ᠵᠢᠨᠢᠩ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠱᠦᠵᠢ᠂ ᠬᠢᠨᠠᠨ ᠪᠠᠶᠢᠴᠠᠭᠠᠬᠤ ᠵᠥᠪᠯᠡᠯ ᠤᠨ ᠡᠷᠬᠢᠯᠡᠭᠴᠢ ᠵᠠᠩ ᠱᠧᠩ ᠵᠢᠶᠠᠩ ᠨᠠᠷ ᠴᠢᠶᠣᠤ ᠰᠢ ᠵᠡᠭᠡᠯᠢ ᠭᠤᠳᠤᠮᠵᠢ ᠳᠤ ᠭᠦᠨᠵᠡᠭᠡᠶᠢᠷᠡᠨ ᠭᠠᠭᠴᠠᠭᠠᠷ ᠰᠠᠭᠤᠭ᠎ᠠ ᠨᠠᠰᠤᠲᠠᠶᠢᠴᠤᠳ ᠲᠤ ᠲᠠᠮᠠᠬᠢᠨ ᠰᠡᠷᠡᠯ ᠤᠭᠰᠠᠷᠠᠬᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠶᠯ ᠢ ᠨᠠᠶᠢᠳᠠᠪᠤᠷᠢᠵᠢᠭᠤᠯᠤᠭᠰᠠᠨ ᠪᠠᠶᠢᠳᠠᠯ  ᠳᠤ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2025/3/14
      2025 ᠣᠨ ᠤ 3 ᠰᠠᠷ᠎ᠠ ᠶᠢᠨ 14 ᠤ ᠡᠳᠦᠷ᠂ ᠵᠢᠨᠢᠩ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠱᠦᠵᠢ᠂ ᠬᠢᠨᠠᠨ ᠪᠠᠶᠢᠴᠠᠭᠠᠬᠤ ᠵᠥᠪᠯᠡᠯ ᠤᠨ ᠡᠷᠬᠢᠯᠡᠭᠴᠢ ᠵᠠᠩ ᠱᠧᠩ ᠵᠢᠶᠠᠩ ᠨᠠᠷ ᠴᠢᠶᠣᠤ ᠰᠢ ᠵᠡᠭᠡᠯᠢ ᠭᠤᠳᠤᠮᠵᠢ ᠶᠢᠨ ᠲᠦᠩ ᠵᠢᠶᠠ ᠨᠡᠶᠢᠭᠡᠮ ᠲᠣᠭᠤᠷᠢᠭ ᠤᠨ ᠳᠥᠷᠪᠡᠳᠦᠭᠡᠷ ᠰᠠᠭᠤᠭᠠᠯᠢ ᠲᠣᠭᠤᠷᠢᠭ ᠲᠤ ᠭᠦᠨᠵᠡᠭᠡᠶᠢᠷᠡᠨ ᠭᠠᠭᠴᠠᠭᠠᠷ ᠰᠠᠭᠤᠭ᠎ᠠ ᠨᠠᠰᠤᠲᠠᠶᠢᠴᠤᠳ ᠲᠤ ᠲᠠᠮᠠᠬᠢᠨ ᠰᠡᠷᠡᠯ ᠤᠭᠰᠠᠷᠠᠬᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠶᠯ ᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠪᠠᠶᠢᠴᠠᠭᠠᠨ ᠰᠤᠳᠤᠯᠵᠤ᠂ ᠵᠡᠭᠡᠯᠢ ᠭᠤᠳᠤᠮᠵᠢ ᠶᠢᠨ ᠨᠠᠮ ᠤᠨ ᠠᠵᠢᠯᠯᠠᠬᠤ ᠬᠤᠷᠢᠶᠠᠨ ᠤ ᠱᠦᠵᠢ ᠰᠥᠩ ᠫᠧᠩ ᠪᠠᠷ᠎ᠠ ᠪᠣᠯᠪᠠ᠃     ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠳᠥᠷᠪᠡᠳᠦᠭᠡᠷ ᠰᠠᠭᠤᠭᠠᠯᠢ ᠲᠣᠭᠤᠷᠢᠭ ᠲᠤ ᠬᠦᠷᠴᠦ ᠭᠠᠭᠴᠠᠭᠠᠷ ᠰᠠᠭᠤᠭ᠎ᠠ ᠨᠠᠰᠤᠲᠠᠶᠢᠴᠤᠳ ᠤ ᠳᠣᠲᠣᠷᠠᠬᠢ ᠲᠤᠰᠠᠭᠠᠷ ᠮᠠᠶ᠋ᠢᠭ ᠤᠨ ᠲᠠᠮᠠᠬᠢᠨ ᠭᠠᠮᠰᠢᠭ ᠢ ᠬᠠᠶᠢᠨ ᠬᠡᠮᠵᠢᠬᠦ ᠮᠠᠰᠢᠨ ᠤᠭᠰᠠᠷᠠᠭᠰᠠᠨ ᠵᠢᠴᠢ ᠬᠡᠷᠡᠭᠯᠡᠵᠦ ᠪᠠᠶᠢᠭ᠎ᠠ ᠪᠠᠶᠢᠳᠠᠯ ᠢ ᠪᠠᠶᠢᠴᠠᠭᠠᠨ ᠰᠤᠳᠤᠯᠵᠤ᠂ ᠠᠷᠠᠳ ᠤᠨ ᠲᠥᠯᠥᠭᠡ ᠪᠣᠳᠠᠲᠤ ᠶᠠᠪᠤᠳᠠᠯ ᠬᠢᠬᠦ ᠲᠦᠷᠦᠯ ᠵᠦᠢᠯ ᠤᠨ ᠲᠠᠯ᠎ᠠ ᠪᠠᠷ ᠣᠷᠣᠰᠢᠵᠤ ᠪᠠᠶᠢᠭ᠎ᠠ ᠠᠰᠠᠭᠤᠳᠠᠯ ᠢ ᠤᠶᠢᠢᠯᠠᠭᠠᠭᠰᠠᠨ ᠪᠥᠭᠡᠳ ᠠᠰᠠᠭᠤᠳᠠᠯ ᠳᠤ ᠴᠢᠭᠯᠡᠭᠦᠯᠦᠨ ᠰᠠᠨᠠᠯ ᠰᠠᠨᠠᠭᠤᠯᠭ᠎ᠠ ᠳᠤᠷᠠᠳᠴᠠᠢ᠃ ᠪᠠᠶᠢᠴᠠᠭᠠᠨ ᠰᠤᠳᠤᠯᠬᠤ ᠳᠤᠭᠤᠶᠢᠯᠠᠩ ᠠᠴᠠ ᠴᠢᠬᠤᠯᠠᠴᠢᠯᠠᠭᠰᠠᠨ ᠨᠢ᠂ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠢᠮᠠᠭᠲᠠ ᠪᠠᠷᠢᠮᠲᠠᠯᠠᠵᠤ᠂ ᠪᠣᠳᠠᠲᠤ ᠶᠠᠪᠤᠳᠠᠯ ᠨᠢᠭᠡᠪᠦᠷᠢ ᠶᠢ ᠪᠣᠳᠠᠲᠠᠢ ᠬᠢᠵᠦ᠂ ᠰᠠᠶᠢᠨ ᠶᠠᠪᠤᠳᠠᠯ ᠢ ᠰᠠᠶᠢᠲᠤᠷ ᠬᠢᠵᠦ᠂ ᠠᠷᠠᠳ ᠤᠯᠠᠨ ᠤ ᠵᠣᠯ ᠵᠢᠷᠭᠠᠯᠲᠤ ᠲᠦᠷᠦᠭᠳᠡᠯ ᠢ ᠭᠡᠷ ᠤᠨ ᠡᠭᠦᠳᠡᠨ ᠳᠤᠨᠢ ︽ᠲᠡᠰ ᠳᠡᠪᠰᠢᠭᠦᠯᠬᠦ︾ ᠬᠡᠷᠡᠭᠲᠡᠢ᠃    ᠳᠠᠷᠠᠭᠠᠴᠢ ᠶᠢᠨ ᠠᠯᠬᠤᠮ ᠳᠤ᠂ ᠴᠢᠶᠣᠤ ᠰᠢ ᠵᠡᠭᠡᠯᠢ ᠭᠤᠳᠤᠮᠵᠢ ᠶᠢᠨ ᠬᠢᠨ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠢᠮᠠᠭᠲᠠ ᠪᠠᠷᠢᠮᠲᠠᠯᠠᠵᠤ᠂ ᠠᠷᠠᠳ ᠤᠯᠠᠨ ᠤ ᠬᠠᠮᠤᠭ ᠠᠴᠠ ᠠᠩᠬᠠᠷᠴᠤ ᠪᠠᠶᠢᠭ᠎ᠠ᠂ ᠬᠠᠮᠤᠭ ᠤᠨ ᠰᠢᠭᠤᠳ᠂ ᠬᠠᠮᠤᠭ ᠤᠨ ᠪᠣᠳᠠᠲᠠᠢ ᠠᠰᠢᠭ ᠲᠤᠰᠠ ᠶᠢᠨ ᠠᠰᠠᠭᠤᠳᠠᠯ ᠢ ᠴᠢᠩᠭ᠎ᠠ ᠠᠩᠬᠠᠷᠴᠤ᠂ ᠠᠷᠠᠳ ᠤᠯᠠᠨ ᠤ ᠢᠳᠡᠵᠦ ᠡᠮᠦᠰᠬᠦ ᠶᠠᠪᠤᠵᠤ ᠰᠠᠭᠤᠬᠤ ᠠᠴᠠ ᠴᠢᠳᠠᠮᠠᠭᠠᠢ ᠪᠠᠷ ᠡᠭᠦᠰᠴᠦ᠂ ᠠᠷᠠᠳ ᠲᠦᠮᠡᠨ ᠳᠤ ᠦᠢᠯᠡᠴᠢᠯᠡᠬᠦ ᠵᠦᠢᠯ ᠢᠶᠠᠨ ᠣᠨᠣᠪᠴᠢᠲᠠᠢ ᠣᠯᠵᠤ᠂ ᠪᠣᠳᠠᠲᠠᠢ ᠠᠴᠠ ᠭᠠᠷᠳᠠᠵᠤ᠂ ᠨᠠᠷᠢᠨ ᠲᠠᠯ᠎ᠠ ᠠᠴᠠ ᠴᠢᠷᠮᠠᠶᠢᠨ ᠠᠵᠢᠯᠯᠠᠵᠤ᠂ ᠵᠢᠯ ᠳᠠᠷᠠᠭᠠᠯᠠᠨ ᠬᠢᠵᠦ᠂ ᠨᠢᠭᠡᠳ ᠨᠢᠭᠡ ᠪᠠᠷ ᠰᠢᠢᠳᠪᠦᠷᠢᠯᠡᠵᠦ᠂ ᠦᠨᠡᠨ ᠪᠣᠳᠠᠲᠠᠢ ᠶᠠᠪᠤᠳᠠᠯ ᠢ ᠤᠯᠠᠨ ᠲᠦᠮᠡᠨ ᠤ ᠰᠡᠳᠬᠢᠯ ᠳᠤ ᠬᠠᠳᠠᠩᠰᠢᠭᠤᠯᠬᠤ ᠬᠡᠷᠡᠭᠲᠡᠢ᠃                    ᠣᠷᠴᠢᠭᠤᠯᠤᠭᠴᠢ᠄ ᠳ᠋ᠥᠩ ᠾᠦᠢ
 
ᠢᠷᠡᠯᠲᠡ᠄ ᠵᠢᠨᠢᠩ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2