮᠳᠡᠭ ᠮᠥᠨ᠂ ︽ᠨᠢᠭᠡᠳᠦᠭᠡᠷ ᠰᠢᠳᠠᠮ︾ ᠢ ᠰᠠᠶᠢᠲᠤᠷ ᠭᠦᠶᠦᠬᠦ ᠨᠢ ᠲᠦᠢᠯ ᠤᠨ ᠴᠢᠬᠤᠯᠠ ᠶᠤᠮ᠃ ᠦᠷᠭᠦᠯᠵᠢᠯᠡᠨ | ᠪᠠᠶᠢᠭᠤᠯᠬᠤ ᠲᠦᠷᠦᠯ ᠵᠦᠢᠯ ᠤᠨ ᠠᠵᠢᠯ ᠢᠶᠠᠨ ᠰᠡᠷᠭᠦᠭᠡᠬᠦ᠂ ᠰᠢᠨ᠎ᠡ ᠪᠠᠷ ᠪᠠᠶᠢᠭᠤᠯᠬᠤ ᠲᠦᠷᠦᠯ ᠵᠦᠢᠯ ᠤᠨ | ᠠᠵᠢᠯ ᠢᠶᠠᠨ ᠡᠬᠢᠯᠡᠭᠦᠯᠬᠦ᠂ ᠨᠥᠭᠡᠴᠡᠯᠡᠬᠦ ᠲᠦᠷᠦᠯ ᠵᠦᠢᠯ ᠢ ᠣᠷᠣᠭᠤᠯᠤᠨ ᠠᠪᠴᠢᠷᠠᠬᠤ ᠲᠠᠯ᠎ᠠ ᠪᠠᠷ ᠦᠷᠭᠦᠯᠵᠢᠯᠡᠨ | ᠬᠦᠴᠦᠯᠡᠵᠦ᠂ ᠲᠦᠷᠦᠯ ᠵᠦᠢᠯ ᠪᠦᠷᠢ ᠶᠢ ᠪᠣᠳᠠᠲᠠᠢ ᠠᠳᠬᠤᠵᠤ᠂ ᠠᠵᠤ ᠠᠬᠤᠶᠢᠯᠠᠯ ᠪᠦᠬᠦᠨ ᠳᠤ ᠬᠦᠴᠦᠨ | ᠨᠡᠮᠡᠷᠢᠯᠡᠵᠦ᠂ ᠴᠢᠬᠤᠯᠠ ᠶᠡᠭᠡ ᠲᠦᠷᠦᠯ ᠵᠦᠢᠯ ᠢ ᠦᠷᠭᠦᠯᠵᠢᠯᠡᠨ ᠨᠠᠶᠢᠳᠠᠪᠤᠷᠢᠵᠢᠭᠤᠯᠤᠨ ᠲᠦᠷᠭᠡᠨ ᠬᠡᠷᠡᠭᠯᠡᠬᠦ ᠶᠢ | ᠠᠬᠢᠭᠤᠯᠬᠤ ᠬᠡᠷᠡᠭᠲᠡᠢ᠃ ᠬᠡᠷᠡᠭᠯᠡᠭᠡ ᠶᠢ ᠪᠦᠬᠦ ᠬᠦᠴᠦᠨ ᠢᠶᠠᠷ ᠢᠶᠠᠨ ᠬᠥᠭᠵᠢᠭᠡᠵᠦ᠂ ︽ᠬᠤᠶᠠᠷ ᠰᠢᠨ᠎ᠡ︾ ᠶᠢᠨ | ᠲᠦᠷᠦ ᠶᠢᠨ ᠪᠤᠳᠤᠯᠭ᠎ᠠ ᠶᠢ ᠭᠦᠢᠴᠡᠳ ᠰᠠᠶᠢᠲᠤᠷ ᠬᠡᠷᠡᠭᠯᠡᠵᠦ᠂ ᠬᠦᠷᠦᠯᠴᠡᠬᠦ ᠴᠢᠨᠠᠷᠲᠠᠢ ᠬᠡᠷᠡᠭᠯᠡᠭᠡ ᠶᠢ ᠪᠦᠬᠦ | ᠲᠠᠯ᠎ᠠ ᠪᠠᠷ ᠰᠡᠷᠭᠦᠭᠡᠵᠦ᠂ ᠰᠣᠶᠣᠯ ᠵᠢᠭᠤᠯᠴᠢᠯᠠᠯ ᠤᠨ ᠰᠢᠨ᠎ᠡ ᠡᠵᠡᠩᠨᠡᠯᠲᠡ ᠶᠢᠨ ᠬᠡᠯᠪᠡᠷᠢ ᠶᠢ ᠪᠠᠶᠠᠯᠢᠭᠵᠢᠭᠤᠯᠤᠨ | ᠬᠥᠭᠵᠢᠭᠦᠯᠵᠦ᠂ ᠨᠢᠭᠡᠳᠦᠭᠡᠷ ᠤᠯᠠᠷᠢᠯ ᠤᠨ ᠬᠡᠷᠡᠭᠯᠡᠭᠡᠨ ᠤ ᠰᠢᠨ᠎ᠡ ᠰᠢᠪᠲᠤᠯᠤᠯᠲᠠ ᠲᠠᠢ ᠪᠣᠯᠬᠤ ᠶᠢ ᠠᠬᠢᠭᠤᠯᠬᠤ | ᠬᠡᠷᠡᠭᠲᠡᠢ᠃ ᠵᠠᠬ᠎ᠠ ᠳᠡᠯᠭᠡᠭᠦᠷ ᠤᠨ ᠭᠤᠣᠯ ᠴᠣᠭᠴᠠ ᠶᠢ ᠪᠤᠶᠢᠵᠢᠭᠤᠯᠬᠤ ᠶᠢ ᠶᠡᠬᠡᠪᠡᠷ ᠠᠳᠬᠤᠵᠤ᠂ ᠵᠠᠬ᠎ᠠ | ᠳᠡᠯᠭᠡᠭᠦᠷ ᠤᠨ ᠭᠤᠣᠯ ᠴᠣᠭᠴᠠ ᠶᠢᠨ ᠠᠮᠢᠵᠢᠷᠠᠯ ᠤᠨ ᠬᠦᠴᠦᠨ ᠢ ᠤᠯᠠᠮ ᠴᠢᠨᠠᠭᠰᠢᠳᠠ ᠬᠥᠭᠵᠢᠭᠡᠵᠦ᠂ ᠠᠵᠤ ᠠᠬᠤᠢ | ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠰᠠᠭᠤᠷᠢ ᠲᠠᠯᠪᠢᠬᠤ ᠬᠡᠷᠡᠭᠲᠡᠢ᠃ ᠲᠠᠷᠢᠶᠠᠯᠠᠩ ᠤᠨ | ᠦᠢᠯᠡᠳᠪᠦᠷᠢᠯᠡᠯ ᠤᠨ ᠬᠡᠷᠡᠭᠰᠡᠯ ᠤᠨ ᠬᠠᠩᠭᠠᠯᠭ᠎ᠠ ᠬᠡᠷᠡᠭᠴᠡᠭᠡ ᠶᠢᠨ ᠪᠠᠶᠢᠳᠠᠯ ᠢ ᠣᠶᠢᠯᠠᠭᠠᠬᠤ ᠠᠵᠢᠯ ᠢ ᠢᠳᠡᠪᠬᠢᠲᠡᠢ | ᠥᠷᠨᠢᠭᠦᠯᠵᠦ᠂ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ ᠢ ᠤᠷᠢᠳᠴᠢᠯᠠᠨ ᠰᠠᠶᠢᠲᠤᠷ ᠬᠢᠵᠦ᠂ ᠲᠠᠷᠢᠶᠠᠯᠠᠬᠤ | ᠴᠠᠭ ᠢ ᠰᠠᠭᠠᠲᠠᠭᠠᠬᠤ ᠦᠭᠡᠢ᠂ ᠲᠠᠷᠢᠶᠠᠯᠠᠩ ᠤᠨ ᠶᠠᠪᠤᠳᠠᠯ ᠢ ᠰᠠᠭᠠᠲᠠᠭᠠᠬᠤ ᠦᠭᠡᠢ ᠪᠠᠶᠢᠬᠤ ᠶᠢ ᠪᠠᠲᠤᠯᠠᠬᠤ ᠬᠡᠷᠡᠭᠲᠡᠢ᠃ | | ᠵᠠᠩ ᠶᠦᠩ ᠸᠧᠨ ᠬᠡᠯᠡᠬᠦ ᠳᠡᠭᠡᠨ᠂ ᠡᠯ᠎ᠡ ᠵᠦᠢᠯ ᠤᠨ ᠬᠠᠷᠠᠯᠲᠠ ᠡᠭᠦᠷᠭᠡ ᠶᠢ ᠪᠡᠶᠡᠯᠡᠭᠦᠯᠬᠦ ᠶᠢᠨ ᠵᠠᠩᠭᠢᠯᠠᠭ᠎ᠠ ᠨᠢ | ᠬᠦᠨᠳᠦ ᠪᠠᠶᠢᠨ᠎ᠠ᠃ ᠡᠯ᠎ᠡ ᠱᠠᠲᠤᠨ ᠤ ᠤᠳᠤᠷᠢᠳᠬᠤ ᠺᠠᠳ᠋ᠷ ᠲᠦᠷᠦᠭᠦᠯᠡᠨ ᠪᠤᠰᠢᠭᠤ ᠱᠠᠯᠠᠮᠠᠭᠠᠶ ᠠᠵᠢᠯᠯᠠᠬᠤ ᠠᠵᠢᠯ ᠤᠨ | ᠰᠤᠷᠲᠠᠯ ᠢ ᠪᠠᠳᠠᠷᠠᠭᠤᠯᠵᠤ᠂ ᠭᠤᠤᠯ ᠬᠤᠲᠠ ᠶᠢᠨ ᠲᠣᠭᠤᠷᠢᠭ ᠤᠨ ᠤᠯᠤᠰ ᠲᠥᠷᠥ ᠶᠢᠨ ᠬᠠᠷᠢᠭᠤᠴᠠᠯᠭ᠎ᠠ ᠶᠢ ᠪᠠᠲᠤ | ᠡᠭᠦᠷᠭᠡᠯᠡᠵᠦ᠂ ︽ ᠬᠡᠪᠲᠡᠩᠬᠡᠢ︾ ᠦᠵᠡᠯ ᠰᠠᠨᠠᠭ᠎ᠠ ᠶᠢ ᠲᠠᠶᠠᠭᠳᠠᠵᠤ᠂ ᠲᠠᠶᠢᠯᠪᠤᠷᠢᠯᠠᠬᠤ ᠰᠡᠳᠬᠢᠬᠦᠶ ᠪᠠᠨ | ᠴᠢᠩᠭᠠᠳᠬᠠᠵᠤ᠂ ᠡᠪᠬᠡᠮᠡᠯ ᠲᠤᠰᠢᠶᠠᠵᠤ ᠲᠠᠩᠰᠠ ᠲᠤᠰᠢᠶᠠᠬᠤ ᠤᠬᠠᠮᠰᠠᠷ ᠢᠶᠠᠨ ᠴᠢᠩᠭᠠᠳᠬᠠᠵᠤ᠂ ᠥᠨᠳᠥᠷ | ᠦᠰᠦᠷᠦᠯᠲᠡ ᠬᠢᠵᠦ᠂ ᠬᠦᠨᠳᠦ ᠡᠭᠦᠷᠭᠡ ᠶᠢ ᠵᠣᠷᠢᠭᠲᠠᠶ ᠪᠠᠷ ᠡᠭᠦᠷᠭᠡᠯᠡᠵᠦ᠂ ᠪᠥᠬᠦ ᠵᠢᠯ ᠤᠨ ᠡᠯ᠎ᠡ ᠵᠦᠢᠯ ᠤᠨ | ᠬᠠᠷᠠᠯᠲᠠ ᠡᠭᠦᠷᠭᠡ ᠪᠠᠨ ᠥᠨᠳᠥᠷ ᠪᠠᠷᠢᠮᠵᠢᠶ᠎ᠠ ᠪᠠᠷ᠂ ᠴᠢᠨᠠᠷ ᠰᠠᠶᠢᠲᠠᠶ ᠪᠡᠶᠡᠯᠡᠭᠦᠯᠬᠦ ᠬᠡᠷᠡᠭᠲᠡᠶ᠃ | | ᠬᠤᠷᠠᠯ ᠠᠴᠠ 2024 ᠣᠨ ᠤ ᠵᠢᠨᠢᠩ ᠲᠣᠭᠤᠷᠢᠭ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠭᠤᠣᠯ | ᠭᠦᠢᠴᠡᠳᠬᠡᠯ ᠲᠤᠭ᠎ᠠ᠂ ᠭᠤᠣᠯᠳᠠᠯᠭ᠎ᠠ ᠲᠠᠢ ᠠᠵᠢᠯ ᠢ ᠪᠡᠶᠡᠯᠡᠭᠦᠯᠦᠭᠰᠡᠨ ᠪᠠᠶᠢᠳᠠᠯ ᠢ ᠮᠡᠳᠡᠭᠳᠡᠵᠦ᠂ 2025 ᠣᠨ ᠤ | ᠨᠢᠭᠡᠳᠦᠭᠡᠷ ᠤᠯᠠᠷᠢᠯ ᠤᠨ ︽ᠰᠠᠶᠢᠨ ᠡᠬᠢᠯᠡᠯᠲᠡ︾ ᠪᠠ ᠪᠦᠬᠦ ᠵᠢᠯ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ | ᠡᠭᠦᠷᠭᠡ ᠶᠢ ᠲᠤᠬᠢᠷᠠᠭᠤᠯᠪᠠ᠃ | ᠲᠣᠭᠤᠷᠢᠭ ᠤᠨ ᠤᠳᠤᠷᠢᠳᠤᠯᠭ᠎ᠠ ᠸᠧᠶ ᠸᠧᠶ᠂ ᠯᠢ ᠵᠢᠩ᠂ ᠱᠧᠨ ᠳ᠋ᠦᠩ ᠮᠧᠶ᠂ ᠱᠢ ᠭᠤᠸᠠᠩ᠂ ᠭᠦᠸᠧ | ᠾᠦᠢ ᠲᠣᠰ ᠲᠣᠰ ︽ᠵᠢᠷᠭᠤᠭᠠᠨ ᠠᠵᠢᠯᠯᠠᠭ᠎ᠠ︾ ᠶᠢᠨ ᠬᠡᠷᠡᠭᠵᠢᠭᠦᠯᠬᠦ ᠲᠥᠰᠦᠯ ᠢ ᠤᠩᠰᠢᠨ ᠲᠠᠶᠢᠯᠪᠤᠷᠢᠯᠠᠭᠰᠠᠨ | ᠪᠥᠭᠡᠳ ᠭᠤᠤᠯᠳᠠᠯᠭ᠎ᠠ ᠲᠠᠢ ᠬᠦᠷᠢᠶᠡᠨ ᠤ ᠠᠵᠢᠯ ᠢ ᠳᠣᠭᠢᠷᠠᠭᠤᠯᠪᠠ︔ ᠲᠣᠭᠤᠷᠢᠭ ᠤᠨ ᠬᠥᠭᠵᠢᠭᠦᠯᠦᠯᠲᠡ | ᠥᠭᠡᠷᠡᠴᠢᠯᠡᠯᠲᠡ ᠶᠢᠨ ᠵᠥᠪᠯᠡᠯ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ | ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ ᠪᠠᠯᠠ ᠣᠷᠣᠭᠤᠯᠤᠯᠲᠠ ᠶᠢ ᠠᠬᠢᠭᠤᠯᠬᠤ ᠲᠥᠪ᠂ ᠤᠯᠤᠰ ᠤᠨ | ᠥᠮᠴᠢᠯᠡᠯ ᠤᠨ ᠡᠳ᠋ ᠬᠥᠷᠥᠩᠭᠡ ᠶᠢᠨ ᠵᠥᠪᠯᠡᠯ ᠪᠠ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠵᠠᠰᠠᠭ ᠤᠨ | ᠶᠠᠪᠤᠳᠠᠯ ᠤᠨ ᠦᠢᠯᠡᠴᠢᠯᠡᠭᠡ ᠬᠢᠭᠡᠳ ᠲᠤᠭ᠎ᠠ ᠪᠠᠷᠢᠮᠲᠠ ᠶᠢᠨ ᠬᠠᠮᠢᠶᠠᠷᠤᠯᠲᠠ ᠶᠢᠨ ᠲᠣᠪᠴᠢᠶ᠎ᠠ ᠶᠢᠨ ᠭᠤᠤᠯ | ᠬᠠᠷᠢᠭᠤᠴᠠᠯᠭᠠᠲᠠᠨ ᠶᠠᠷᠢᠶ᠎ᠠ ᠲᠠᠯᠪᠢᠪᠠ᠃ | | | | ᠨᠠᠶᠢᠷᠠᠭᠤᠯᠤᠭᠴᠢ᠄ ᠸᠠᠩ ᠵᠢᠩ ᠵᠢᠩ᠂ ᠴᠢᠶᠣᠣ ᠮᠢᠨ ᠮᠢᠨ | ᠣᠷᠴᠢᠭᠤᠯᠤᠭᠴᠢ᠄ ᠳ᠋ᠥᠩ ᠾᠦᠢ |