ᠲᠤᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠵᠤ ᠶᠡᠷᠦᠩᠬᠡᠶ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠪᠠ
ᠨᠡᠶᠢᠲᠡᠯᠡᠭᠰᠡᠨ ᠴᠠᠭ᠄
2025/3/19
    2 ᠰᠠᠷ᠎ᠠ ᠶᠢᠨ 26 ᠤ ᠡᠳᠦᠷ᠂ ᠲᠤᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠵᠤ᠂ ᠬᠠᠮᠢᠶ᠎ᠠ ᠪᠥᠬᠦᠶ ᠠᠵᠢᠯ ᠢ ᠳᠣᠭᠢᠷᠠᠭᠤᠯᠤᠨ ᠪᠠᠶᠢᠷᠢᠯᠠᠭᠤᠯᠪᠠ᠃    ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠢᠨᠢᠩ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠵᠠᠩ ᠶᠦᠩ ᠸᠧᠨ ᠬᠤᠷᠠᠯ ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠶ᠃    ᠬᠤᠷᠠᠯ ᠠᠴᠠ᠂ ᠠᠷᠠᠳ ᠠᠴᠠ ᠡᠵᠡᠩᠨᠡᠭᠰᠡᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠶᠢᠨ ᠴᠢᠬᠤᠯᠠ ᠶᠡᠭᠡ ᠠᠴᠢ ᠬᠤᠯᠪᠣᠭᠳᠠᠯ ᠢ ᠭᠦᠢᠴᠡᠳ ᠲᠠᠨᠢᠵᠤ᠂ ︽ᠬᠤᠶᠠᠷ ᠭᠤᠶᠢᠪᠢᠰᠢ ᠦᠭᠡᠢ︾ ︽ᠭᠤᠷᠪᠠ ᠶᠢ ᠬᠤᠪᠢᠷᠠᠭᠤᠯᠬᠤ ᠦᠭᠡᠢ︾ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠡᠵᠡᠩᠨᠡᠯᠲᠡ ᠶᠢᠨ ᠭᠤᠣᠯ ᠴᠣᠭᠴᠠ ᠶᠢ ᠪᠤᠶᠢᠵᠢᠭᠤᠯᠤᠨ ᠪᠤᠵᠠᠭᠠᠶᠢᠷᠠᠭᠤᠯᠬᠤ ᠪᠠᠷ ᠰᠠᠭᠤᠷᠢ ᠴᠢᠨᠠᠷᠲᠠᠢ ᠢᠨᠵᠧᠨᠧᠷᠢᠩ ᠪᠣᠯᠭᠠᠵᠤ᠂ ︽ᠵᠢᠷᠭᠤᠭᠠᠨ ᠠᠵᠢᠯᠯᠠᠭ᠎ᠠ︾ ᠶᠢ ᠥᠷᠨᠢᠭᠦᠯᠬᠦ ᠲᠠᠢ ᠤᠶᠠᠯᠳᠤᠭᠤᠯᠵᠤ᠂ ᠲᠦᠷᠦᠯ ᠵᠦᠢᠯ ᠢ ᠣᠷᠣᠭᠤᠯᠤᠨ ᠠᠪᠴᠢᠷᠠᠬᠤ᠂ ᠪᠦᠳᠦᠭᠡᠨ ᠪᠠᠶᠢᠭᠤᠯᠬᠤ ᠵᠡᠷᠭᠡ ᠠᠵᠢᠯ ᠢ ᠬᠦᠴᠦᠯᠡᠨ ᠰᠠᠶᠢᠲᠤᠷ ᠠᠳᠬᠤᠵᠤ᠂ ᠦᠢᠯᠡᠴᠢᠯᠡᠭᠡᠨ ᠤ ᠤᠬᠠᠮᠰᠠᠷ ᠢᠶᠠᠨ ᠲᠠᠰᠤᠷᠠᠯᠲᠠ ᠦᠭᠡᠢ ᠴᠢᠩᠭᠠᠳᠬᠠᠵᠤ᠂ ᠨᠡᠩ ᠪᠣᠳᠠᠲᠠᠢ ᠠᠷᠭ᠎ᠠ ᠬᠡᠮᠵᠢᠶ᠎ᠡ ᠪᠠᠷ ᠠᠵᠤ ᠠᠬᠤᠶᠢᠯᠠᠯ ᠤᠨ ᠬᠥᠭᠵᠢᠨ ᠪᠤᠵᠠᠭᠠᠶᠢᠢᠷᠠᠬᠤ ᠶᠢ ᠠᠬᠢᠭᠤᠯᠬᠤ ᠬᠡᠷᠡᠭᠲᠡᠢ᠃ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠢ ᠦᠷᠭᠦᠯᠵᠢᠯᠡᠨ ᠠᠬᠢᠭᠤᠯᠵᠤ᠂ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠲᠠᠰᠤᠷᠠᠯᠲᠠ ᠦᠭᠡᠢ ᠭᠦᠨᠵᠡᠭᠡᠶᠢᠷᠡᠭᠦᠯᠵᠦ᠂ ᠠᠵᠤ ᠠᠬᠤᠶᠢᠯᠠᠯ ᠳᠤ ᠬᠤᠯᠪᠣᠭᠳᠠᠭᠰᠠᠨ ᠬᠡᠷᠡᠭ ᠤᠨ ︽ᠰᠠᠭᠠᠳ ᠦᠭᠡᠢ ᠨᠡᠪᠲᠡᠷᠡᠬᠦ ᠵᠠᠮ︾ ᠢ ᠰᠠᠭᠠᠳ ᠦᠭᠡᠢ ᠨᠡᠪᠲᠡᠷᠡᠭᠦᠯᠵᠦ᠂ ᠦᠨᠡᠨᠴᠢ ᠰᠢᠳᠤᠷᠭᠤ᠂ ᠦᠨᠡᠨᠴᠢ ᠢᠲᠡᠭᠡᠮᠵᠢᠲᠡᠢ᠂ ᠡᠷᠬᠡ ᠲᠡᠭᠰᠢ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠪᠦᠬᠦ ᠲᠠᠯ᠎ᠠ ᠪᠠᠷ ᠪᠤᠢ ᠪᠣᠯᠭᠠᠬᠤ ᠬᠡᠷᠡᠭᠲᠡᠢ᠃    ᠬᠤᠷᠠᠯ ᠠᠴᠠ᠂ ᠲᠥᠪ ᠬᠤᠷᠢᠶ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠳᠠ ᠶᠢᠨ ᠨᠠᠮ ᠤᠨ ᠬᠤᠷᠢᠶ᠎ᠠ ᠶᠢᠨ ᠤᠯᠤᠰ ᠲᠦᠷᠦ ᠬᠠᠤᠯᠢ ᠴᠠᠭᠠᠵᠠ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠨᠠᠮ ᠤᠨ ᠤᠯᠤᠰ ᠲᠦᠷᠦ ᠬᠠᠤᠯᠢ ᠴᠠᠭᠠᠵᠠ ᠶᠢᠨ ᠠᠵᠢᠯ ᠳᠠᠬᠢ ᠬᠠᠷᠢᠴᠠᠯᠠᠰᠢᠭᠦᠢ ᠤᠳᠤᠷᠢᠳᠤᠯᠭ᠎ᠠ ᠶᠢ ᠪᠠᠷᠢᠮᠲᠠᠯᠠᠵᠤ᠂ ᠤᠯᠤᠰ ᠲᠦᠷᠦ ᠶᠢᠨ ᠠᠮᠤᠷ ᠲᠦᠪᠰᠢᠨ ᠪᠣᠯᠤᠨ ᠨᠡᠶᠢᠭᠡᠮ ᠤᠨ ᠲᠣᠭᠲᠠᠭᠤᠨ ᠢ ᠪᠦᠬᠦ ᠬᠦᠴᠦᠨ ᠢᠶᠠᠷ ᠢᠶᠠᠨ ᠬᠠᠮᠠᠭᠠᠯᠠᠵᠤ᠂ ᠥᠨᠳᠥᠷ ᠲᠦᠪᠰᠢᠨ ᠢᠶᠠᠷ ᠬᠠᠤᠯᠢ ᠪᠠᠷ ᠵᠠᠰᠠᠬᠤ ᠪᠠᠷ ᠴᠢᠨᠠᠷ ᠰᠠᠶᠢᠲᠠᠢ ᠬᠥᠭᠵᠢᠯᠲᠡ ᠳᠤ ᠦᠢᠯᠡᠴᠢᠯᠡᠬᠦ ᠬᠡᠷᠡᠭᠲᠡᠢ᠃ ᠲᠠᠨᠢᠯᠲᠠ ᠪᠠᠨ ᠳᠡᠭᠡᠭᠰᠢᠯᠡᠭᠦᠯᠵᠦ᠂ ᠳᠡᠭᠡᠳᠦ ᠬᠡᠮᠵᠢᠶ᠎ᠡ ᠪᠠᠷ ᠴᠢᠬᠤᠯᠠᠴᠢᠯᠠᠨ᠂ ᠵᠥᠷᠢᠴᠡᠯ ᠵᠢᠭᠤᠷᠠᠯᠳᠤᠭᠠᠨ ᠢ ᠵᠢᠭᠰᠠᠭᠠᠨ ᠪᠠᠶᠢᠴᠠᠭᠠᠵᠤ ᠰᠢᠢᠳᠪᠦᠷᠢᠯᠡᠬᠦ᠂ ᠵᠠᠬᠢᠳᠠᠯ ᠰᠤᠷᠪᠤᠯᠵᠢᠯᠠᠭ᠎ᠠ ᠪᠠᠷ ᠲᠣᠭᠲᠠᠭᠤᠨ ᠢ ᠬᠠᠮᠠᠭᠠᠯᠠᠬᠤ ᠵᠡᠷᠭᠡ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠮᠡᠳᠡᠭᠡ ᠵᠠᠩᠭᠢ ᠶᠢ ᠰᠤᠳᠤᠯᠤᠨ ᠮᠠᠭᠠᠳᠯᠠᠬᠤ ᠪᠠᠨ ᠴᠢᠩᠭᠠᠳᠬᠠᠨ᠂ ᠠᠵᠢᠯ ᠤᠨ ᠨᠡᠶᠢᠯᠡᠮᠡᠯ ᠬᠦᠴᠦᠨ ᠢ ᠪᠦᠷᠢᠯᠳᠦᠭᠦᠯᠵᠦ᠂ ᠨᠡᠶᠢᠭᠡᠮ ᠤᠨ ᠡᠶ᠎ᠡ ᠵᠣᠬᠢᠴᠠᠯ ᠪᠠ ᠲᠣᠭᠲᠠᠭᠤᠨ ᠪᠠᠶᠢᠳᠠᠯ ᠢ ᠦᠨᠡᠨ ᠬᠦ ᠬᠠᠮᠠᠭᠠᠯᠠᠬᠤ ᠬᠡᠷᠡᠭᠲᠡᠶ᠃    ᠬᠤᠷᠠᠯ ᠠᠴᠠ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠰᠦᠭ ᠰᠦᠨᠡᠰᠦ ᠶᠢ ᠱᠤᠭᠤᠵᠤ ᠬᠥᠮᠦᠨ ᠢ ᠬᠥᠮᠦᠵᠢᠭᠦᠯᠬᠦ ᠶᠢ ᠴᠥᠬᠦᠷᠡᠰᠢ ᠦᠭᠡᠢ ᠪᠠᠷᠢᠮᠲᠠᠯᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠶᠢ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠪᠦᠬᠦ ᠶᠠᠪᠤᠴᠠ ᠳᠤ ᠠᠭᠤᠰᠤᠯᠴᠠᠭᠤᠯᠬᠤ ᠬᠡᠷᠡᠭᠲᠡᠢ᠃ ᠰᠤᠷᠭᠠᠨ ᠬᠥᠮᠦᠵᠢᠯ ᠤᠨ ᠡᠬᠢ ᠪᠠᠶᠠᠯᠢᠭ ᠤᠨ ᠲᠣᠬᠢᠷᠠᠭᠤᠯᠤᠯᠲᠠ ᠶᠢᠨ ᠪᠠᠶᠢᠷᠢᠰᠢᠭᠤᠯᠤᠯᠲᠠ ᠶᠢ ᠰᠢᠯᠢᠳᠡᠭᠵᠢᠭᠦᠯᠵᠦ᠂ ᠰᠤᠷᠭᠠᠨ ᠬᠥᠮᠦᠵᠢᠯ ᠤᠨ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠰᠤᠷᠭᠠᠭᠤᠯᠢ ᠶᠢᠨ ᠵᠠᠬᠢᠷᠤᠯ᠂ ᠪᠠᠭᠰᠢ᠂ ᠵᠢᠭᠠᠬᠤ ᠶᠢ ᠰᠤᠳᠤᠯᠤᠭᠴᠢ ᠶᠢᠨ ᠬᠡᠪ ᠴᠢᠨᠠᠷ ᠤᠨ ᠳᠡᠭᠡᠭᠰᠢᠯᠡᠯᠲᠡ ᠶᠢ ᠪᠥᠬᠦ ᠬᠦᠴᠦᠨ ᠢᠶᠠᠷ ᠢᠶᠠᠨ ᠠᠬᠢᠭᠤᠯᠵᠤ᠂ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠪᠠᠲᠤᠯᠠᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠮᠠᠨ ᠤ ᠲᠤᠭᠤᠷᠢᠭ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠬᠡᠷᠡᠭᠲᠡᠶ᠃    ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠰᠤᠷᠲᠠᠯ ᠤᠨ ᠪᠠᠶᠢᠭᠤᠯᠤᠯᠲᠠ ᠶᠢᠨ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠨ ᠣᠶᠢᠯᠠᠭᠠᠵᠤ᠂ ︽ᠲᠦᠷᠪᠡᠨ ᠰᠤᠷᠲᠠᠯ︾ ᠢ ᠴᠥᠬᠦᠷᠡᠰᠢ ᠦᠭᠡᠢ ᠵᠠᠯᠠᠷᠠᠭᠤᠯᠤᠨ ᠵᠠᠰᠠᠵᠤ᠂ ᠲᠥᠪ ᠤᠨ ᠨᠠᠢᠮᠠᠨ ᠲᠣᠭᠲᠠᠭᠠᠯ ᠵᠢᠴᠢ ᠬᠡᠷᠡᠭᠵᠢᠭᠦᠯᠬᠦ ᠨᠠᠷᠢᠨ ᠲᠦᠷᠢᠮ ᠤᠨ ᠵᠣᠷᠢᠭ ᠰᠠᠨᠠᠭ᠎ᠠ ᠶᠢ ᠴᠢᠩᠭ᠎ᠠ ᠵᠢᠷᠤᠮᠯᠠᠵᠤ᠂ ᠰᠤᠷᠲᠠᠯ ᠴᠢᠬᠡᠴᠢ ᠣᠪᠣᠷ ᠲᠥᠪ᠂ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠬᠤ ᠬᠡᠷᠡᠭᠲᠡᠢ᠃ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠶᠢ ᠦᠷᠭᠦᠯᠵᠢᠯᠡᠨ ᠠᠬᠢᠭᠤᠯᠵᠤ᠂ ᠬᠠᠷᠢᠭᠤᠴᠠᠯᠭ᠎ᠠ ᠶᠢᠨ ᠬᠡᠯᠬᠢᠶ᠎ᠡ ᠶᠢ ᠴᠢᠩᠭᠠᠯᠠᠨ ᠪᠣᠳᠠᠲᠠᠶᠢᠵᠢᠭᠤᠯᠵᠤ᠂ ᠦᠨᠳᠦᠰᠦᠨ ᠱᠠᠲᠤᠨ ᠤ ᠵᠠᠰᠠᠯᠲᠠ ᠶᠢᠨ ᠦᠷ᠎ᠡ ᠪᠦᠲᠦᠮᠵᠢ ᠶᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃    ᠬᠤᠷᠠᠯ ᠠᠴᠠ᠂ ᠪᠦᠬᠦ ᠤᠯᠤᠰ ᠪᠣᠯᠤᠨ ᠪᠦᠬᠦ ᠣᠷᠣᠨ᠂ ᠪᠦᠬᠦ ᠬᠤᠳᠠ ᠶᠢᠨ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠨᠠᠷ ᠤᠨ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠰᠡᠳᠬᠢᠯ ᠢᠶᠠᠨ ᠨᠢᠭᠡᠳᠬᠡᠨ ᠰᠦᠭ ᠰᠦᠨᠡᠰᠦ ᠪᠠᠨ ᠱᠤᠭᠤᠬᠤ ᠶᠢ ᠴᠥᠬᠦᠷᠡᠰᠢ ᠦᠭᠡᠢ ᠪᠠᠷᠢᠮᠲᠠᠯᠠᠵᠤ᠂ ︽ᠨᠠᠮ ᠤᠨ ᠠᠴᠢ ᠶᠢ ᠮᠡᠳᠡᠷᠡᠬᠦ᠂ ᠨᠠᠮ ᠤᠨ ᠦᠭᠡ ᠶᠢ ᠰᠣᠨᠣᠰᠬᠤ᠂ ᠨᠠᠮ ᠢᠶᠠᠨ ᠳᠠᠭᠠᠬᠤ︾ ᠪᠠᠶᠢᠩᠭᠤᠵᠢᠭᠰᠠᠨ ᠤᠯᠠᠨ ᠲᠦᠮᠡᠨ ᠤ ᠬᠥᠮᠦᠵᠢᠯ ᠢ ᠯᠠᠪᠳᠠᠭᠤᠨ ᠪᠠᠲᠤᠲᠠᠢ ᠠᠬᠢᠭᠤᠯᠵᠤ᠂ ᠨᠠᠮ ᠤᠨ ᠰᠢᠨ᠎ᠡ ᠶᠢ ᠡᠭᠦᠳᠬᠦ ᠤᠨᠤᠯ ᠤᠨ ᠠᠵᠢᠯᠯᠠᠭ᠎ᠠ ᠦᠷ᠎ᠡ ᠪᠦᠲᠦᠮᠵᠢ ᠤᠯᠬᠤ ᠶᠢ ᠠᠬᠢᠭᠤᠯᠬᠤ ᠬᠡᠷᠡᠭᠲᠡᠢ᠃ ᠴᠢᠳᠠᠪᠤᠷᠢᠲᠠᠨ ᠢᠶᠠᠷ ᠲᠤᠭᠤᠷᠢᠭ ᠢᠶᠠᠨ ᠬᠦᠴᠦᠷᠬᠡᠭᠵᠢᠭᠦᠯᠬᠦ ᠶᠢ ᠭᠦᠨᠵᠡᠭᠡᠢ ᠠᠬᠢᠭᠤᠯᠵᠤ᠂ ᠺᠠᠳ᠋ᠷ ᠤᠨ ᠡᠩᠨᠡᠭᠡ ᠶᠢ ᠰᠢᠯᠢᠳᠡᠭ ᠢ ᠨᠢ ᠰᠣᠩᠭᠤᠨ ᠲᠤᠬᠢᠷᠠᠭᠤᠯᠵᠤ᠂ ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ ᠶᠢᠨ ᠰᠠᠭᠤᠷᠢ ᠶᠢ ᠪᠠᠬᠢᠵᠢᠭᠦᠯᠵᠦ᠂ ᠡᠭᠦᠷᠭᠡᠯᠡᠯ ᠢ ᠴᠢᠬᠤᠯᠠᠴᠢᠯᠠᠬᠤ ᠂ ᠪᠣᠳᠠᠲᠠᠢ ᠠᠵᠢᠯᠯᠠᠬᠤ ᠶᠢ ᠴᠢᠬᠤᠯᠠᠴᠢᠯᠠᠬᠤ᠂ ᠪᠣᠳᠠᠲᠤ ᠠᠮᠵᠢᠯᠲᠠ ᠶᠢ ᠴᠢᠬᠤᠯᠠᠴᠢᠯᠠᠬᠤ ᠢᠯᠡ ᠲᠣᠳᠣ ᠤᠳᠤᠷᠢᠳᠤᠮᠵᠢ ᠶᠢ ᠤᠯᠠᠮ ᠴᠢᠨᠠᠭᠰᠢᠳᠠ ᠪᠤᠢ ᠪᠣᠯᠭᠠᠵᠤ᠂ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠨᠢᠭᠲᠠᠷᠠᠯ ᠤᠨ ᠬᠦᠴᠦᠨ᠂ ᠲᠠᠶᠢᠴᠢᠨ ᠬᠦᠴᠦᠨ ᠢ ᠲᠠᠰᠤᠷᠠᠯᠳᠠ ᠦᠭᠡᠢ ᠴᠢᠩᠭᠠᠳᠬᠠᠬᠤ ᠬᠡᠷᠡᠭᠲᠡᠢ᠃    ᠬᠤᠷᠠᠯ ᠠᠴᠠ᠂ ︽ᠲᠣᠭᠤᠷᠢᠨ ᠪᠠᠶᠢᠴᠠᠭᠠᠭᠳᠠᠬᠤ ᠨᠠᠮ ᠤᠨ ᠵᠣᠬᠢᠶᠠᠨ ᠪᠠᠶᠢᠭᠤᠯᠤᠯᠲᠠ ᠶᠢᠨ ᠲᠣᠭᠤᠷᠢᠨ ᠪᠠᠶᠢᠴᠠᠭᠠᠬᠤ ᠠᠵᠢᠯ ᠳᠤ ᠬᠠᠮᠵᠢᠯᠴᠠᠬᠤ ᠲᠣᠭᠲᠠᠭᠠᠯ︾ ᠢ ᠨᠠᠷᠢᠨ ᠬᠢᠨᠠᠮᠠᠭᠠᠢ ᠰᠤᠷᠤᠯᠴᠠᠨ ᠲᠤᠭᠤᠰᠢᠯᠠᠭᠤᠯᠵᠤ᠂ ᠵᠣᠷᠢᠭ ᠰᠠᠨᠠᠭᠠᠨ ᠤ ᠮᠥᠨ ᠴᠢᠨᠠᠷ ᠢ ᠣᠨᠣᠪᠴᠢᠲᠠᠢ ᠡᠵᠡᠮᠳᠡᠵᠦ᠂ ᠲᠣᠭᠤᠷᠢᠨ ᠪᠠᠶᠢᠴᠠᠭᠠᠵᠤ ᠢᠯᠡᠷᠡᠭᠦᠯᠦᠭᠰᠡᠨ ᠠᠰᠠᠭᠤᠳᠠᠯ ᠲᠠᠢ ᠬᠠᠷᠢᠴᠠᠭᠤᠯᠤᠨ ᠮᠡᠳᠡᠮᠡᠭᠴᠡ ᠰᠠᠶᠢᠵᠢᠷᠠᠭᠤᠯᠵᠤ᠂ ᠳᠠᠷᠦ᠋ᠢᠬᠠᠨ ᠬᠡᠷᠡᠭᠵᠢᠭᠦᠯᠵᠦ ᠳᠠᠷᠦ᠋ᠢᠬᠠᠨ ᠥᠭᠡᠷᠡᠴᠢᠯᠡᠬᠦ ᠬᠡᠷᠡᠭᠲᠡᠢ᠃ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠠᠵᠢᠯ ᠢ ᠣᠳᠣᠬᠠᠨ ᠤ ᠭᠤᠤᠯ ᠠᠵᠢᠯ ᠲᠠᠢ ᠵᠡᠷᠭᠡ ᠪᠠᠷ ᠲᠣᠬᠢᠷᠠᠭᠤᠯᠵᠤ᠂ ᠵᠡᠷᠭᠡ ᠪᠠᠷ ᠪᠠᠶᠢᠷᠢᠯᠠᠭᠤᠯᠵᠤ᠂ ︽ᠡᠷᠬᠢᠨ ᠬᠠᠷᠠᠬᠤ︾ ᠠᠵᠢᠯ ᠢ ᠴᠠᠭ ᠲᠤᠬᠠᠶ ᠳᠤᠨᠢ ᠥᠷᠨᠢᠭᠦᠯᠵᠦ᠂ ᠲᠣᠭᠤᠷᠢᠨ ᠪᠠᠶᠢᠴᠠᠭᠠᠬᠤ ᠠᠵᠢᠯ ᠤᠨ ᠦᠷ᠎ᠡ ᠪᠦᠲᠦᠮᠵᠢ ᠶᠢ ᠦᠨᠡᠨ ᠬᠦ ᠪᠥᠬᠦ ᠲᠤᠭᠤᠷᠢᠭ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠬᠦᠴᠦᠷᠬᠡᠭ ᠶᠡᠭᠡ ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠬᠤ ᠬᠡᠷᠡᠭᠲᠡᠶ᠃    ᠬᠤᠷᠠᠯ ᠠᠴᠠ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠵᠢᠨᠢᠩ ᠲᠣᠭᠤᠷᠢᠭ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ 2025 ᠣᠨ ᠤ ᠠᠵᠢᠯ ᠤᠨ ᠭᠤᠣᠯᠳᠠᠯᠭ᠎ᠠ︾᠂ ︽ᠵᠢᠨᠢᠩ ᠲᠣᠭᠤᠷᠢᠭ ᠤᠨ 2025 ᠣᠨ ᠤ ᠤᠯᠤᠰ ᠲᠦᠷᠦ ᠬᠠᠤᠯᠢ ᠴᠠᠭᠠᠵᠠ ᠶᠢᠨ ᠠᠵᠢᠯ ᠤᠨ ᠭᠤᠣᠯᠳᠠᠯᠭ᠎ᠠ︾᠂ ︽2025 ᠣᠨ ᠤ ᠵᠢᠨᠢᠩ ᠲᠣᠭᠤᠷᠢᠭ ᠤᠨ ᠨᠠᠮ ᠤᠨ ᠬᠤᠷᠢᠶ᠎ᠠ ᠶᠢᠨ ᠲᠣᠭᠤᠷᠢᠨ ᠪᠠᠶᠢᠴᠠᠭᠠᠬᠤ ᠠᠵᠢᠯ ᠤᠨ ᠲᠥᠯᠥᠪᠯᠡᠭᠡ︾ ᠵᠡᠷᠭᠡ ᠬᠠᠮᠢᠶ᠎ᠠ ᠪᠦᠬᠦᠢ ᠪᠢᠴᠢᠭ ᠮᠠᠲ᠋ᠧᠷᠢᠶᠠᠯ ᠢ ᠬᠢᠨᠠᠨ ᠵᠥᠪᠯᠡᠪᠡ᠃     ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃     ᠨᠠᠶᠢᠷᠠᠭᠤᠯᠤᠭᠴᠢ᠄ ᠸᠠᠩ ᠵᠢᠩ ᠵᠢᠩ᠂ ᠴᠢᠶᠣᠣ ᠮᠢᠨ ᠮᠢᠨ     ᠣᠷᠴᠢᠭᠤᠯᠤᠭᠴᠢ᠄ ᠳ᠋ᠥᠩ ᠾᠦᠢ
 
ᠢᠷᠡᠯᠲᠡ᠄ ᠵᠢᠨᠢᠩ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2