2 ᠰᠠᠷ᠎ᠠ ᠶᠢᠨ 5 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠢᠨᠢᠩ | ᠲᠣᠭᠤᠷᠢᠭ ᠤᠨ ᠨᠠᠮ ᠤᠨ ᠬᠤᠷᠢᠶᠠᠨ ᠤ ᠱᠦᠵᠢ ᠵᠠᠩ ᠶᠦᠩ ᠸᠧᠨ᠂ ᠵᠢᠨᠢᠩ ᠲᠣᠭᠤᠷᠢᠭ ᠤᠨ ᠨᠠᠮ ᠤᠨ ᠬᠤᠷᠢᠶᠠᠨ ᠤ | ᠳᠡᠳ᠋ ᠱᠦᠵᠢ᠂ ᠵᠠᠰᠠᠭ ᠤᠨ ᠣᠷᠳᠣᠨ ᠤ ᠲᠣᠭᠤᠷᠢᠭ ᠤᠨ ᠳᠠᠷᠤᠭ᠎ᠠ ᠺᠠᠩ ᠬᠠᠢ ᠷᠦᠢ ᠠᠮᠢ ᠠᠬᠤᠢ ᠣᠷᠴᠢᠨ | ᠲᠣᠭᠤᠷᠢᠨ ᠤ ᠬᠠᠮᠠᠭᠠᠯᠠᠯᠲᠠ ᠶᠢᠨ ᠠᠵᠢᠯ ᠢ ᠪᠠᠶᠢᠴᠠᠭᠠᠨ ᠰᠤᠳᠤᠯᠪᠠ᠃ | ᠵᠠᠩ ᠶᠦᠩ ᠸᠧᠨ ᠨᠠᠷ ᠤᠷᠢᠳ ᠬᠤᠵᠢᠳ ᠰᠢᠶᠤᠤ ᠳ᠋ᠦᠩ ᠲᠠᠨ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ᠂ | ᠠᠵᠤ ᠦᠢᠯᠡᠳᠪᠦᠷᠢ ᠶᠢᠨ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ ᠶᠢᠨ ᠲᠦᠷᠦᠯ ᠵᠦᠢᠯ ᠤᠨ ᠲᠤᠬᠠᠢ ᠶᠢᠨ | ᠲᠠᠯᠠᠪᠠᠢ ᠵᠡᠷᠭᠡ ᠭᠠᠵᠠᠷ ᠲᠤ ᠬᠦᠷᠴᠦ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠠᠬᠢᠴᠠ ᠶᠢ | ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠪᠣᠬᠢᠷ ᠤᠰᠤ ᠶᠢ ᠬᠤᠷᠢᠶᠠᠨ ᠴᠤᠭᠯᠠᠭᠤᠯᠵᠤ ᠰᠢᠢᠳᠪᠦᠷᠢᠯᠡᠬᠦ | ᠤᠷ᠎ᠠ ᠮᠡᠷᠭᠡᠰᠢᠯ᠂ ᠤᠰᠤ ᠭᠠᠷᠭᠠᠬᠤ ᠪᠠᠷᠢᠮᠵᠢᠶ᠎ᠠ ᠵᠡᠷᠭᠡ ᠪᠠᠶᠢᠳᠠᠯ ᠢ ᠨᠠᠷᠢᠨ ᠣᠶᠢᠯᠠᠭᠠᠬᠤ ᠶᠢᠨ ᠬᠠᠮᠲᠤ ᠪᠣᠳᠠᠲᠠᠢ | ᠱᠠᠭᠠᠷᠳᠠᠯᠭ᠎ᠠ ᠳᠤᠷᠠᠳᠴᠠᠢ᠃ | ᠵᠠᠩ ᠶᠦᠩ ᠸᠧᠨ᠂ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠨᠢ ᠬᠥᠭᠵᠢᠯᠲᠡ ᠶᠢᠨ ᠶᠡᠭᠡ | ᠲᠠᠯ᠎ᠠ ᠲᠠᠢ ᠬᠤᠯᠪᠣᠭᠳᠠᠵᠤ᠂ ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠲᠠᠢ ᠬᠤᠯᠪᠣᠭᠳᠠᠨ᠎ᠠ᠃ ᠡᠯ᠎ᠡ ᠱᠠᠳᠤ ᠡᠯ᠎ᠡ | ᠰᠠᠯᠠᠭ᠎ᠠ ᠮᠥᠴᠢᠷ ᠤᠨ ᠬᠢᠨ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠦᠵᠡᠯ ᠰᠠᠨᠠᠭ᠎ᠠ | ᠲᠠᠨᠢᠯᠲᠠ ᠪᠠᠨ ᠨᠢᠭᠡᠳᠬᠡᠵᠦ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠡᠨᠡᠬᠦ ᠬᠥᠪᠴᠢ ᠶᠢ ᠴᠠᠭ ᠢᠮᠠᠭᠲᠠ | ᠴᠢᠩᠭᠠᠷᠠᠭᠤᠯᠵᠤ᠂ ᠤᠰᠤᠨ ᠤ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠦᠨᠳᠦ ᠡᠭᠦᠷᠭᠡ ᠶᠢ ᠴᠠᠭ ᠢᠮᠠᠭᠲᠠ | ᠡᠭᠦᠷᠭᠡᠯᠡᠵᠦ᠂ ᠠᠵᠢᠯᠯᠠᠭ᠎ᠠ ᠳᠡᠭᠡᠷ᠎ᠡ ᠪᠠᠨ ᠨᠠᠶᠢᠳᠠᠪᠤᠷᠢᠵᠢᠭᠤᠯᠵᠤ᠂ ᠠᠷᠭ᠎ᠠ ᠬᠡᠮᠵᠢᠶ᠎ᠡ ᠳᠡᠭᠡᠷ᠎ᠡ ᠪᠠᠨ ᠬᠡᠮᠵᠢᠵᠦ᠂ | ᠬᠤᠳᠠ ᠶᠢᠨ ᠪᠣᠬᠢᠷ ᠤᠰᠤ ᠶᠢ ᠰᠢᠢᠳᠪᠦᠷᠢᠯᠡᠬᠦ ᠴᠢᠳᠠᠪᠤᠷᠢ ᠶᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠮᠠᠨ ᠤ | ᠲᠤᠭᠤᠷᠢᠭ ᠤᠨ ᠠᠮᠢ ᠠᠬᠤᠢ ᠶᠢᠨ ᠣᠷᠴᠢᠨ ᠲᠣᠭᠤᠷᠢᠨ ᠤ ᠵᠠᠰᠠᠯᠲᠠ ᠶᠢᠨ ᠲᠦᠪᠰᠢᠨ ᠢ ᠪᠦᠬᠦ ᠬᠦᠴᠦᠨ ᠢᠶᠠᠷ ᠢᠶᠠᠨ | ᠳᠡᠭᠡᠭᠰᠢᠯᠡᠭᠦᠯᠬᠦ ᠬᠡᠷᠡᠭᠲᠡᠢ᠃ ᠬᠠᠷᠢᠭᠤᠴᠠᠯᠭᠠᠲᠤ ᠰᠡᠳᠬᠢᠯᠭᠡ᠂ ᠡᠭᠦᠷᠭᠡᠲᠦ ᠰᠡᠳᠬᠢᠯᠭᠡ ᠪᠠᠨ ᠦᠨᠡᠨᠬᠦ ᠴᠢᠩᠭᠠᠳᠬᠠᠵᠤ᠂ | ᠠᠮᠤᠷ ᠲᠦᠪᠰᠢᠨ᠂ ᠶᠠᠰᠤ ᠴᠢᠨᠠᠷ ᠢ ᠪᠠᠲᠤᠯᠠᠭᠰᠠᠨ ᠤᠷᠢᠲᠠᠯ ᠳᠣᠣᠷ᠎ᠠ᠂ ᠪᠠᠷᠢᠯᠭ᠎ᠠ ᠶᠢᠨ ᠬᠤᠭᠤᠴᠠᠭ᠎ᠠ ᠶᠢ | ᠲᠣᠩᠭᠤᠷᠠᠭᠤᠯᠤᠨ ᠪᠠᠶᠢᠷᠢᠯᠠᠭᠤᠯᠵᠤ᠂ ᠵᠢᠷᠤᠭ ᠡᠯᠭᠦᠨ ᠪᠠᠶᠢᠯᠳᠤᠵᠤ᠂ ᠪᠣᠬᠢᠷ ᠤᠰᠤ ᠶᠢ ᠰᠢᠢᠳᠪᠦᠷᠢᠯᠡᠬᠦ | ᠲᠥᠬᠦᠭᠡᠷᠦᠮᠵᠢ ᠪᠣᠯᠤᠨ ᠬᠤᠭᠤᠯᠠᠢ ᠲᠣᠣᠷ ᠤᠨ ᠪᠦᠳᠦᠭᠡᠨ ᠪᠠᠶᠢᠭᠤᠯᠤᠯᠲᠠ ᠥᠭᠡᠷᠡᠴᠢᠯᠡᠯᠲᠡ ᠶᠢ ᠥᠨᠳᠥᠷ | ᠲᠦᠪᠰᠢᠨ ᠢᠶᠠᠷ ᠠᠬᠢᠭᠤᠯᠵᠤ᠂ ᠪᠣᠬᠢᠷ ᠤᠰᠤ ᠶᠢ ᠬᠤᠷᠢᠶᠠᠨ ᠴᠤᠭᠯᠠᠭᠤᠯᠵᠤ ᠰᠢᠢᠳᠪᠦᠷᠢᠯᠡᠬᠦ ᠴᠢᠳᠠᠪᠤᠷᠢ ᠪᠠᠨ | ᠴᠢᠨᠠᠭᠰᠢᠳᠠ ᠳᠡᠭᠡᠭᠰᠢᠯᠡᠭᠦᠯᠬᠦ ᠬᠡᠷᠡᠭᠲᠡᠢ᠃ ᠬᠢᠨᠠᠨ ᠬᠠᠮᠢᠶᠠᠷᠬᠤ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ | ᠣᠷᠴᠢᠨ ᠲᠣᠭᠤᠷᠢᠨ ᠤ ᠬᠠᠤᠯᠢ ᠬᠡᠷᠡᠭᠵᠢᠭᠦᠯᠦᠯᠲᠡ ᠶᠢᠨ ᠬᠢᠨᠠᠯᠲᠠ ᠬᠠᠮᠢᠶᠠᠷᠤᠯᠲᠠ ᠶᠢᠨ ᠰᠦᠷ ᠬᠦᠴᠦᠲᠦ ᠪᠠᠶᠢᠳᠠᠯ ᠢ | ᠢᠮᠠᠭᠲᠠ ᠪᠠᠲᠤᠯᠠᠵᠤ᠂ ᠠᠮᠢ ᠠᠬᠤᠢ ᠶᠢᠨ ᠣᠷᠴᠢᠨ ᠲᠣᠭᠤᠷᠢᠨ ᠢ ᠦᠷᠭᠦᠯᠵᠢᠯᠡᠨ ᠰᠠᠶᠢᠵᠢᠷᠠᠭᠤᠯᠵᠤ᠂ ᠠᠷᠠᠳ | ᠤᠯᠠᠨ ᠤ ᠠᠮᠢ ᠠᠬᠤᠢ ᠶᠢᠨ ᠣᠷᠴᠢᠨ ᠲᠣᠭᠤᠷᠢᠨ ᠤ ᠲᠤᠬᠠᠢ ᠬᠠᠨᠤᠮᠵᠢ ᠶᠢᠨ ᠬᠡᠮᠵᠢᠶ᠎ᠡ ᠪᠣᠯᠤᠨ ᠬᠦᠷᠲᠡᠮᠵᠢ ᠶᠢᠨ | ᠲᠦᠷᠦᠭᠳᠡᠯ ᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃ | ᠵᠠᠩ ᡁᠢ ᠷᠦᠩ᠂ ᠭᠦᠸᠧ ᠾᠦᠢ᠂ ᠯᠢ ᠵᠢᠶᠠᠨ ᠬᠤᠩ ᠣᠷᠣᠯᠴᠠᠪᠠ᠃ | | ᠨᠠᠶᠢᠷᠠᠭᠤᠯᠣᠭᠴᠢ᠄ ᠸᠠᠩ ᠵᠢᠩ ᠵᠢᠩ᠂ ᠴᠢᠶᠣᠣ ᠮᠢᠨ ᠮᠢᠨ | ᠣᠷᠴᠢᠭᠤᠯᠤᠭᠴᠢ᠄ ᠳ᠋ᠥᠩ ᠾᠦᠢ |