ᠵᠢᠨᠢᠩ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ︽ᠤᠯᠤᠰ ᠲᠥᠷᠥ ᠶᠢᠨ ᠵᠥᠪᠯᠡᠯᠭᠡᠨ ᠤ ᠤᠯᠠᠭᠠᠨᠴᠠᠪ ᠬᠤᠲᠠ ᠶᠢᠨ ᠲᠠᠪᠤᠳᠤᠭᠠᠷ ᠬᠤᠭᠤᠴᠠᠭᠠᠨ ᠤ ᠬᠤᠷᠢᠶ᠎ᠠ ᠶᠢᠨ ᠲᠠᠪᠤᠳᠤᠭᠠᠷ ᠤᠳᠠᠭᠠᠨ ᠤ ᠬᠤᠷᠠᠯ︾ ᠤᠨ ᠬᠤᠭᠤᠴᠠᠭᠠᠨ ᠳᠠᠬᠢ ᠢᠳᠡᠭᠡᠨ ᠤᠮᠳᠠᠭᠠᠨ ᠤ ᠠᠮᠤᠷ ᠲᠦᠪᠰᠢᠨ ᠢ ᠪᠠᠲᠤᠯᠠᠬᠤ ᠪᠣᠯᠪᠠᠰᠤᠷᠠᠯ ᠤᠨ ᠬᠤᠷᠠᠯ ᠥᠷᠨᠢᠭᠦᠯᠪᠡ
ᠨᠡᠶᠢᠲᠡᠯᠡᠭᠰᠡᠨ ᠴᠠᠭ᠄
2025/2/8
     ︽ᠤᠯᠤᠰ ᠲᠥᠷᠥ ᠶᠢᠨ ᠵᠥᠪᠯᠡᠯᠭᠡᠨ ᠤ ᠤᠯᠠᠭᠠᠨᠴᠠᠪ ᠬᠤᠲᠠ ᠶᠢᠨ ᠲᠠᠪᠤᠳᠤᠭᠠᠷ ᠬᠤᠭᠤᠴᠠᠭᠠᠨ ᠤ ᠬᠤᠷᠢᠶ᠎ᠠ ᠶᠢᠨ ᠲᠠᠪᠤᠳᠤᠭᠠᠷ ᠤᠳᠠᠭᠠᠨ ᠤ ᠬᠤᠷᠠᠯ︾ ᠤᠨ ᠬᠤᠭᠤᠴᠠᠭᠠᠨ ᠳᠠᠬᠢ ᠢᠳᠡᠭᠡᠨ ᠤᠮᠳᠠᠭᠠᠨ ᠤ ᠦᠢᠯᠡᠴᠢᠯᠡᠭᠡᠨ ᠤ ᠢᠳᠡᠭᠡᠨ ᠤ ᠠᠮᠤᠷ ᠲᠦᠪᠰᠢᠨ ᠢ ᠪᠠᠲᠤᠯᠠᠬᠤ ᠠᠵᠢᠯ ᠢ ᠰᠠᠶᠢᠲᠤᠷ ᠬᠢᠵᠦ᠂ ᠢᠳᠡᠭᠡᠨ ᠤ ᠬᠤᠣᠷᠳᠠᠯ ᠪᠠ ᠢᠳᠡᠭᠡᠨ ᠤ ᠢᠷᠡᠯᠲᠡ ᠶᠢᠨ ᠴᠢᠨᠠᠷᠲᠠᠶ ᠡᠪᠡᠳᠴᠢᠨ ᠡᠮᠭᠡᠭ ᠵᠡᠷᠭᠡ ᠢᠳᠡᠭᠡᠨ ᠤ ᠠᠮᠤᠷ ᠲᠦᠪᠰᠢᠨ ᠤ ᠠᠳᠡᠯ ᠭᠠᠷᠬᠤ ᠶᠢ ᠪᠦᠲᠦᠮᠵᠢᠲᠡᠶ ᠰᠡᠷᠭᠡᠶᠢᠯᠡᠬᠦ ᠶᠢᠨ ᠲᠤᠰᠠᠳᠠ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠢᠳᠡᠭᠡᠨ ᠤ ᠠᠮᠤᠷ ᠲᠦᠪᠰᠢᠨ ᠤ ᠬᠠᠤᠯᠢ︾᠂ ︽ᠢᠳᠡᠭᠡᠨ ᠤᠮᠳᠠᠭᠠᠨ ᠤ ᠦᠢᠯᠡᠴᠢᠯᠡᠭᠡᠨ ᠤ ᠢᠳᠡᠭᠡᠨ ᠤ ᠠᠮᠤᠷ ᠲᠦᠪᠰᠢᠨ ᠤ ᠠᠵᠢᠯᠯᠠᠭᠠᠨ ᠤ ᠵᠢᠷᠤᠮᠵᠢᠯ︾ ᠵᠡᠷᠭᠡ ᠬᠤᠯᠪᠣᠭᠳᠠᠯ ᠪᠥᠬᠦᠶ ᠱᠠᠭᠠᠷᠳᠠᠯᠭ᠎ᠠ ᠶᠢ ᠦᠨᠳᠦᠰᠦᠯᠡᠨ᠂ ᠵᠢᠨᠢᠩ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠴᠢᠤᠸᠠᠨ ᠱᠠᠨ ᠳᠤᠮᠳᠠ ᠠᠩᠭᠢ ᠶᠢᠨ ᠬᠠᠤᠯᠢ ᠬᠡᠷᠡᠭᠵᠢᠭᠦᠯᠬᠦ ᠠᠵᠢᠯᠲᠠᠨ ᠬᠤᠷᠠᠯ ᠤᠨ ᠳᠠᠭᠠᠭᠠᠨ ᠠᠪᠤᠭᠰᠠᠨ ᠨᠢᠭᠡᠴᠡ ᠳᠤ ᠢᠳᠡᠭᠡᠨ ᠤ ᠠᠮᠤᠷ ᠲᠦᠪᠰᠢᠨ ᠤ ᠪᠣᠯᠪᠠᠰᠤᠷᠠᠭᠤᠯᠤᠯ ᠬᠢᠪᠠ᠃     ᠪᠣᠯᠪᠠᠰᠤᠷᠠᠭᠤᠯᠤᠯ ᠢᠳᠡᠭᠡᠨ ᠤᠮᠳᠠᠭᠠᠨ ᠳᠠᠭᠠᠭᠠᠨ ᠠᠪᠬᠤ ᠨᠢᠭᠡᠴᠡ ᠶᠢ ᠬᠤᠷᠠᠯ ᠤᠨ ᠬᠤᠭᠤᠴᠠᠭᠠᠨ ᠳᠠᠬᠢ ᠬᠤᠭᠤᠯᠠ ᠬᠠᠩᠭᠠᠬᠤ ᠠᠷᠭ᠎ᠠ ᠮᠠᠶ᠋ᠢᠭ᠂ ᠢᠳᠡᠭᠡᠨ ᠤ ᠵᠢᠭᠰᠠᠯ ᠤᠨ ᠠᠭᠤᠯᠭ᠎ᠠ᠂ ᠢᠳᠡᠭᠡᠨ ᠡᠳ᠋ᠰᠢᠭᠦᠯᠦᠨ ᠦᠢᠯᠡᠳᠬᠦ ᠠᠷᠭ᠎ᠠ ᠵᠢᠴᠢ ᠲᠣᠰ ᠨᠢᠭᠡᠴᠡ ᠳᠤ ᠠᠪᠤᠭᠰᠠᠨ ᠡᠯ᠎ᠡ ᠵᠦᠢᠯ ᠤᠨ ᠪᠠᠲᠤᠯᠠᠭ᠎ᠠ ᠶᠢᠨ ᠠᠷᠭ᠎ᠠ ᠬᠡᠮᠵᠢᠶ᠎ᠡ ᠵᠡᠷᠭᠡ ᠬᠠᠮᠢᠶ᠎ᠠ ᠪᠥᠬᠦᠶ ᠵᠦᠢᠯᠡᠰ ᠢᠶᠠᠨ ᠴᠠᠭ ᠲᠤᠬᠠᠶ ᠳᠤᠨᠢ ᠮᠡᠳᠡᠭᠦᠯᠵᠦ᠂ ᠢᠳᠡᠭᠡᠨ ᠵᠢᠴᠢ ᠢᠳᠡᠭᠡᠨ ᠤ ᠲᠦᠭᠦᠬᠡᠶ ᠮᠠᠲ᠋ᠧᠷᠢᠶᠠᠯ ᠢ ᠡᠵᠡᠮᠳᠡᠬᠦ ᠱᠠᠭᠠᠷᠳᠠᠯᠭ᠎ᠠ ᠶᠢ ᠨᠠᠶᠢᠳᠠᠪᠤᠷᠢᠵᠢᠭᠤᠯᠤᠨ᠂ ᠪᠠᠷᠠᠭ᠎ᠠ ᠣᠷᠣᠭᠤᠯᠬᠤ ᠶᠢ ᠪᠠᠶᠢᠴᠠᠭᠠᠨ ᠰᠢᠯᠭᠠᠬᠤ ᠵᠢᠴᠢ ᠭᠡᠷᠡᠴᠢ ᠪᠠᠷᠢᠮᠲᠠ ᠠᠪᠬᠤ ᠠᠵᠢᠯ ᠢ ᠰᠠᠶᠢᠲᠤᠷ ᠬᠢᠵᠦ᠂ ᠠᠵᠢᠯᠯᠠᠵᠤ ᠪᠠᠶᠢᠭ᠎ᠠ ᠬᠥᠮᠦᠰ ᠤᠨ ᠡᠷᠡᠭᠦᠯ ᠮᠡᠨᠳᠦ ᠶᠢᠨ ᠬᠠᠮᠢᠶᠠᠷᠤᠯᠲᠠ ᠶᠢᠨ ᠲᠦᠷᠢᠮ ᠢ ᠴᠢᠩᠭ᠎ᠠ ᠬᠡᠷᠡᠭᠵᠢᠭᠦᠯᠦᠨ᠂ ᠢᠳᠡᠭᠡᠨ ᠪᠣᠯᠪᠠᠰᠤᠷᠠᠭᠤᠯᠬᠤ ᠴᠤᠪᠤᠷᠠᠯ ᠢ ᠵᠢᠷᠤᠮᠵᠢᠭᠤᠯᠵᠤ᠂ ᠪᠥᠬᠦ ᠶᠠᠪᠤᠴᠠ ᠶᠢᠨ ᠪᠡᠯᠡᠳᠬᠡᠮᠵᠢ ᠲᠥᠬᠦᠭᠡᠷᠦᠮᠵᠢ ᠶᠢ ᠬᠠᠮᠠᠭᠠᠯᠠᠨ ᠠᠷᠠᠴᠢᠯᠠᠬᠤ ᠶᠢ ᠴᠢᠩᠭᠠᠳᠬᠠᠨ᠂ ᠤᠬᠢᠶᠠᠵᠤ ᠠᠷᠢᠭᠤᠳᠬᠠᠬᠤ ᠪᠡᠯᠡᠳᠬᠡᠮᠵᠢ ᠶᠢᠨ ᠬᠡᠪ ᠤᠨ ᠠᠵᠢᠯᠯᠠᠭᠠᠨ ᠪᠠ ᠬᠡᠷᠡᠭᠯᠡᠯᠲᠡ ᠶᠢ ᠦᠨᠡᠨᠬᠦ ᠪᠠᠲᠤᠯᠠᠵᠤ᠂ ᠱᠠᠭᠠᠷᠳᠠᠯᠭ᠎ᠠ ᠶᠣᠰᠣᠭᠠᠷ ᠢᠳᠡᠭᠡᠨ ᠤ ᠠᠮᠤᠷ ᠲᠦᠪᠰᠢᠨ ᠤ ᠬᠠᠮᠢᠶᠠᠷᠤᠯᠲᠠ ᠶᠢ ᠬᠠᠭᠠᠵᠤ᠂ ᠬᠢᠨᠠᠨ ᠬᠠᠮᠢᠶᠠᠷᠬᠤ ᠰᠠᠯᠠᠭ᠎ᠠ ᠮᠥᠴᠢᠷ ᠲᠠᠢ ᠬᠠᠮᠵᠢᠯᠴᠠᠨ ᠢᠳᠡᠭᠡᠨ ᠤᠮᠳᠠᠭᠠᠨ ᠤ ᠦᠢᠯᠡᠴᠢᠯᠡᠭᠡᠨ ᠤ ᠢᠳᠡᠭᠡᠨ ᠤ ᠠᠮᠤᠷ ᠲᠦᠪᠰᠢᠨ ᠤ ᠪᠠᠲᠤᠯᠠᠭ᠎ᠠ ᠶᠢᠨ ᠠᠵᠢᠯ ᠢ ᠥᠷᠨᠢᠭᠦᠯᠬᠦ ᠬᠡᠷᠡᠭᠲᠡᠶ ᠭᠡᠵᠦ ᠱᠠᠭᠠᠷᠳᠠᠪᠠ᠃     ᠲᠣᠰ ᠤᠳᠠᠭᠠᠨ ᠤ ᠪᠣᠯᠪᠠᠰᠤᠷᠠᠭᠤᠯᠤᠯ ᠳᠤ ᠠᠵᠢᠯᠯᠠᠭ᠎ᠠ ᠶᠢᠨ ᠬᠤᠭᠤᠴᠠᠭᠠᠨ ᠳᠠᠬᠢ ᠢᠳᠡᠭᠡᠨ ᠤᠮᠳᠠᠭᠠᠨ ᠤ ᠦᠶᠯᠡᠴᠢᠯᠡᠭᠡᠨ ᠤ ᠢᠳᠡᠭᠡᠨ ᠤ ᠠᠮᠤᠷ ᠲᠦᠪᠰᠢᠨ ᠤ ᠪᠠᠲᠤᠯᠠᠭ᠎ᠠ ᠶᠢᠨ ᠰᠢᠰᠲ᠋ᠧᠮ ᠢ ᠲᠡᠭᠦᠯᠳᠡᠷᠵᠢᠭᠦᠯᠵᠦ᠂ ᠢᠳᠡᠭᠡᠨ ᠤ ᠠᠮᠤᠷ ᠲᠦᠪᠰᠢᠨ ᠤ ᠭᠤᠤᠯ ᠴᠣᠭᠴᠠ ᠶᠢᠨ ᠬᠠᠷᠢᠭᠤᠴᠠᠯᠭ᠎ᠠ ᠶᠢ ᠲᠣᠳᠣᠷᠬᠠᠶᠢᠯᠠᠨ᠂ ᠳᠠᠭᠠᠭᠠᠨ ᠠᠪᠬᠤ ᠨᠢᠭᠡᠴᠢ ᠶᠢᠨ ᠢᠳᠡᠭᠡᠨ ᠤᠮᠳᠠᠭᠠᠨ ᠤ ᠠᠮᠤᠷ ᠲᠦᠪᠰᠢᠨ ᠤ ᠤᠬᠠᠮᠰᠠᠷ ᠢ ᠴᠢᠩᠭᠠᠳᠬᠠᠪᠠ᠃ ᠳᠠᠷᠠᠭᠠᠴᠢ ᠶᠢᠨ ᠠᠯᠬᠤᠮ ᠳᠤ᠂ ᠮᠠᠨ ᠤ ᠲᠣᠪᠴᠢᠶ᠎ᠠ ᠢᠳᠡᠭᠡᠨ ᠤᠮᠳᠠᠭᠠᠨ ᠤ ᠦᠢᠯᠡᠴᠢᠯᠡᠭᠡᠨ ᠤ ᠢᠳᠡᠭᠡᠨ ᠤ ᠠᠮᠤᠷ ᠲᠦᠪᠰᠢᠨ ᠤ ᠪᠣᠭᠤᠮᠲᠠ ᠶᠢ ᠴᠢᠩᠭ᠎ᠠ ᠠᠳᠬᠤᠵᠤ᠂ ᠬᠠᠮᠲᠤ ᠶᠢᠨ ᠴᠢᠨᠠᠷᠲᠠᠶ ᠠᠮᠤᠷ ᠲᠦᠪᠰᠢᠨ ᠤ ᠬᠡᠷᠡᠭ ᠡᠭᠦᠰᠬᠦ ᠶᠢ ᠰᠡᠷᠭᠡᠶᠢᠯᠡᠵᠦ᠂ ᠠᠵᠢᠯᠯᠠᠭ᠎ᠠ ᠶᠢᠨ ᠬᠤᠭᠤᠴᠠᠭᠠᠨ ᠳᠠᠬᠢ ᠢᠳᠡᠭᠡᠨ ᠤᠮᠳᠠᠭᠠᠨ ᠤ ᠦᠢᠯᠡᠴᠢᠯᠡᠭᠡᠨ ᠤ ᠢᠳᠡᠭᠡᠨ ᠤ ᠠᠮᠤᠷ ᠲᠦᠪᠰᠢᠨ ᠢ ᠪᠠᠲᠤᠯᠠᠨ᠎ᠠ᠃               ᠣᠷᠴᠢᠭᠤᠯᠤᠭᠴᠢ᠄ ᠳ᠋ᠥᠩ ᠾᠦᠢ
 
ᠢᠷᠡᠯᠲᠡ᠄ ᠵᠢᠨᠢᠩ ᠲᠣᠭᠣᠷᠢᠭ ᠤᠨ ᠠᠷᠠᠳ  ᠤᠨ ᠵᠠᠰᠠᠭ  ᠤᠨ ᠣᠷᠳᠣᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2