ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠤᠳᠤᠷᠢᠳᠬᠤ ᠪᠠᠭ 2024 ᠣᠨ ᠤ ᠠᠷᠠᠳᠴᠢᠯᠠᠯ ᠤᠨ ᠠᠮᠢᠳᠤᠷᠠᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/2/8
    1 ᠰᠠᠷ᠎ᠠ ᠶᠢᠨ 23 ᠤ ᠡᠳᠦᠷ᠂ ᠲᠤᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠤᠳᠤᠷᠢᠳᠬᠤ ᠪᠠᠭ 2024 ᠣᠨ ᠤ ᠠᠷᠠᠳᠴᠢᠯᠠᠯ ᠤᠨ ᠠᠮᠢᠳᠤᠷᠠᠯ ᠤᠨ ᠬᠤᠷᠠᠯ ᠬᠤᠷᠠᠯᠳᠤᠭᠤᠯᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠦᠷ᠎ᠡ ᠪᠦᠲᠦᠭᠡᠯ ᠢ ᠪᠠᠬᠢᠵᠢᠭᠦᠯᠦᠨ ᠭᠦᠨᠵᠡᠭᠡᠶᠢᠷᠡᠭᠦᠯᠬᠦ᠂ ᠨᠠᠮ ᠤᠨ ᠰᠠᠬᠢᠯᠭ᠎ᠠ ᠪᠠᠲᠤ ᠶᠢᠨ ᠬᠥᠮᠦᠵᠢᠯ ᠤᠨ ᠬᠢᠵᠠᠭᠠᠷᠯᠠᠯ ᠪᠠ ᠪᠠᠲᠤᠯᠠᠭ᠎ᠠ ᠶᠢᠨ ᠤᠷᠮᠠᠰᠢᠭᠤᠯᠬᠤ ᠦᠢᠯᠡᠳᠦᠯ ᠢ ᠶᠡᠷᠦᠩᠬᠡᠶᠢᠯᠡᠨ ᠪᠠᠳᠠᠷᠠᠭᠤᠯᠬᠤ ᠶᠢᠨ ᠲᠣᠭᠤᠷᠢᠨ ᠳᠤ᠂ ᠪᠣᠳᠠᠲᠠᠢ ᠲᠠᠢ ᠨᠢᠭᠲᠠ ᠤᠶᠠᠯᠳᠤᠭᠤᠯᠵᠤ᠂ ᠪᠦᠬᠦ ᠲᠠᠯ᠎ᠠ ᠪᠠᠷ ᠬᠠᠷᠢᠴᠠᠭᠤᠯᠤᠨ ᠪᠠᠶᠢᠴᠠᠭᠠᠵᠤ᠂ ᠰᠢᠭᠦᠮᠵᠢᠯᠡᠯ ᠪᠠ ᠥᠪᠡᠷ ᠤᠨ ᠰᠢᠭᠦᠮᠵᠢᠯᠡᠯ ᠥᠷᠨᠢᠭᠦᠯᠪᠡ᠃     ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠢᠨᠢᠩ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠵᠠᠩ ᠶᠦᠩ ᠸᠧᠨ ᠬᠤᠷᠠᠯ ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠶ᠃    ᠤᠯᠠᠭᠠᠨᠴᠠᠪ ᠬᠤᠲᠠ ᠶᠢᠨ ᠨᠢᠭᠡᠳᠦᠭᠡᠷ ᠱᠠᠯᠠᠪᠳᠠᠭᠤᠯᠤᠨ ᠵᠢᠯᠣᠭᠤᠳᠬᠤ ᠳᠤᠭᠤᠶᠢᠯᠠᠩ ᠤᠨ ᠬᠤᠯᠪᠣᠭᠳᠠᠯ ᠪᠥᠬᠦᠶ ᠨᠥᠬᠦᠳ ᠬᠤᠷᠠᠯ ᠳᠤ ᠣᠷᠣᠯᠴᠠᠨ ᠵᠢᠭᠠᠨ ᠵᠢᠯᠣᠭᠤᠳᠴᠤ᠂ ᠱᠠᠯᠠᠪᠳᠠᠭᠤᠯᠤᠨ ᠵᠢᠯᠣᠭᠤᠳᠬᠤ ᠳᠤᠭᠤᠶᠢᠯᠠᠩ ᠤᠨ ᠳᠠᠷᠤᠭ᠎ᠠ ᠪᠠᠶ ᠰᠤ᠋ ᠵᠢᠶᠦ᠋ᠨ ᠦᠨᠡᠯᠡᠯᠲᠡ ᠬᠢᠪᠠ᠃ ᠲᠣᠭᠤᠷᠢᠭ ᠤᠨ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠯᠢᠦ ᠴᠢ᠂ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠶᠠᠨ ᠮᠠᠨ ᠯᠢ ᠬᠤᠷᠠᠯ ᠳᠤ ᠰᠤᠯᠠ ᠣᠷᠣᠯᠴᠠᠪᠠ᠃    ᠬᠤᠷᠠᠯ ᠠᠴᠠ ᠲᠤᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠶᠢᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠭᠤᠤᠯ ᠰᠡᠳᠦᠪᠲᠦ ᠬᠥᠮᠦᠵᠢᠯ ᠤᠨ ᠲᠤᠰᠬᠠᠶ ᠰᠡᠳᠦᠪᠲᠦ ᠠᠷᠠᠳᠴᠢᠯᠠᠯ ᠤᠨ ᠠᠮᠢᠳᠤᠷᠠᠯ ᠤᠨ ᠬᠤᠷᠠᠯ᠂ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠲᠤᠰᠬᠠᠶ ᠰᠡᠳᠦᠪᠲᠦ ᠠᠷᠠᠳᠴᠢᠯᠠᠯ ᠤᠨ ᠠᠮᠢᠳᠤᠷᠠᠯ ᠤᠨ ᠬᠤᠷᠠᠯ ᠤᠨ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠤᠭᠰᠠᠨ ᠪᠠᠶᠢᠳᠠᠯ ᠵᠢᠴᠢ ᠲᠣᠰ ᠤᠳᠠᠭᠠᠨ ᠤ ᠠᠷᠠᠳᠴᠢᠯᠠᠯ ᠤᠨ ᠠᠮᠢᠳᠤᠷᠠᠯ ᠤᠨ ᠬᠤᠷᠠᠯ ᠤᠨ ᠰᠠᠨᠠᠯ ᠬᠤᠷᠢᠶᠠᠭᠰᠠᠨ ᠪᠠᠶᠢᠳᠠᠯ ᠢ ᠵᠠᠷᠯᠠᠨ ᠮᠡᠳᠡᠭᠳᠡᠪᠡ᠃ ᠵᠠᠩ ᠶᠦᠩ ᠸᠧᠨ ᠲᠤᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠤᠳᠤᠷᠢᠳᠬᠤ ᠪᠠᠭ ᠢ ᠲᠥᠯᠥᠭᠡᠯᠡᠨ ᠬᠠᠷᠢᠴᠠᠭᠤᠯᠤᠨ ᠪᠠᠶᠢᠴᠠᠭᠠᠬᠤ ᠶᠠᠷᠢᠶ᠎ᠠ ᠲᠠᠯᠪᠢᠭᠰᠠᠨ ᠪᠥᠭᠡᠳ ᠲᠦᠷᠦᠭᠦᠯᠡᠨ ᠬᠤᠪᠢ ᠬᠥᠮᠦᠨ ᠤ ᠬᠠᠷᠢᠴᠠᠭᠤᠯᠤᠨ ᠪᠠᠶᠢᠴᠠᠭᠠᠯᠲᠠ ᠬᠢᠪᠡ᠃ ᠪᠠᠶᠢᠩᠭᠤ ᠶᠢᠨ ᠬᠤᠷᠢᠶᠠᠨ ᠤ ᠪᠤᠰᠤᠳ ᠨᠥᠬᠦᠳ ᠨᠢᠭᠡᠳ ᠨᠢᠭᠡ ᠪᠠᠷ ᠬᠠᠷᠢᠴᠠᠭᠤᠯᠤᠨ ᠪᠠᠶᠢᠴᠠᠭᠠᠵᠤ᠂ ᠰᠢᠭᠦᠮᠵᠢᠯᠡᠯ ᠪᠠ ᠥᠪᠡᠷ ᠤᠨ ᠰᠢᠭᠦᠮᠵᠢᠯᠡᠯ ᠢ ᠲᠥᠪ ᠴᠢᠩᠭ᠎ᠠ ᠨᠠᠷᠢᠨ ᠬᠢᠨᠠᠮᠠᠭᠠᠶ ᠥᠷᠨᠢᠭᠦᠯᠪᠡ᠃     ᠵᠠᠩ ᠶᠦᠩ ᠸᠧᠨ ᠳ᠋ᠦᠩᠨᠡᠯᠲᠡ ᠶᠢᠨ ᠶᠠᠷᠢᠶᠠᠨ ᠳᠠᠭᠠᠨ᠂ ᠲᠤᠰ ᠤᠳᠠᠭᠠᠨ ᠤ ᠠᠷᠠᠳᠴᠢᠯᠠᠯ ᠤᠨ ᠠᠮᠢᠳᠤᠷᠠᠯ ᠤᠨ ᠬᠤᠷᠠᠯ ᠨᠢ ᠦᠵᠡᠯ ᠰᠠᠨᠠᠭ᠎ᠠ ᠪᠠᠨ ᠰᠣᠯᠢᠯᠴᠠᠵᠤ᠂ ᠠᠰᠠᠭᠤᠳᠠᠯ ᠢ ᠪᠠᠶᠢᠴᠠᠭᠠᠨ ᠦᠵᠡᠵᠦ᠂ ᠴᠢᠭᠯᠡᠯ ᠢᠶᠠᠨ ᠲᠣᠳᠣᠷᠬᠠᠶᠢᠯᠠᠵᠤ᠂ ᠦᠵᠡᠯ ᠰᠠᠨᠠᠭ᠎ᠠ ᠪᠠᠨ ᠰᠣᠯᠢᠯᠴᠠᠬᠤ᠂ ᠲᠠᠨᠢᠯᠲᠠ ᠪᠠᠨ ᠳᠡᠭᠡᠭᠰᠢᠯᠡᠭᠦᠯᠬᠦ᠂ ᠪᠦᠯᠬᠦᠮᠳᠡᠯ ᠢᠶᠠᠨ ᠴᠢᠩᠭᠠᠳᠬᠠᠬᠤ᠂ ᠬᠦᠴᠦᠨ ᠴᠢᠳᠠᠯ ᠢᠶᠠᠨ ᠨᠢᠭᠲᠠᠷᠠᠭᠤᠯᠬᠤ ᠵᠣᠷᠢᠯᠭ᠎ᠠ ᠳᠠᠭᠠᠨ ᠬᠦᠷᠴᠡᠢ᠃ ᠪᠢᠳᠡ ᠪᠠᠶᠢᠴᠠᠭᠠᠨ ᠢᠯᠡᠷᠡᠭᠦᠯᠦᠭᠰᠡᠨ ᠠᠰᠠᠭᠤᠳᠠᠯ ᠢ ᠦᠨᠡᠨ ᠪᠣᠳᠠᠲᠠᠢ ᠴᠡᠭᠴᠡᠯᠡᠨ ᠰᠠᠶᠢᠵᠢᠷᠠᠭᠤᠯᠵᠤ᠂ ᠠᠷᠠᠳᠴᠢᠯᠠᠯ ᠤᠨ ᠠᠮᠢᠳᠤᠷᠠᠯ ᠤᠨ ᠬᠤᠷᠠᠯ ᠤᠨ ᠦᠷ᠎ᠡ ᠪᠦᠲᠦᠭᠡᠯ ᠢ ᠦᠨᠡᠨ ᠬᠦ ᠤᠳᠤᠷᠢᠳᠬᠤ ᠪᠠᠭ ᠤᠨ ᠲᠤᠰ ᠪᠡᠶ᠎ᠡ ᠶᠢᠨ ᠪᠠᠶᠢᠭᠤᠯᠤᠯᠲᠠ ᠶᠢ ᠴᠢᠩᠭᠠᠳᠬᠠᠬᠤ ᠪᠣᠳᠠᠲᠠᠢ ᠦᠷ᠎ᠡ ᠪᠦᠲᠦᠮᠵᠢ ᠪᠣᠯᠭᠠᠨ ᠬᠤᠪᠢᠷᠠᠭᠤᠯᠬᠤ ᠬᠡᠷᠡᠭᠲᠡᠢ᠃     ᠵᠠᠩ ᠶᠦᠩ ᠸᠧᠨ᠂ ᠤᠨᠤᠯ ᠢᠶᠠᠷ ᠵᠡᠪᠰᠡᠭᠯᠡᠬᠦ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠣᠶᠢᠯᠠᠭᠠᠵᠤ᠂ ︽ᠬᠤᠶᠠᠷ ᠢ ᠲᠣᠭᠲᠠᠭᠠᠬᠤ︾ ᠶᠢ ᠡᠷᠡᠰ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠵᠦ᠂ ᠨᠠᠶᠢᠳᠠᠪᠤᠷᠢᠵᠢᠭᠤᠯᠤᠯᠲᠠ ᠶᠢ ᠠᠳᠬᠤᠵᠤ᠂ ᠦᠷ᠎ᠡ ᠪᠦᠲᠦᠮᠵᠢ ᠤᠯᠬᠤ ᠪᠣᠳᠠᠲᠤ ᠠᠵᠢᠯᠯᠠᠭ᠎ᠠ ᠪᠠᠷ ᠢᠶᠠᠨ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠮᠠᠨ ᠤ ᠲᠣᠭᠤᠷᠢᠭ ᠲᠤ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠠᠬᠢᠭᠤᠯᠬᠤ ᠬᠡᠷᠡᠭᠲᠡᠢ᠃ ᠨᠢᠭᠡ ᠭᠤᠣᠯ ᠰᠢᠵᠢᠮ ᠢ ᠲᠤᠤᠱᠯᠠᠭᠤᠯᠵᠤ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠵᠦ᠂ ︽ᠲᠠᠪᠤᠨ ᠶᠡᠭᠡ ᠡᠭᠦᠷᠭᠡ︾ ᠶᠢ ᠪᠡᠶᠡᠯᠡᠭᠦᠯᠵᠦ᠂ ︽ᠵᠢᠷᠭᠤᠭᠠᠨ ᠢᠨᠵᠧᠨᠧᠷᠢᠩ︾ ᠢ ᠬᠡᠷᠡᠭᠵᠢᠭᠦᠯᠵᠦ᠂ ︽ᠵᠢᠷᠭᠤᠭᠠᠨ ᠠᠵᠢᠯᠯᠠᠭ᠎ᠠ︾ ᠶᠢ ᠥᠷᠨᠢᠭᠦᠯᠬᠦ ᠲᠠᠯ᠎ᠠ ᠪᠠᠷ ᠰᠢᠨ᠎ᠡ ᠵᠢᠳᠬᠦᠯ ᠴᠢᠷᠮᠠᠶᠢᠯᠭ᠎ᠠ ᠭᠠᠷᠭᠠᠵᠤ᠂ ᠡᠯ᠎ᠡ ᠵᠦᠢᠯ ᠤᠨ ᠭᠤᠣᠯᠳᠠᠯᠭ᠎ᠠ ᠲᠠᠢ ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠠᠳᠬᠤᠵᠤ᠂ ᠵᠢᠨᠢᠩ ᠤᠨ ᠬᠥᠭᠵᠢᠯᠲᠡ ᠶᠢᠨ ᠶᠡᠭᠡ ᠲᠠᠯ᠎ᠠ ᠳᠤ ᠵᠣᠷᠢᠭᠲᠠᠢ ᠪᠠᠷ ᠭᠤᠣᠯ ᠡᠭᠦᠷᠭᠡ ᠡᠭᠦᠷᠭᠡᠯᠡᠵᠦ᠂ ᠢᠯᠡᠭᠦᠬᠡᠨ ᠬᠤᠪᠢ ᠨᠡᠮᠡᠷᠢ ᠦᠵᠡᠭᠦᠯᠬᠦ ᠶᠢ ᠠᠬᠢᠭᠤᠯᠬᠤ ᠬᠡᠷᠡᠭᠲᠡᠢ᠃ ᠰᠠᠬᠢᠯᠭ᠎ᠠ ᠪᠠᠲᠤ ᠶᠢ ᠰᠤᠷᠤᠯᠴᠠᠬᠤ᠂ ᠰᠠᠬᠢᠯᠭ᠎ᠠ ᠪᠠᠲᠤ ᠶᠢ ᠮᠡᠳᠡᠬᠦ᠂ ᠰᠠᠬᠢᠯᠭ᠎ᠠ ᠪᠠᠲᠤ ᠶᠢ ᠰᠠᠬᠢᠬᠤ ᠶᠢ ᠪᠡᠶᠡᠯᠡᠭᠦᠯᠵᠦ᠂ ᠰᠠᠬᠢᠯᠭ᠎ᠠ ᠪᠠᠲᠤ ᠶᠢᠨ ᠤᠬᠠᠮᠰᠠᠷ ᠢᠶᠠᠨ ᠲᠠᠰᠤᠷᠠᠯᠲᠠ ᠦᠭᠡᠢ ᠴᠢᠩᠭᠠᠳᠬᠠᠵᠤ᠂ ᠰᠠᠬᠢᠯᠭ᠎ᠠ ᠪᠠᠲᠤ ᠶᠢᠨ ᠬᠤᠷᠢᠭ᠎ᠠ ᠱᠤᠭᠤᠮ ᠢ ᠰᠠᠬᠢᠵᠤ᠂ ᠺᠠᠳ᠋ᠷᠴᠤᠳ ᠤᠨ ᠲᠦᠷᠢᠮ ᠲᠣᠭᠲᠠᠭᠠᠯ ᠢ ᠵᠢᠷᠤᠮᠯᠠᠨ ᠰᠠᠬᠢᠯᠭ᠎ᠠ ᠪᠠᠲᠤ ᠶᠢ ᠰᠠᠬᠢᠬᠤ ᠳᠤᠮᠳᠠ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ᠂ ᠠᠵᠢᠯ ᠬᠢᠵᠦ ᠦᠢᠯᠡᠰ ᠪᠤᠰᠬᠠᠬᠤ ᠶᠢ ᠠᠬᠢᠭᠤᠯᠬᠤ ᠬᠡᠷᠡᠭᠲᠡᠢ᠃ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠶᠢ ᠲᠡᠷᠡ ᠶᠣᠰᠣᠭᠠᠷ ᠨᠢ ᠰᠠᠶᠢᠲᠤᠷ ᠠᠳᠬᠤᠬᠤ ᠶᠢᠨ ᠬᠠᠮᠲᠤ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠬᠥᠭᠵᠢᠯᠲᠡ ᠶᠢ ᠠᠬᠢᠭᠤᠯᠬᠤ ᠴᠢᠬᠤᠯᠠ ᠠᠵᠠ ᠲᠣᠬᠢᠶᠠᠯ ᠪᠣᠯᠭᠠᠵᠤ᠂ ᠬᠥᠭᠵᠢᠯᠲᠡ ᠶᠢᠨ ᠲᠦᠭᠵᠢᠷᠡᠯ ᠢ ᠤᠯᠠᠮ ᠨᠢᠭᠡ ᠠᠯᠬᠤᠮ ᠠᠷᠢᠯᠭᠠᠵᠤ᠂ ᠥᠭᠡᠷᠡᠴᠢᠯᠡᠯᠲᠡ ᠬᠥᠭᠵᠢᠯᠲᠡ ᠶᠢᠨ ᠳᠤᠲᠠᠭᠳᠠᠯ ᠢ ᠨᠥᠬᠦᠪᠥᠷᠢᠯᠡᠵᠦ᠂ ᠬᠥᠭᠵᠢᠯᠲᠡ ᠶᠢᠨ ᠤᠷᠳᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠲᠡᠭᠦᠯᠳᠡᠷᠵᠢᠭᠦᠯᠵᠦ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠭᠰᠠᠨ ᠦᠷ᠎ᠡ ᠪᠦᠲᠦᠭᠡᠯ ᠢ ᠦᠨᠡᠨᠬᠦ ᠬᠥᠭᠵᠢᠯᠲᠡ ᠶᠢ ᠠᠬᠢᠭᠤᠯᠬᠤ ᠬᠦᠴᠦᠷᠬᠡᠭ ᠶᠡᠭᠡ ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠬᠤ ᠬᠡᠷᠡᠭᠲᠡᠢ᠃ ᠪᠣᠳᠠᠲᠠᠢ ᠠᠵᠢᠯᠯᠠᠬᠤ ᠰᠤᠷᠲᠠᠯ ᠢ ᠪᠠᠳᠠᠷᠠᠭᠤᠯᠵᠤ᠂ ᠪᠣᠳᠠᠲᠠᠢ ᠠᠵᠢᠯᠯᠠᠬᠤ ᠶᠢ ᠠᠳᠬᠤᠵᠤ ᠪᠣᠳᠠᠲᠠᠢ ᠠᠵᠢᠯᠯᠠᠬᠤ ᠤᠳᠤᠷᠢᠳᠤᠮᠵᠢ ᠶᠢ ᠪᠠᠲᠤ ᠪᠤᠢ ᠪᠣᠯᠭᠠᠵᠤ᠂ ︽ᠠᠷᠬᠠᠭ ᠭᠡᠮ︾ ᠤᠨ ᠠᠰᠠᠭᠤᠳᠠᠯ ᠢ ᠴᠡᠭᠴᠡᠯᠡᠨ ᠵᠠᠰᠠᠬᠤ ᠶᠢ ᠭᠦᠨᠵᠡᠭᠡᠶᠢᠷᠡᠭᠦᠯᠵᠦ᠂ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠠᠵᠢᠯ ᠢ ᠤᠨᠢᠨ ᠳᠡᠭᠡᠷ᠎ᠡ ᠨᠢ ᠠᠬᠢᠭᠤᠯᠵᠤ᠂ ᠡᠯ᠎ᠡ ᠲᠠᠯ᠎ᠠ ᠶᠢᠨ ᠡᠷᠴᠢ ᠵᠣᠷᠢᠭ ᠢ ᠭᠦᠢᠴᠡᠳ ᠳᠠᠶᠢᠴᠢᠯᠠᠵᠤ᠂ ᠡᠯ᠎ᠡ ᠵᠦᠢᠯ ᠤᠨ ᠦᠢᠯᠡᠰ ᠤᠨ ᠬᠥᠭᠵᠢᠯᠲᠡ ᠳᠤ ᠪᠠᠲᠤ ᠴᠢᠩᠭ᠎ᠠ ᠪᠠᠲᠤᠯᠠᠭ᠎ᠠ ᠬᠠᠩᠭᠠᠬᠤ ᠬᠡᠷᠡᠭᠲᠡᠢ᠃
 
ᠢᠷᠡᠯᠲᠡ᠄ ᠵᠢᠨᠢᠩ ᠲᠣᠭᠣᠷᠢᠭ ᠤᠨ ᠠᠷᠠᠳ  ᠤᠨ ᠵᠠᠰᠠᠭ  ᠤᠨ ᠣᠷᠳᠣᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2