1 ᠰᠠᠷ᠎ᠠ ᠶᠢᠨ 21 ᠤ ᠡᠳᠦᠷ᠂ ᠲᠤᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠬᠤᠷᠠᠯ | ᠬᠤᠷᠠᠯᠳᠤᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ ᠴᠢᠬᠤᠯᠠ ᠶᠠᠷᠢᠶ᠎ᠠ | ᠴᠢᠬᠤᠯᠠ ᠵᠢᠭᠠᠪᠤᠷᠢ ᠪᠣᠯᠤᠨ ᠴᠢᠬᠤᠯᠠ ᠵᠠᠬᠢᠳᠠᠯ ᠢᠯᠡᠭᠡᠭᠰᠡᠨ ᠬᠠᠷᠢᠭᠤ ᠵᠠᠬᠢᠳᠠᠯ ᠤᠨ ᠵᠣᠷᠢᠭ ᠰᠠᠨᠠᠭ᠎ᠠ ᠶᠢ ᠤᠯᠠᠮᠵᠢᠯᠠᠨ | ᠰᠤᠷᠤᠯᠴᠠᠵᠤ᠂ ᠥᠪᠡᠷᠲᠡᠭᠡᠨ ᠵᠠᠰᠠᠬᠤ ᠣᠷᠣᠨ ᠤ ᠬᠤᠶᠠᠷ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ | ᠰᠤᠷᠤᠯᠴᠠᠵᠤ᠂ ᠬᠠᠮᠢᠶ᠎ᠠ ᠪᠥᠬᠦᠶ ᠠᠵᠢᠯ ᠢ ᠳᠣᠭᠢᠷᠠᠭᠤᠯᠤᠨ ᠪᠠᠶᠢᠷᠢᠯᠠᠭᠤᠯᠪᠠ᠃ | ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠢᠨᠢᠩ ᠲᠣᠭᠤᠷᠢᠭ ᠤᠨ ᠨᠠᠮ ᠤᠨ ᠬᠤᠷᠢᠶᠠᠨ ᠤ | ᠱᠦᠵᠢ ᠵᠠᠩ ᠶᠦᠩ ᠸᠧᠨ ᠬᠤᠷᠠᠯ ᠢ ᠡᠷᠭᠢᠯᠡᠪᠡ᠃ | ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠲᠥᠪᠡᠳ ᠤᠨ ᠰᠢᠭᠠᠽᠧ ᠬᠤᠲᠠ ᠶᠢᠨ ᠳ᠋ᠢᠩ ᠿᠢ | ᠰᠢᠶᠠᠨ ᠤ 6.8 ᠲᠠᠰ ᠤᠨ ᠭᠠᠵᠠᠷ ᠬᠥᠳᠡᠯᠦᠯᠲᠡ ᠶᠢᠨ ᠲᠤᠬᠠᠶ ᠭᠠᠷᠭᠠᠭᠰᠠᠨ ᠴᠢᠬᠤᠯᠠ ᠵᠢᠭᠠᠪᠤᠷᠢ ᠶᠢᠨ ᠵᠣᠷᠢᠭ | ᠰᠠᠨᠠᠭ᠎ᠠ ᠪᠣᠯᠤᠨ ᠲᠥᠪ ᠤᠨ ᠤᠯᠤᠰ ᠲᠥᠷᠥ ᠶᠢᠨ ᠲᠣᠪᠴᠢᠶᠠᠨ ᠤ ᠪᠠᠶᠢᠩᠭᠤ ᠶᠢᠨ ᠬᠤᠷᠢᠶᠠᠨ ᠤ ᠬᠤᠷᠠᠯ ᠤᠨ ᠵᠣᠷᠢᠭ | ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠠᠮᠤᠷ ᠲᠦᠪᠰᠢᠨ ᠤ ᠬᠤᠷᠢᠭ᠎ᠠ ᠱᠤᠭᠤᠮ ᠤᠨ | ᠰᠡᠳᠬᠢᠬᠦᠶ ᠪᠠᠨ ᠴᠢᠩᠭᠠᠳᠬᠠᠨ᠂ ᠵᠢᠵᠢᠭᠦᠷᠯᠡᠨ ᠰᠠᠬᠢᠬᠤ ᠪᠠ ᠬᠢᠨᠠᠨ ᠬᠡᠮᠵᠢᠵᠦ ᠤᠷᠢᠳᠴᠢᠯᠠᠨ ᠮᠡᠳᠡᠭᠡᠯᠡᠵᠦ | ᠤᠷᠢᠳᠴᠢᠯᠠᠨ ᠰᠡᠷᠡᠮᠵᠢᠯᠡᠭᠦᠯᠬᠦ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ᠭᠠᠮᠰᠢᠭ ᠢ ᠰᠡᠷᠭᠡᠶᠢᠯᠡᠨ | ᠭᠠᠮᠰᠢᠭ ᠢ ᠪᠠᠭᠠᠰᠬᠠᠬᠤ᠂ ᠠᠶᠤᠯ ᠠᠴᠠ ᠠᠪᠤᠷᠠᠨ ᠲᠤᠰᠠᠯᠠᠬᠤ ᠶᠢ ᠵᠣᠬᠢᠴᠠᠭᠤᠯᠤᠨ ᠬᠤᠯᠪᠣᠭᠠᠯᠠᠨ ᠬᠥᠳᠡᠯᠦᠯᠴᠡᠬᠦ | ᠲᠣᠭᠲᠠᠴᠠ ᠶᠢ ᠲᠡᠭᠦᠯᠳᠡᠷᠵᠢᠭᠦᠯᠵᠦ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ | ᠪᠠᠲᠤᠯᠠᠬᠤ ᠬᠡᠷᠡᠭᠲᠡᠶ᠃ ᠶᠡᠷᠦᠩᠬᠡᠢ ᠱᠦᠵᠢ ᠰᠢ ᠶᠢᠨ ᠫᠢᠩ ᠤᠨ ᠳᠤᠮᠳᠠᠳᠤ ᠤᠯᠤᠰ ᠤᠨ ᠬᠠᠤᠯᠢ ᠶᠢᠨ ᠤᠬᠠᠭᠠᠨ ᠤ | ᠨᠡᠶᠢᠭᠡᠮᠯᠢᠭ ᠤᠨ ᠶᠢᠰᠦᠳᠦᠭᠡᠷ ᠤᠳᠠᠭ᠎ᠠ ᠶᠢᠨ ᠪᠦᠬᠦ ᠤᠯᠤᠰ ᠤᠨ ᠭᠡᠰᠢᠭᠦᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠴᠢᠬᠤᠯᠠ ᠵᠠᠬᠢᠳᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠲᠤᠭᠤᠰᠢᠯᠠᠭᠤᠯᠵᠤ᠂ | ᠨᠠᠮ ᠤᠨ ᠬᠠᠤᠯᠢ ᠶᠢᠨ ᠤᠬᠠᠭᠠᠨ ᠤ ᠨᠡᠶᠢᠭᠡᠮᠯᠢᠭ ᠤᠨ ᠠᠵᠢᠯ ᠳᠠᠬᠢ ᠪᠦᠬᠦ ᠲᠠᠯ᠎ᠠ ᠶᠢᠨ ᠤᠳᠤᠷᠢᠳᠤᠯᠭ᠎ᠠ ᠶᠢ | ᠴᠢᠩᠭᠠᠳᠬᠠᠵᠤ᠂ ᠬᠠᠤᠯᠢᠵᠢᠯ ᠤᠨ ᠤᠬᠠᠭᠤᠯᠭ᠎ᠠ᠂ ᠬᠠᠤᠯᠢ ᠴᠠᠭᠠᠵᠠ ᠶᠢᠨ ᠦᠢᠯᠡᠴᠢᠯᠡᠭᠡ ᠪᠣᠯᠤᠨ ᠬᠠᠤᠯᠢᠵᠢᠯ ᠤᠨ | ᠴᠢᠳᠠᠪᠤᠷᠢᠲᠠᠨ ᠢ ᠬᠥᠮᠦᠵᠢᠭᠦᠯᠬᠦ ᠶᠢ ᠭᠦᠨᠵᠡᠭᠡᠢ ᠠᠬᠢᠭᠤᠯᠵᠤ᠂ ᠨᠡᠩ ᠥᠨᠳᠥᠷ ᠲᠦᠪᠰᠢᠨ ᠪᠦᠬᠦᠢ ᠬᠠᠤᠯᠢᠵᠢᠯ ᠤᠨ | ᠵᠢᠨᠢᠩ ᠢ ᠪᠠᠶᠢᠭᠤᠯᠬᠤ ᠳᠤ ᠤᠶᠤᠨ ᠤᠬᠠᠭᠠᠨ ᠪᠣᠯᠤᠨ ᠬᠦᠴᠦᠨ ᠴᠢᠳᠠᠯ ᠢᠶᠠᠨ ᠡᠷᠭᠦᠬᠦ ᠬᠡᠷᠡᠭᠲᠡᠢ ᠭᠡᠵᠦ ᠵᠢᠭᠠᠵᠤ | ᠭᠠᠷᠭᠠᠪᠠ᠃ | ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠬᠢᠨᠠᠨ ᠪᠤᠳᠤᠬᠤ ᠠᠵᠢᠯ ᠤᠨ ᠲᠤᠬᠠᠢ ᠴᠢᠬᠤᠯᠠ | ᠵᠢᠭᠠᠪᠤᠷᠢ ᠶᠢᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠭᠤᠣᠯᠳᠠᠯᠭ᠎ᠠ ᠲᠠᠢ | ᠠᠵᠤ ᠦᠢᠯᠡᠰ ᠤᠨ ᠬᠡᠯᠬᠢᠶ᠎ᠡ ᠶᠢᠨ ᠪᠠᠶᠢᠭᠤᠯᠤᠯᠲᠠ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ | ᠠᠷᠠᠳ ᠤᠨ ᠠᠮᠢᠳᠤᠷᠠᠯ ᠢ ᠪᠠᠲᠤᠯᠠᠬᠤ᠂ ᠬᠦᠨᠳᠦ ᠶᠡᠭᠡ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠵᠡᠷᠭᠡ | ᠠᠵᠢᠯ ᠤᠨ ᠲᠣᠭᠤᠷᠢᠨ ᠳᠤ ᠬᠢᠨᠠᠨ ᠪᠤᠳᠤᠬᠤ ᠬᠢᠨᠠᠯᠲᠠ ᠲᠠᠯᠪᠢᠬᠤ ᠶᠢ ᠰᠢᠨᠵᠢᠯᠡᠬᠦ ᠤᠬᠠᠭᠠᠨᠴᠢᠯᠠᠬᠤ᠂ ᠳᠦᠷᠢᠮᠵᠢᠭᠦᠯᠬᠦ᠂ | ᠵᠢᠷᠤᠮᠵᠢᠭᠤᠯᠬᠤ ᠶᠢ ᠴᠢᠨᠠᠭᠰᠢᠳᠠ ᠠᠬᠢᠭᠤᠯᠬᠤ ᠬᠡᠷᠡᠭᠲᠡᠢ᠃ ᠶᠡᠷᠦᠩᠬᠡᠶ ᠱᠦᠵᠢ ᠰᠢ ᠶᠢᠨ ᠫᠢᠩ ᠤᠨ ᠨᠠᠮ ᠤᠨ | ᠭᠠᠳᠠᠨᠠᠬᠢ ᠬᠥᠮᠦᠰ ᠲᠠᠢ ᠴᠠᠭᠠᠨ ᠰᠠᠷ᠎ᠠ ᠶᠢ ᠬᠠᠮᠲᠤ ᠪᠠᠷ ᠤᠭᠲᠤᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ | ᠰᠠᠨᠠᠭ᠎ᠠ ᠶᠢ ᠨᠠᠷᠢᠨ ᠬᠢᠨᠠᠮᠠᠭᠠᠶ ᠰᠤᠷᠤᠯᠴᠠᠨ ᠲᠤᠭᠤᠰᠢᠯᠠᠭᠤᠯᠵᠤ᠂ ᠨᠠᠮ ᠤᠨ ᠭᠠᠳᠠᠨᠠᠬᠢ ᠬᠥᠮᠦᠰ ᠢ ᠵᠣᠬᠢᠶᠠᠨ | ᠪᠠᠶᠢᠭᠤᠯᠤᠨ ᠬᠥᠲᠥᠯᠥᠨ ᠳᠠᠭᠠᠭᠤᠯᠵᠤ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠥᠬᠦ ᠲᠠᠯ᠎ᠠ ᠪᠠᠷ | ᠭᠦᠨᠵᠡᠭᠡᠶᠢᠷᠡᠭᠦᠯᠬᠦ᠂ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ᠂ ︽ᠠᠷᠪᠠᠨ ᠲᠠᠪᠤᠳᠤᠭᠠᠷ ᠲᠠᠪᠤᠨ ᠵᠢᠯ︾ ᠤᠨ | ᠲᠥᠯᠥᠪᠵᠢᠭᠦᠯᠭᠡ ᠶᠢ ᠲᠣᠭᠲᠠᠭᠠᠬᠤ ᠰᠠᠨᠠᠭᠤᠯᠭ᠎ᠠ ᠵᠡᠷᠭᠡ ᠠᠭᠤᠯᠭ᠎ᠠ ᠶᠢᠨ ᠲᠣᠭᠤᠷᠢᠨ ᠳᠤ ᠮᠠᠨ ᠤ ᠲᠤᠭᠤᠷᠢᠭ ᠤᠨ | ᠪᠣᠳᠠᠲᠠᠶ ᠲᠠᠢ ᠪᠠᠨ ᠤᠶᠠᠯᠳᠤᠭᠤᠯᠤᠨ᠂ ᠪᠠᠶᠢᠴᠠᠭᠠᠨ ᠰᠤᠳᠤᠯᠵᠤ ᠵᠠᠰᠠᠭ ᠤᠨ ᠶᠠᠪᠤᠳᠠᠯ ᠢ ᠵᠥᠪᠯᠡᠬᠦ ᠪᠠ | ᠠᠷᠠᠳᠴᠢᠯᠠᠯ ᠢᠶᠠᠷ ᠬᠢᠨᠠᠯᠲᠠ ᠲᠠᠯᠪᠢᠬᠤ ᠠᠵᠢᠯ ᠢ ᠭᠦᠨᠵᠡᠭᠡᠶ ᠥᠷᠨᠢᠭᠦᠯᠬᠦ ᠬᠡᠷᠡᠭᠲᠡᠶ᠃ | ᠬᠤᠷᠠᠯ ᠠᠴᠠ᠂ ᠶᠡᠷᠦᠩᠬᠡᠶ ᠱᠦᠵᠢ ᠰᠢ ᠶᠢᠨ ᠫᠢᠩ ᠤᠨ ᠨᠠᠮ ᠤᠨ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ | ᠲᠤᠬᠠᠶ ᠴᠢᠬᠤᠯᠠ ᠦᠵᠡᠯ ᠰᠠᠨᠠᠭ᠎ᠠ ᠶᠢ ᠭᠦᠨᠵᠡᠭᠡᠶ ᠰᠤᠷᠤᠯᠴᠠᠵᠤ᠂ ᠲᠥᠪ ᠤᠨ ᠪᠠ ᠥᠪᠡᠷᠲᠡᠭᠡᠨ ᠵᠠᠰᠠᠬᠤ ᠣᠷᠣᠨ ᠤ | ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ | ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ | ᠤᠬᠠᠮᠰᠠᠷ ᠢ ᠪᠠᠲᠤ ᠴᠣᠭᠴᠠᠯᠠᠬᠤ ᠪᠠᠷ ᠠᠵᠢᠯ ᠤᠨ ᠭᠤᠤᠯ ᠰᠢᠵᠢᠮ ᠪᠣᠯᠭᠠᠬᠤ ᠶᠢ ᠪᠠᠷᠢᠮᠲᠠᠯᠠᠵᠤ᠂ ᠨᠢᠭᠡ ᠲᠠᠯ᠎ᠠ ᠪᠠᠷ | ᠴᠢᠨᠠᠷ ᠰᠠᠶᠢᠲᠠᠶ ᠬᠥᠭᠵᠢᠯᠲᠡ ᠶᠢ ᠠᠳᠬᠤᠵᠤ᠂ ᠨᠥᠭᠦᠭᠡ ᠲᠠᠯ᠎ᠠ ᠪᠠᠷ ᠨᠠᠮ ᠢ ᠪᠥᠬᠦ ᠲᠠᠯ᠎ᠠ ᠪᠠᠷ ᠴᠢᠩᠭ᠎ᠠ ᠵᠠᠰᠠᠬᠤ ᠶᠢ | ᠠᠳᠬᠤᠵᠤ᠂ ᠣᠳᠣᠬᠢᠴᠢᠯᠠᠭᠰᠠᠨ ᠵᠢᠨᠢᠩ ᠤᠨ ᠪᠥᠲᠥᠭᠡᠨ ᠪᠠᠶᠢᠭᠤᠯᠤᠯᠲᠠ ᠳᠤ ᠪᠠᠲᠤ ᠴᠢᠩᠭ᠎ᠠ ᠪᠠᠲᠤᠯᠠᠭ᠎ᠠ ᠬᠠᠩᠭᠠᠬᠤ | ᠬᠡᠷᠡᠭᠲᠡᠶ᠃ | ᠬᠤᠷᠠᠯ ᠠᠴᠠ ᠥᠪᠡᠷᠲᠡᠭᠡᠨ ᠵᠠᠰᠠᠬᠤ ᠣᠷᠣᠨ ᠤ ᠬᠤᠶᠠᠷ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ | ᠰᠤᠷᠤᠯᠴᠠᠵᠤ᠂ ᠠᠵᠤ ᠠᠬᠤᠢ ᠶᠢᠨ ᠠᠵᠢᠯ ᠤᠨ ᠭᠤᠣᠯ ᠱᠤᠭᠤᠮ ᠢ ᠪᠣᠳᠠᠲᠠᠢ ᠠᠳᠬᠤᠵᠤ᠂ ︽ᠵᠢᠷᠭᠤᠭᠠᠨ | ᠠᠵᠢᠯᠯᠠᠭ᠎ᠠ︾ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠬᠤᠳᠠ ᠬᠥᠳᠡᠭᠡ ᠶᠢᠨ ᠠᠭᠤᠰᠤᠯᠴᠠᠨ | ᠬᠥᠭᠵᠢᠬᠦ ᠶᠢ ᠠᠬᠢᠭᠤᠯᠵᠤ᠂ ᠵᠣᠷᠢᠭᠲᠠᠢ ᠪᠠᠷ ᠰᠢᠨ᠎ᠡ ᠶᠢ ᠡᠭᠦᠳᠴᠦ᠂ ᠭᠠᠪᠰᠢᠭᠠᠶᠢᠯᠠᠨ ᠠᠵᠢᠯᠯᠠᠵᠤ ᠦᠢᠯᠡᠰ ᠪᠤᠰᠬᠠᠵᠤ᠂ | ᠪᠦᠬᠦ ᠲᠣᠭᠤᠷᠢᠭ ᠳᠠᠶᠠᠭᠠᠷ ᠢᠶᠠᠨ ᠪᠦᠯᠬᠦᠮᠳᠡᠨ ᠲᠡᠮᠡᠴᠡᠬᠦ᠂ ᠲᠡᠷᠢᠭᠦᠨ ᠳᠤ ᠣᠷᠣᠬᠤ ᠪᠠᠷ ᠲᠡᠮᠡᠴᠡᠬᠦ ᠭᠦᠨ ᠵᠤᠵᠠᠭᠠᠨ | ᠠᠭᠤᠷ ᠠᠮᠢᠰᠬᠤᠯ ᠢ ᠰᠠᠶᠢᠲᠤᠷ ᠬᠠᠮᠠᠭᠠᠯᠠᠵᠤ᠂ ᠰᠠᠶᠢᠲᠤᠷ ᠪᠠᠬᠢᠵᠢᠭᠦᠯᠵᠦ᠂ ᠪᠦᠬᠦ ᠵᠢᠯ ᠤᠨ ᠬᠠᠷᠠᠯᠲᠠ ᠡᠭᠦᠷᠭᠡ ᠶᠢ | ᠪᠦᠬᠦ ᠬᠦᠴᠦᠨ ᠢᠶᠠᠷ ᠢᠶᠠᠨ ᠰᠠᠶᠢᠲᠤᠷ ᠪᠡᠶᠡᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠠᠯᠪᠠᠨ ᠲᠢᠩᠬᠢᠮ᠂ | ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠳᠠᠷᠤᠮᠠᠯᠯᠠᠨ ᠲᠠᠷᠬᠠᠭᠠᠭᠰᠠᠨ ︽ᠠᠶᠤᠯᠭᠦᠶ | ᠦᠢᠯᠡᠳᠪᠦᠷᠢᠯᠡᠯ ᠤᠨ ᠬᠢᠨᠠᠨ ᠰᠢᠯᠭᠠᠵᠤ ᠲᠣᠭᠤᠷᠢᠨ ᠪᠠᠶᠢᠴᠠᠭᠠᠬᠤ ᠠᠷᠭ᠎ᠠ︾ ᠶᠢᠨ ᠵᠣᠷᠢᠭ ᠰᠠᠨᠠᠭ᠎ᠠ ᠶᠢ ᠤᠯᠠᠮᠵᠢᠯᠠᠨ | ᠰᠤᠷᠤᠯᠴᠠᠵᠤ᠂ ᠮᠠᠨ ᠤ ᠲᠤᠭᠤᠷᠢᠭ ᠤᠨ ᠠᠶᠤᠯᠭᠦᠶ ᠦᠢᠯᠡᠳᠪᠦᠷᠢᠯᠡᠯ ᠤᠨ ᠳᠠᠯᠳᠠ ᠭᠡᠮ ᠢ ᠵᠢᠭᠰᠠᠭᠠᠨ ᠪᠠᠶᠢᠴᠠᠭᠠᠵᠤ | ᠴᠡᠭᠴᠡᠯᠡᠨ ᠰᠠᠶᠢᠵᠢᠷᠠᠭᠤᠯᠤᠭᠰᠠᠨ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠠᠶᠤᠯᠭᠦᠶ | ᠬᠥᠭᠵᠢᠯᠲᠡ ᠶᠢᠨ ᠣᠨᠣᠯᠵᠢᠬᠤᠨ ᠢ ᠪᠠᠲᠤ ᠪᠠᠬᠢ ᠪᠣᠶ ᠪᠣᠯᠭᠠᠵᠤ᠂ ᠭᠠᠯ ᠤᠨᠲᠠᠷᠠᠭᠠᠬᠤ ᠠᠮᠤᠷ ᠲᠦᠪᠰᠢᠨ ᠤ ᠠᠵᠢᠯ ᠢ | ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠭᠤᠤᠯᠳᠠᠯᠭ᠎ᠠ ᠲᠠᠢ ᠠᠵᠢᠯ ᠲᠥᠷᠥᠯ ᠤᠨ ᠬᠦᠷᠢᠶᠡᠨ ᠤ ᠠᠮᠤᠷ ᠲᠦᠪᠰᠢᠨ ᠤ | ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠠᠶᠤᠯᠭᠦᠶ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠳᠦᠷᠢᠮ ᠢ | ᠴᠢᠩᠭ᠎ᠠ ᠨᠠᠶᠢᠳᠠᠪᠤᠷᠢᠵᠢᠭᠤᠯᠬᠤ ᠬᠡᠷᠡᠭᠲᠡᠶ ᠭᠡᠵᠦ ᠴᠢᠬᠤᠯᠠᠴᠢᠯᠠᠪᠠ᠃ | ᠬᠤᠷᠠᠯ ᠠᠴᠠ ᠪᠠᠰᠠ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ | ᠬᠤᠷᠢᠶ᠎ᠠ᠂ ᠲᠣᠭᠤᠷᠢᠭ ᠤᠨ ᠵᠠᠰᠠᠭ ᠤᠨ ᠣᠷᠳᠣᠨ᠂ ᠲᠣᠭᠤᠷᠢᠭ ᠤᠨ ᠤᠯᠤᠰ ᠲᠦᠷᠦ ᠶᠢᠨ ᠵᠥᠪᠯᠡᠯᠭᠡᠨ᠂ | ᠲᠣᠭᠤᠷᠢᠭ ᠤᠨ ᠠᠷᠠᠳ ᠤᠨ ᠰᠢᠭᠦᠬᠦ ᠬᠤᠷᠢᠶ᠎ᠠ᠂ ᠲᠣᠭᠤᠷᠢᠭ ᠤᠨ ᠠᠷᠠᠳ ᠤᠨ ᠪᠠᠶᠢᠴᠠᠭᠠᠬᠤ ᠬᠤᠷᠢᠶᠠᠨ ᠤ ᠨᠠᠮ ᠤᠨ | ᠤᠳᠤᠷᠢᠳᠬᠤ ᠳᠤᠭᠤᠶᠢᠯᠠᠩ ᠤᠨ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠡᠯ᠎ᠡ ᠨᠠᠮ ᠤᠨ | ᠤᠳᠤᠷᠢᠳᠬᠤ ᠳᠤᠭᠤᠶᠢᠯᠠᠩ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ | ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ | ᠪᠣᠯᠤᠨ ᠬᠤᠷᠢᠳᠤᠭᠠᠷ ᠬᠤᠭᠤᠴᠠᠭᠠᠨ ᠤ ᠬᠤᠶᠠᠳᠤᠭᠠᠷ ᠪᠦᠬᠦᠳᠡ ᠬᠤᠷᠠᠯ᠂ ᠭᠤᠷᠪᠠᠳᠤᠭᠠᠷ ᠪᠦᠬᠦᠳᠡ ᠬᠤᠷᠠᠯ ᠤᠨ | ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ | ᠮᠣᠩᠭᠤᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠨᠠᠶᠢᠳᠠᠪᠤᠷᠢᠵᠢᠭᠤᠯᠵᠤ᠂ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠭᠤᠣᠯ ᠰᠢᠵᠢᠮ | ᠪᠣᠯᠭᠠᠵᠤ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠡᠭᠦᠷᠭᠡ | ᠬᠠᠷᠢᠭᠤᠴᠠᠯᠭ᠎ᠠ ᠪᠠᠨ ᠴᠢᠩᠭᠠᠳᠬᠠᠵᠤ᠂ ᠡᠭᠦᠷᠭᠡ ᠬᠠᠷᠢᠭᠤᠴᠠᠯᠭ᠎ᠠ ᠪᠠᠨ ᠯᠠᠪᠳᠠᠭᠤᠨ ᠪᠠᠲᠤᠲᠠᠢ ᠭᠦᠢᠴᠡᠳᠬᠡᠵᠦ᠂ ᠲᠤᠰ | ᠪᠡᠶ᠎ᠡ ᠪᠠᠨ ᠴᠢᠩᠭᠠᠳᠬᠠᠬᠤ ᠬᠡᠷᠡᠭᠲᠡᠢ ᠭᠡᠵᠦ ᠴᠢᠬᠤᠯᠠᠴᠢᠯᠠᠪᠠ᠃ | | |