ᠰᠢ ᠶᠢᠨ ᠫᠢᠩ ᠤᠨ ᠠᠮᠢ ᠠᠬᠤᠶ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠶ ᠲᠤᠤᠱᠯᠠᠭᠤᠯᠤᠨ | ᠨᠠᠶᠢᠳᠠᠪᠤᠷᠢᠵᠢᠭᠤᠯᠵᠤ᠂ ᠨᠤᠲᠤᠭ ᠪᠡᠯᠴᠢᠭᠡᠷ ᠤᠨ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢ ᠦᠨᠡᠨ ᠬᠦ | ᠴᠢᠩᠭᠠᠳᠬᠠᠵᠤ᠂ ᠮᠠᠯ ᠠᠵᠤ ᠠᠬᠤᠶ ᠬᠢᠭᠡᠳ ᠨᠤᠲᠤᠭ ᠪᠡᠯᠴᠢᠭᠡᠷ ᠤᠨ ᠠᠮᠢ ᠠᠬᠤᠶ ᠶᠢᠨ ᠬᠠᠮᠠᠭᠠᠯᠠᠯᠲᠠ ᠶᠢᠨ | ᠵᠣᠬᠢᠴᠠᠩᠭᠤᠶ ᠬᠥᠭᠵᠢᠯᠲᠡ ᠶᠢ ᠠᠬᠢᠭᠤᠯᠬᠤ ᠶᠢᠨ ᠲᠤᠰᠠᠳᠠ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ | ᠤᠯᠤᠰ ᠤᠨ ᠨᠤᠲᠤᠭ ᠪᠡᠯᠴᠢᠭᠡᠷ ᠤᠨ ᠬᠠᠤᠯᠢ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ | ᠨᠤᠲᠤᠭ ᠪᠡᠯᠴᠢᠭᠡᠷ ᠤᠨ ᠬᠠᠮᠢᠶᠠᠷᠤᠯᠲᠠ ᠶᠢᠨ ᠳᠦᠷᠢᠮ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠦᠨᠳᠦᠰᠦᠨ ᠨᠤᠲᠤᠭ ᠪᠡᠯᠴᠢᠭᠡᠷ ᠤᠨ ᠬᠠᠮᠠᠭᠠᠯᠠᠯᠲᠠ ᠶᠢᠨ ᠳᠦᠷᠢᠮ︾᠂ ︽ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠦᠨᠳᠦᠰᠦᠨ ᠨᠤᠲᠤᠭ ᠪᠡᠯᠴᠢᠭᠡᠷ ᠤᠨ ᠬᠠᠮᠠᠭᠠᠯᠠᠯᠲᠠ ᠶᠢᠨ ᠳᠦᠷᠢᠮ︾᠂ ︽ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠪᠠ | ᠪᠡᠯᠴᠢᠭᠡᠷᠯᠡᠭᠦᠯᠬᠦ ᠶᠢ ᠵᠣᠭᠰᠣᠭᠠᠨ ᠰᠡᠯᠭᠦᠨ ᠮᠠᠯᠵᠢᠬᠤ ᠳᠦᠷᠢᠮ︾ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠤᠨ | ᠲᠣᠭᠲᠠᠭᠠᠯ ᠢ ᠦᠨᠳᠦᠰᠦᠯᠡᠨ᠂ ᠵᠢᠨᠢᠩ ᠲᠣᠭᠤᠷᠢᠭ ᠤᠨ ᠨᠤᠲᠤᠭ ᠪᠡᠯᠴᠢᠭᠡᠷ ᠤᠨ ᠠᠮᠢ ᠠᠬᠤᠶ ᠶᠢᠨ ᠠᠰᠠᠭᠤᠳᠠᠯ ᠢ | ᠦᠨᠡᠨ ᠬᠦ ᠰᠢᠢᠳᠪᠦᠷᠢᠯᠡᠬᠦ ᠶᠢᠨ ᠲᠤᠰᠠᠳᠠ᠂ ᠮᠠᠨ ᠤ ᠲᠣᠭᠤᠷᠢᠭ ᠤᠨ ᠨᠤᠲᠤᠭ ᠪᠡᠯᠴᠢᠭᠡᠷ ᠤᠨ ᠪᠣᠳᠠᠲᠤ ᠪᠠᠶᠢᠳᠠᠯ ᠲᠠᠢ | ᠤᠶᠠᠯᠳᠤᠭᠤᠯᠵᠤ᠂ ᠡᠳᠦᠭᠡ ᠬᠠᠮᠢᠶ᠎ᠠ ᠪᠦᠬᠦᠢ ᠤᠴᠢᠷ ᠢ ᠳᠣᠣᠷᠠᠬᠢ ᠮᠡᠲᠦ ᠵᠠᠷᠯᠠᠶ᠎ᠠ᠃ | ᠨᠢᠭᠡ᠂ ᠪᠡᠯᠴᠢᠭᠡᠷᠯᠡᠭᠦᠯᠬᠦ ᠶᠢ ᠴᠠᠭᠠᠵᠠᠯᠠᠬᠤ ᠪᠠ ᠰᠡᠯᠭᠦᠨ ᠮᠠᠯᠵᠢᠬᠤ ᠲᠥᠷᠥ ᠶᠢᠨ ᠪᠣᠳᠣᠯᠭ᠎ᠠ ᠶᠢ ᠴᠢᠩᠭ᠎ᠠ | ᠨᠠᠶᠢᠳᠠᠪᠤᠷᠢᠵᠢᠭᠤᠯᠬᠤ ᠬᠡᠷᠡᠭᠲᠡᠶ | ︵ᠨᠢᠭᠡ︶᠂ ᠪᠥᠬᠦ ᠵᠢᠯ ᠳᠤ ᠪᠡᠯᠴᠢᠭᠡᠷᠯᠡᠭᠦᠯᠬᠦ ᠶᠢ ᠴᠠᠭᠠᠵᠠᠯᠠᠬᠤ ᠣᠷᠣᠨ᠄ ᠵᠢᠨᠢᠩ ᠲᠣᠭᠤᠷᠢᠭ ᠤᠨ ᠬᠠᠷᠢᠶ᠎ᠠ | ᠣᠷᠣᠨ ᠤ ᠬᠡᠪᠴᠢᠶᠡᠨ ᠳᠤ ᠨᠤᠲᠤᠭ ᠪᠡᠯᠴᠢᠭᠡᠷ ᠤᠨ ᠠᠮᠢ ᠠᠬᠤᠶ ᠶᠢᠨ ᠨᠥᠬᠦᠪᠥᠷᠢ ᠱᠠᠩᠨᠠᠯ ᠭᠥᠷᠳᠡᠬᠦ ᠣᠷᠣᠨ | ᠪᠦᠰᠡ ᠶᠢ ᠪᠠᠭᠲᠠᠭᠠᠨ᠎ᠠ︔ ᠨᠢᠯᠬ᠎ᠠ ᠣᠶ ᠶᠢᠨ ᠭᠠᠵᠠᠷ ︵ᠰᠢᠨ᠎ᠡ ᠪᠠᠷ ᠣᠶᠢᠵᠢᠭᠤᠯᠤᠭᠰᠠᠨ ᠣᠶ︶᠂ | ᠭᠤᠤᠯᠳᠠᠯᠭ᠎ᠠ ᠲᠠᠢ ᠠᠮᠢ ᠠᠬᠤᠶ ᠶᠢᠨ ᠲᠥᠷᠥᠯ ᠵᠦᠶᠯ ᠤᠨ ᠣᠷᠣᠨ︔ ᠨᠠᠷᠠᠰᠤᠨ ᠣᠶ ᠶᠢᠨ ᠭᠠᠵᠠᠷ ᠤᠨ | ᠴᠡᠴᠡᠷᠯᠢᠭ ᠤᠨ ᠠᠮᠢ ᠠᠬᠤᠶ ᠶᠢᠨ ᠤᠯᠠᠭᠠᠨ ᠱᠤᠭᠤᠮ ᠤᠨ ᠬᠡᠪᠴᠢᠶᠡᠨ ᠳᠣᠲᠣᠷ᠎ᠠ︔ ᠪᠡᠭᠡᠵᠢᠩ - ᠲᠥᠪᠡᠳ ᠳᠡᠭᠡᠳᠦ | ᠬᠤᠷᠳᠤ ᠶᠢᠨ ᠵᠠᠰᠠᠮᠠᠯ ᠵᠠᠮ ︵G6︶᠂ ᠡᠷᠢᠶᠡᠨ - ᠭᠤᠸᠠᠩᠵᠸᠤ ᠶᠢᠨ ᠳᠡᠭᠡᠳᠦ ᠬᠤᠷᠳᠤ ᠶᠢᠨ ᠵᠠᠰᠠᠮᠠᠯ ᠵᠠᠮ︵ | G55 ︵G55︶᠂ 110᠂ 208᠂ 335 ᠤᠯᠤᠰ ᠤᠨ ᠵᠠᠮ᠂ ᠵᠢᠭᠤᠯᠴᠢᠯᠠᠯ ᠤᠨ ᠱᠤᠭᠤᠮ ᠳᠠᠭᠠᠤ ᠵᠡᠷᠭᠡ | ᠭᠤᠣᠯᠳᠠᠯᠭ᠎ᠠ ᠲᠠᠢ ᠨᠣᠭᠤᠭᠠᠷᠠᠭᠤᠯᠤᠯᠲᠠ ᠶᠢᠨ ᠣᠷᠣᠨ᠃ | ︵ᠬᠤᠶᠠᠷ︶᠂ ᠤᠯᠠᠷᠢᠯ ᠤᠨ ᠴᠢᠨᠠᠷᠲᠠᠢ ᠰᠡᠯᠭᠦᠨ ᠮᠠᠯᠵᠢᠬᠤ ︵4 ᠰᠠᠷ᠎ᠠ ᠶᠢᠨ 1- 5 ᠰᠠᠷ᠎ᠠ ᠶᠢᠨ 20 ᠤ | ᠡᠳᠦᠷ︶ ᠳᠡᠭᠡᠷ᠎ᠡ ᠳᠤᠷᠠᠳᠤᠭᠰᠠᠨ ᠪᠡᠯᠴᠢᠭᠡᠷᠯᠡᠭᠦᠯᠬᠦ ᠶᠢ ᠴᠠᠭᠠᠵᠠᠯᠠᠬᠤ ᠣᠷᠣᠨ ᠠᠴᠠ ᠭᠠᠳᠠᠨᠠᠬᠢ ᠨᠤᠲᠤᠭ ᠪᠡᠯᠴᠢᠭᠡᠷ ᠨᠢ | ᠴᠥᠮ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠣᠷᠣᠨ ᠪᠣᠯᠬᠤᠷ ᠲᠤᠰ ᠣᠷᠣᠨ ᠨᠢ ᠳᠠᠭᠠᠭᠠᠴᠠ ᠶᠢᠨ | ᠴᠢᠳᠠᠪᠤᠷᠢ ᠪᠠᠨ ᠦᠨᠳᠦᠰᠦᠯᠡᠨ ᠲᠣᠬᠢᠷᠠᠬᠤ ᠪᠡᠯᠴᠢᠭᠡᠷ ᠤᠨ ᠪᠠᠭᠲᠠᠭᠠᠮᠵᠢ ᠶᠢᠨ ᠬᠡᠮᠵᠢᠶ᠎ᠡ ᠶᠢ ᠬᠢᠨᠠᠨ ᠲᠣᠭᠲᠠᠭᠠᠵᠤ᠂ | ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠳᠦᠷᠢᠮ ᠢ ᠴᠢᠩᠭ᠎ᠠ ᠬᠡᠷᠡᠭᠵᠢᠭᠦᠯᠦᠭᠰᠡᠨ ᠰᠠᠭᠤᠷᠢᠨ ᠳᠡᠭᠡᠷ᠎ᠡ᠂ | ᠰᠡᠯᠭᠦᠨ ᠮᠠᠯᠵᠢᠬᠤ ᠳᠦᠷᠢᠮ ᠢ ᠬᠡᠷᠡᠭᠵᠢᠭᠦᠯᠬᠦ ᠬᠡᠷᠡᠭᠲᠡᠶ᠃ | ᠬᠤᠶᠠᠷ᠂ ᠪᠡᠯᠴᠢᠭᠡᠷᠯᠡᠭᠦᠯᠬᠦ ᠶᠢ ᠴᠠᠭᠠᠵᠠᠯᠠᠬᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ | ᠨᠠᠶᠢᠳᠠᠪᠤᠷᠢᠵᠢᠭᠤᠯᠬᠤ ᠬᠡᠷᠡᠭᠲᠡᠢ | 1. ᠰᠢᠶᠠᠩ ᠪᠠᠯᠭᠠᠰᠤ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠪᠣᠯ ᠪᠡᠯᠴᠢᠭᠡᠷᠯᠡᠭᠦᠯᠬᠦ ᠶᠢ ᠴᠠᠭᠠᠵᠠᠯᠠᠨ | ᠰᠡᠯᠭᠦᠨ ᠮᠠᠯᠵᠢᠬᠤ ᠬᠢᠭᠡᠳ ᠪᠡᠯᠴᠢᠭᠡᠷ ᠮᠠᠯ ᠢ ᠲᠡᠩᠴᠡᠭᠦᠷᠢ ᠲᠠᠢ ᠪᠠᠶᠢᠯᠭᠠᠬᠤ ᠠᠵᠢᠯ ᠤᠨ ᠬᠠᠷᠢᠭᠤᠴᠠᠯᠭ᠎ᠠ ᠶᠢᠨ ᠭᠤᠣᠯ | ᠴᠣᠭᠴᠠ ᠮᠥᠨ᠂ ᠰᠢᠶᠠᠩ ᠪᠠᠯᠭᠠᠰᠤ ᠶᠢᠨ ᠳᠠᠷᠤᠭ᠎ᠠ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ | ᠡᠷᠬᠢᠯᠡᠭᠴᠢ ᠪᠣᠯ ᠪᠡᠯᠴᠢᠭᠡᠷᠯᠡᠭᠦᠯᠬᠦ ᠶᠢ ᠴᠠᠭᠠᠵᠠᠯᠠᠬᠤ ᠠᠵᠢᠯ ᠤᠨ ᠨᠢᠭᠡᠳᠦᠭᠡᠷ ᠬᠠᠷᠢᠭᠤᠴᠠᠯᠭᠠᠲᠠᠨ ᠮᠥᠨ᠂ | ᠪᠡᠯᠴᠢᠭᠡᠷᠯᠡᠭᠦᠯᠬᠦ ᠶᠢ ᠴᠠᠭᠠᠵᠠᠯᠠᠬᠤ ᠠᠵᠢᠯ ᠢ ᠨᠢᠭᠡᠳᠦᠯᠲᠡᠶ ᠵᠢᠯᠣᠭᠤᠳᠴᠤ᠂ ᠵᠣᠬᠢᠴᠠᠭᠤᠯᠵᠤ᠂ ᠬᠢᠨᠠᠯᠲᠠ ᠲᠠᠯᠪᠢᠵᠤ᠂ | ᠡᠯ᠎ᠡ ᠵᠦᠢᠯ ᠤᠨ ᠡᠭᠦᠷᠭᠡ ᠶᠢ ᠨᠠᠶᠢᠳᠠᠪᠤᠷᠢᠵᠢᠭᠤᠯᠤᠨ ᠪᠣᠳᠠᠲᠠᠶᠢᠵᠢᠭᠤᠯᠬᠤ ᠶᠢ ᠦᠨᠡᠨᠬᠦ ᠪᠠᠲᠤᠯᠠᠬᠤ ᠬᠡᠷᠡᠭᠲᠡᠶ᠃ ᠡᠯ᠎ᠡ | ᠬᠠᠮᠢᠶ᠎ᠠ ᠪᠦᠬᠦᠢ ᠨᠢᠭᠡᠴᠡ ᠨᠦᠭᠦᠳ ᠲᠤᠰ ᠲᠤᠰ ᠤᠨ ᠠᠵᠢᠯ ᠤᠨ ᠡᠭᠦᠷᠭᠡ ᠬᠠᠷᠢᠭᠤᠴᠠᠯᠭ᠎ᠠ ᠲᠠᠢ ᠪᠠᠨ | ᠤᠶᠠᠯᠳᠤᠭᠤᠯᠤᠨ ᠬᠠᠮᠵᠢᠯᠴᠠᠵᠤ᠂ ᠪᠡᠯᠴᠢᠭᠡᠷᠯᠡᠭᠦᠯᠬᠦ ᠶᠢ ᠴᠠᠭᠠᠵᠠᠯᠠᠬᠤ ᠰᠡᠯᠭᠦᠨ ᠮᠠᠯᠵᠢᠬᠤ ᠠᠵᠢᠯ ᠢ ᠪᠥᠬᠦ | ᠬᠦᠴᠦᠨ ᠢᠶᠠᠷ ᠢᠶᠠᠨ ᠰᠠᠶᠢᠲᠤᠷ ᠬᠢᠬᠦ ᠬᠡᠷᠡᠭᠲᠡᠶ᠃ ᠣᠶ ᠰᠢᠭᠤᠶ ᠪᠠ ᠨᠤᠲᠤᠭ ᠪᠡᠯᠴᠢᠭᠡᠷ ᠤᠨ ᠰᠠᠯᠠᠭ᠎ᠠ ᠮᠥᠴᠢᠷ ᠤᠳ | ᠪᠥᠬᠦ ᠣᠷᠣᠨ ᠪᠦᠰᠡ ᠶᠢᠨ ᠳᠣᠲᠣᠷᠠᠬᠢ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠪᠠ ᠪᠡᠯᠴᠢᠭᠡᠷᠯᠡᠭᠦᠯᠬᠦ ᠶᠢ | ᠴᠠᠭᠠᠵᠠᠯᠠᠨ ᠰᠡᠯᠭᠦᠨ ᠮᠠᠯᠵᠢᠬᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ᠂ ᠲᠤᠬᠠᠶᠢᠯᠠᠭᠰᠠᠨ ᠠᠵᠢᠯ ᠤᠨ | ᠵᠢᠯᠣᠭᠤᠳᠣᠯᠭ᠎ᠠ ᠵᠢᠴᠢ ᠪᠡᠯᠴᠢᠭᠡᠷ ᠤᠨ ᠳᠠᠭᠠᠭᠠᠴᠠ ᠳᠤ ᠳᠣᠭᠢᠷᠠᠬᠤ ᠮᠠᠯ ᠤᠨ ᠬᠡᠮᠵᠢᠶ᠎ᠡ ᠶᠢ ᠬᠢᠨᠠᠨ ᠲᠣᠭᠲᠠᠭᠠᠬᠤ ᠵᠡᠷᠭᠡ | ᠠᠵᠢᠯ ᠢ ᠬᠠᠷᠢᠭᠤᠴᠠᠵᠤ᠂ ᠲᠠᠷᠢᠶᠠᠯᠠᠩ ᠮᠠᠯ ᠠᠵᠤ ᠠᠬᠤᠶ ᠶᠢᠨ ᠰᠠᠯᠠᠭ᠎ᠠ ᠮᠥᠴᠢᠷ ᠤᠳ ᠵᠣᠬᠢᠶᠠᠨ ᠪᠠᠶᠢᠭᠤᠯᠤᠨ | ᠵᠣᠬᠢᠴᠠᠭᠤᠯᠬᠤ᠂ ᠡᠪᠡᠰᠦ ᠪᠣᠷᠳᠤᠭ᠎ᠠ ᠨᠥᠭᠡᠴᠡᠯᠡᠬᠦ᠂ ᠬᠢᠵᠢᠭ ᠡᠪᠡᠳᠴᠢᠨ ᠢ ᠰᠡᠷᠭᠡᠶᠢᠯᠡᠨ ᠵᠠᠰᠠᠬᠤ ᠵᠢᠴᠢ | ᠮᠡᠷᠭᠡᠵᠢᠯ ᠤᠨ ᠵᠢᠯᠣᠭᠤᠳᠣᠯᠭ᠎ᠠ ᠶᠢ ᠨᠢᠭᠡᠳᠦᠯᠲᠡᠶ ᠲᠥᠯᠥᠪᠯᠡᠬᠦ ᠵᠡᠷᠭᠡ ᠠᠵᠢᠯ ᠢ ᠰᠠᠶᠢᠲᠤᠷ ᠬᠢᠨ᠎ᠠ᠃ | 2. ᠰᠢᠶᠠᠩ ᠪᠠᠯᠭᠠᠰᠤ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠣᠶ ᠰᠢᠭᠤᠶ ᠶᠢᠨ ᠳᠠᠷᠤᠭ᠎ᠠ ᠶᠢᠨ | ᠲᠦᠷᠢᠮ ᠤᠨ ᠠᠯᠪᠠᠨ ᠬᠡᠷ ᠨᠢ ᠣᠶ ᠰᠢᠭᠤᠶ ᠶᠢᠨ ᠳᠠᠷᠤᠭ᠎ᠠ ᠶᠢᠨ ᠲᠦᠷᠢᠮ ᠤᠨ ᠠᠵᠢᠯ ᠤᠨ ᠲᠦᠷᠢᠮ ᠶᠣᠰᠣᠭᠠᠷ | ᠬᠠᠷᠢᠶ᠎ᠠ ᠭᠠᠵᠠᠷ ᠤᠨ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠣᠶᠢᠲᠤ ᠭᠠᠵᠠᠷ | ᠨᠤᠲᠤᠭ ᠪᠡᠯᠴᠢᠭᠡᠷ ᠢ ᠬᠠᠮᠠᠭᠠᠯᠠᠨ ᠬᠠᠮᠢᠶᠠᠷᠬᠤ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ | ᠪᠦᠷᠢᠨᠰᠢᠭᠦᠯᠦᠨ ᠲᠡᠭᠦᠯᠳᠡᠷᠵᠢᠭᠦᠯᠵᠦ᠂ ᠪᠡᠯᠴᠢᠭᠡᠷᠯᠡᠭᠦᠯᠬᠦ ᠶᠢ ᠴᠠᠭᠠᠵᠠᠯᠠᠬᠤ᠂ ᠮᠠᠯ ᠪᠡᠯᠴᠢᠭᠡᠷ ᠢ ᠲᠡᠩᠴᠡᠭᠦᠷᠢ ᠲᠠᠢ | ᠪᠠᠶᠢᠯᠭᠠᠬᠤ ᠬᠠᠮᠢᠶᠠᠷᠤᠯᠲᠠ ᠶᠢᠨ ᠲᠦᠷᠢᠮ ᠢ ᠴᠢᠩᠭ᠎ᠠ ᠬᠡᠷᠡᠭᠵᠢᠭᠦᠯᠦᠨ᠂ ᠡᠳᠦᠷ ᠲᠤᠲᠤᠮ ᠤᠨ ᠬᠢᠨᠠᠯᠲᠠ | ᠬᠠᠮᠢᠶᠠᠷᠤᠯᠲᠠ᠂ ᠤᠬᠠᠭᠤᠯᠭ᠎ᠠ ᠬᠥᠮᠦᠵᠢᠯ ᠢ ᠦᠨᠡᠨᠬᠦ ᠴᠢᠩᠭᠠᠳᠬᠠᠵᠤ᠂ ᠬᠤᠯᠠᠭᠠᠶᠢᠯᠠᠨ ᠮᠠᠯᠵᠢᠬᠤ᠂ ᠳᠠᠭᠠᠭᠠᠴᠠ ᠠᠴᠠ | ᠬᠡᠲᠦᠷᠡᠭᠦᠯᠦᠨ ᠮᠠᠯᠵᠢᠬᠤ ᠵᠡᠷᠭᠡ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠴᠠᠭ ᠲᠤᠬᠠᠶ ᠳᠤᠨᠢ ᠵᠢᠭᠰᠠᠭᠠᠨ | ᠪᠠᠶᠢᠴᠠᠭᠠᠵᠤ ᠬᠤᠷᠢᠭᠯᠠᠨ ᠵᠣᠭᠰᠣᠭᠠᠬᠤ ᠪᠠ ᠬᠠᠤᠯᠢ ᠶᠣᠰᠣᠭᠠᠷ ᠪᠠᠶᠢᠴᠠᠭᠠᠨ ᠰᠢᠢᠳᠪᠦᠷᠢᠯᠡᠬᠦ ᠬᠡᠷᠡᠭᠲᠡᠶ᠃ | ᠭᠤᠷᠪᠠ᠂ ᠪᠡᠯᠴᠢᠭᠡᠷᠯᠡᠭᠦᠯᠬᠦ ᠶᠢ ᠴᠠᠭᠠᠵᠠᠯᠠᠬᠤ ᠬᠠᠤᠯᠢ ᠬᠡᠷᠡᠭᠵᠢᠭᠦᠯᠬᠦ ᠠᠵᠢᠯ ᠢ ᠰᠠᠶᠢᠲᠤᠷ ᠬᠢᠬᠦ ᠬᠡᠷᠡᠭᠲᠡᠶ | ︵ᠨᠢᠭᠡ︶ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠪᠠ ᠪᠡᠯᠴᠢᠭᠡᠷᠯᠡᠭᠦᠯᠬᠦ ᠶᠢ ᠴᠠᠭᠠᠵᠠᠯᠠᠨ ᠰᠡᠯᠭᠦᠨ | ᠮᠠᠯᠵᠢᠬᠤ ᠳᠦᠷᠢᠮ ᠢ ᠵᠥᠷᠢᠴᠡᠭᠰᠡᠨ ᠪᠣᠯ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠠᠯ | ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠪᠠ ᠪᠡᠯᠴᠢᠭᠡᠷᠯᠡᠭᠦᠯᠬᠦ ᠶᠢ ᠴᠠᠭᠠᠵᠠᠯᠠᠨ ᠰᠡᠯᠭᠦᠨ ᠮᠠᠯᠵᠢᠬᠤ ᠳᠦᠷᠢᠮ︾ ᠤᠨ | ᠭᠤᠴᠢᠨ ᠲᠠᠪᠤᠳᠤᠭᠠᠷ ᠵᠦᠢᠯ᠄ ᠬᠢᠨᠠᠨ ᠲᠣᠭᠲᠠᠭᠠᠭᠰᠠᠨ ᠪᠡᠯᠴᠢᠭᠡᠷ ᠤᠨ ᠪᠠᠭᠲᠠᠭᠠᠮᠵᠢ ᠠᠴᠠ ᠳᠠᠪᠠᠭᠤᠯᠤᠨ ᠮᠠᠯ | ᠪᠡᠯᠴᠢᠭᠡᠷᠯᠡᠭᠦᠯᠦᠭᠰᠡᠨ ᠪᠣᠯ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ᠪᠤᠶᠤ ᠵᠡᠭᠡᠯᠢ | ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠠᠴᠠ ᠵᠠᠷᠯᠢᠭᠳᠠᠵᠤ ᠪᠠᠶᠢᠭᠠᠳ ᠬᠤᠭᠤᠴᠠᠭ᠎ᠠ ᠬᠢᠵᠠᠭᠠᠷᠯᠠᠨ ᠵᠠᠯᠠᠷᠠᠭᠤᠯᠭ᠎ᠠ | ᠬᠢᠯᠭᠡᠨ᠎ᠡ᠂ ᠬᠤᠭᠤᠴᠠᠭ᠎ᠠ ᠥᠩᠭᠡᠷᠡᠲᠡᠯ᠎ᠡ ᠵᠠᠯᠠᠷᠠᠭᠤᠯᠬᠤ ᠦᠭᠡᠶ ᠪᠣᠯ ᠳᠠᠭᠠᠭᠠᠴᠠ ᠠᠴᠠ ᠬᠡᠲᠦᠷᠡᠭᠰᠡᠨ ᠬᠤᠨᠢᠨ ᠨᠢᠭᠡᠴᠡ | ᠨᠢᠭᠡᠪᠦᠷᠢ ᠶᠢᠨ 100 ᠲᠥᠭᠦᠷᠢᠭ ᠵᠣᠭᠤᠰ ᠢᠶᠠᠷ ᠲᠣᠷᠭᠠᠨ᠎ᠠ᠃ ᠪᠡᠯᠴᠢᠭᠡᠷᠯᠡᠭᠦᠯᠬᠦ ᠶᠢ ᠴᠠᠭᠠᠵᠠᠯᠠᠬᠤ ᠣᠷᠣᠨ ᠪᠦᠰᠡ | ᠪᠤᠶᠤ ᠰᠡᠯᠭᠦᠨ ᠮᠠᠯᠵᠢᠬᠤ ᠬᠤᠭᠤᠴᠠᠭᠠᠨ ᠳᠤ ᠮᠠᠯ ᠪᠡᠯᠴᠢᠭᠡᠷᠯᠡᠭᠦᠯᠦᠭᠰᠡᠨ ᠪᠣᠯ ᠰᠤᠮᠤ ᠰᠢᠶᠠᠩ ᠪᠠᠯᠭᠠᠰᠤ ᠶᠢᠨ | ᠠᠷᠠᠳ ᠤᠨ ᠵᠠᠰᠠᠭ ᠤᠨ ᠣᠷᠳᠣᠨ ᠪᠤᠶᠤ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠠᠴᠠ ᠵᠠᠷᠯᠢᠭᠳᠠᠵᠤ | ᠪᠠᠶᠢᠭᠠᠳ ᠵᠠᠯᠠᠷᠠᠭᠤᠯᠤᠭᠤᠯᠵᠤ᠂ ᠬᠠᠤᠯᠢ ᠠᠴᠠ ᠵᠥᠷᠢᠴᠡᠨ ᠬᠤᠨᠢ ᠮᠠᠯᠵᠢᠬᠤ ᠨᠢᠭᠡᠴᠡ ᠨᠢᠭᠡᠪᠦᠷᠢ ᠳᠤ 120 | ᠲᠥᠭᠦᠷᠢᠭ ᠵᠣᠭᠤᠰ ᠢᠶᠠᠷ ᠲᠣᠷᠭᠠᠨ᠎ᠠ᠃ ᠣᠶ ᠰᠢᠭᠤᠶ ᠶᠢᠨ ᠭᠠᠵᠠᠷ ᠲᠤ ᠮᠣᠳᠣ ᠣᠭᠲᠣᠯᠬᠤ᠂ ᠴᠢᠬᠢ ᠮᠣᠳᠣ | ᠰᠦᠢᠳᠬᠡᠬᠦ᠂ ᠮᠠᠯ ᠪᠡᠯᠴᠢᠭᠡᠷᠯᠡᠭᠦᠯᠦᠭᠰᠡᠨ ᠠᠴᠠ ᠪᠣᠯᠵᠤ ᠣᠶ ᠮᠣᠳᠣ ᠶᠢ ᠰᠦᠢᠳᠬᠡᠭᠰᠡᠨ ᠪᠣᠯ ᠣᠶ ᠰᠢᠭᠤᠶ ᠶᠢᠨ | ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠣᠶ | ᠰᠢᠭᠤᠶ ᠶᠢᠨ ᠬᠠᠤᠯᠢ︾ ᠶᠢᠨ ᠳᠠᠯᠠᠨ ᠳᠥᠷᠪᠡᠳᠦᠭᠡᠷ ᠵᠦᠢᠯ ᠤᠨ ᠬᠤᠶᠠᠳᠤᠭᠠᠷ ᠵᠤᠷᠪᠤᠰ ᠤᠨ ᠲᠣᠭᠲᠠᠭᠠᠯ ᠢ | ᠦᠨᠳᠦᠰᠦᠯᠡᠨ᠂ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠨᠢ ᠵᠠᠷᠯᠢᠭᠳᠠᠨ ᠵᠣᠭᠰᠣᠭᠠᠵᠤ᠂ ᠤᠤᠯ ᠤᠨ | ᠪᠠᠶᠢᠭᠰᠠᠨ ᠭᠠᠵᠠᠷ ᠪᠤᠶᠤ ᠣᠨᠳᠣᠤ ᠭᠠᠵᠠᠷ ᠲᠤ ᠬᠡᠳᠦᠨ ᠳᠠᠬᠢᠨ ᠠᠴᠠ ᠳᠡᠭᠡᠭᠰᠢ ᠭᠤᠷᠪᠠᠨ ᠳᠠᠬᠢᠨ ᠠᠴᠠ ᠳᠣᠷᠣᠭᠰᠢ | ᠮᠣᠳᠣ ᠨᠥᠬᠦᠵᠦ ᠳᠡᠷᠢᠬᠤ ᠬᠡᠷᠡᠭᠲᠡᠶ᠃ | ︵ᠬᠤᠶᠠᠷ︶ ᠪᠡᠯᠴᠢᠭᠡᠷᠯᠡᠭᠦᠯᠬᠦ ᠶᠢ ᠴᠠᠭᠠᠵᠠᠯᠠᠬᠤ᠂ ᠰᠡᠯᠭᠦᠨ ᠮᠠᠯᠵᠢᠬᠤ ᠬᠠᠤᠯᠢ ᠬᠡᠷᠡᠭᠵᠢᠭᠦᠯᠬᠦ ᠠᠵᠢᠯᠲᠠᠨ ᠤ | ᠬᠠᠤᠯᠢ ᠶᠣᠰᠣᠭᠠᠷ ᠠᠯᠪᠠᠨ ᠶᠠᠪᠤᠳᠠᠯ ᠭᠦᠢᠴᠡᠳᠬᠡᠬᠦ ᠶᠢ ᠲᠡᠪᠴᠢᠵᠦ᠂ ᠬᠠᠷᠰᠢᠯᠠᠭᠰᠠᠨ ᠵᠢᠴᠢ ᠵᠣᠷᠢᠭᠤᠳᠠ ᠬᠡᠷᠡᠭ | ᠡᠳᠦᠭᠰᠡᠨ᠂ ᠪᠡᠯᠴᠢᠭᠡᠷᠯᠡᠭᠦᠯᠬᠦ ᠶᠢ ᠴᠠᠭᠠᠵᠠᠯᠠᠬᠤ ᠬᠥᠮᠦᠰ ᠢ ᠬᠠᠷᠢᠶᠠᠵᠤ ᠵᠣᠳᠣᠭᠰᠠᠳ ᠢ ᠳᠣᠲᠣᠭᠠᠳᠤ ᠶᠢ ᠬᠠᠮᠠᠭᠠᠯᠠᠬᠤ | ᠪᠠᠶᠢᠭᠤᠯᠤᠯᠭ᠎ᠠ ᠠᠴᠠ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠮᠤᠷ ᠢ ᠬᠠᠮᠠᠭᠠᠯᠠᠬᠤ | ᠬᠠᠮᠢᠶᠠᠷᠤᠯᠲᠠ ᠶᠢᠨ ᠰᠢᠳᠬᠡᠨ ᠲᠣᠷᠭᠠᠬᠤ ᠬᠠᠤᠯᠢ︾ ᠶᠢᠨ ᠶᠣᠰᠣᠭᠠᠷ ᠴᠢᠩᠭ᠎ᠠ ᠰᠢᠶᠳᠪᠦᠷᠢᠯᠡᠬᠦ ᠬᠡᠷᠡᠭᠲᠡᠶ᠂ ᠦᠢᠯᠡ | ᠪᠠᠶᠢᠳᠠᠯ ᠨᠢ ᠬᠦᠨᠳᠦ ᠨᠣᠴᠢᠲᠠᠶ ᠪᠣᠯ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠶ᠃ | ᠳᠥᠷᠪᠡ᠂ ᠪᠡᠯᠴᠢᠭᠡᠷᠯᠡᠭᠦᠯᠬᠦ ᠶᠢ ᠴᠠᠭᠠᠵᠠᠯᠠᠨ ᠰᠡᠯᠭᠦᠨ ᠮᠠᠯᠵᠢᠬᠤ ᠪᠠ ᠪᠡᠯᠴᠢᠭᠡᠷ ᠮᠠᠯ ᠢ ᠲᠡᠩᠴᠡᠭᠦᠷᠢ ᠲᠠᠢ | ᠪᠠᠶᠢᠯᠭᠠᠬᠤ ᠶᠢᠨ ᠤᠬᠠᠭᠤᠯᠭ᠎ᠠ ᠶᠢᠨ ᠠᠵᠢᠯ ᠢ ᠰᠠᠶᠢᠲᠤᠷ ᠬᠢᠬᠦ ᠬᠡᠷᠩᠳᠠᠢ | ᠡᠯ᠎ᠡ ᠲᠣᠰᠬᠤᠨ᠂ ᠨᠡᠶᠢᠭᠡᠮ ᠲᠣᠭᠤᠷᠢᠭ ᠤᠨ ᠬᠢᠨ ᠰᠢᠶᠠᠩ ᠪᠠᠯᠭᠠᠰᠤ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ | ᠭᠠᠵᠠᠷ ᠪᠣᠯᠤᠨ ᠡᠯ᠎ᠡ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠲᠠᠢ ᠢᠳᠡᠪᠬᠢᠲᠡᠶ ᠬᠠᠮᠵᠢᠯᠴᠠᠨ ᠪᠡᠯᠴᠢᠭᠡᠷᠯᠡᠭᠦᠯᠬᠦ ᠶᠢ | ᠴᠠᠭᠠᠵᠠᠯᠠᠬᠤ ᠪᠠ ᠪᠡᠯᠴᠢᠭᠡᠷ ᠮᠠᠯ ᠢ ᠲᠡᠩᠴᠡᠭᠦᠷᠢ ᠲᠠᠢ ᠪᠠᠶᠢᠯᠭᠠᠬᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢ | ᠰᠠᠶᠢᠲᠤᠷ ᠬᠢᠵᠦ᠂ ᠣᠯᠠᠨ ᠲᠦᠮᠡᠨ ᠢ ᠬᠥᠲᠥᠯᠦᠨ ᠵᠢᠯᠣᠭᠤᠳᠴᠤ ᠪᠠᠶᠢᠭᠠᠳ ᠪᠡᠯᠴᠢᠭᠡᠷᠯᠡᠭᠦᠯᠬᠦ ᠶᠢ ᠴᠠᠭᠠᠵᠠᠯᠠᠬᠤ | ᠰᠡᠯᠭᠦᠨ ᠮᠠᠯᠵᠢᠬᠤ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ ᠬᠡᠷᠡᠭᠵᠢᠭᠦᠯᠬᠦ ᠲᠠᠢ ᠬᠠᠮᠵᠢᠯᠴᠠᠭᠤᠯᠵᠤ᠂ | ᠥᠷᠭᠡᠨ ᠣᠯᠠᠨ ᠲᠦᠮᠡᠨ ᠤ ᠣᠶᠢᠲᠤ ᠭᠠᠵᠠᠷ᠂ ᠨᠤᠲᠤᠭ ᠪᠡᠯᠴᠢᠭᠡᠷ ᠢ ᠬᠠᠮᠠᠭᠠᠯᠠᠬᠤ ᠬᠠᠤᠯᠢ ᠴᠠᠭᠠᠵᠠ ᠶᠢᠨ ᠦᠵᠡᠯ | ᠤᠬᠠᠮᠰᠠᠷ ᠪᠣᠯᠤᠨ ᠬᠠᠷᠢᠭᠤᠴᠠᠯᠭ᠎ᠠ ᠶᠢᠨ ᠦᠵᠡᠯ ᠤᠬᠠᠮᠰᠠᠷ ᠢ ᠦᠨᠡᠨᠬᠦ ᠳᠡᠭᠡᠭᠰᠢᠯᠡᠭᠦᠯᠵᠦ᠂ ᠪᠡᠯᠴᠢᠭᠡᠷᠯᠡᠭᠦᠯᠬᠦ ᠶᠢ | ᠴᠠᠭᠠᠵᠠᠯᠠᠬᠤ᠂ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠲᠥᠷᠥ ᠶᠢᠨ ᠪᠣᠳᠣᠯᠭ᠎ᠠ ᠶᠢᠨ ᠱᠠᠭᠠᠷᠳᠠᠯᠭ᠎ᠠ ᠶᠢ | ᠤᠬᠠᠮᠰᠠᠷ ᠠᠴᠠ ᠪᠠᠨ ᠰᠠᠨᠠᠭᠠᠴᠢᠯᠠᠭ᠎ᠠ ᠠᠴᠠ ᠪᠠᠨ ᠬᠡᠷᠡᠭᠵᠢᠭᠦᠯᠵᠦ᠂ ᠣᠶ ᠰᠢᠭᠤᠶ ᠨᠤᠲᠤᠭ ᠪᠡᠯᠴᠢᠭᠡᠷ ᠤᠨ ᠠᠮᠢ | ᠠᠬᠤᠶ ᠶᠢᠨ ᠣᠷᠴᠢᠨ ᠲᠣᠭᠤᠷᠢᠨ ᠢ ᠬᠠᠮᠠᠭᠠᠯᠠᠨ ᠰᠠᠶᠢᠵᠢᠷᠠᠭᠤᠯᠬᠤ ᠬᠡᠷᠡᠭᠲᠡᠶ᠃ | ᠨᠡᠶᠢᠭᠡᠮ ᠤᠨ ᠡᠯ᠎ᠡ ᠡᠲᠡᠭᠡᠳ ᠤᠨ ᠬᠢᠨ ᠤ ᠬᠢᠨᠠᠯᠲᠠ ᠲᠠᠯᠪᠢᠬᠤ ᠶᠢ ᠪᠠᠶᠠᠷᠯᠠᠨ ᠤᠭᠲᠤᠵᠤ᠂ ᠳᠠᠯᠳᠠᠭᠤᠷ ᠮᠠᠯᠵᠢᠬᠤ | ᠦᠢᠯᠡ ᠠᠵᠢᠯᠯᠠᠭ᠎ᠠ ᠶᠢ ᠢᠳᠡᠪᠬᠢᠲᠡᠢ ᠢᠯᠡᠴᠢᠯᠡᠨ ᠮᠡᠳᠡᠭᠦᠯᠵᠦ᠂ ᠨᠤᠲᠤᠭ ᠪᠡᠯᠴᠢᠭᠡᠷ ᠣᠶᠢᠲᠤ ᠭᠠᠵᠠᠷ ᠢ ᠡᠪᠳᠡᠭᠰᠡᠨ | ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠲᠠᠢ ᠪᠠᠶᠢᠪᠠᠯ ᠴᠠᠭ ᠲᠤᠬᠠᠢ ᠳᠤ ᠨᠢ ᠬᠤᠯᠪᠣᠭᠳᠠᠯ ᠪᠦᠬᠦᠢ ᠰᠠᠯᠠᠭ᠎ᠠ | ᠮᠥᠴᠢᠷ ᠢᠶᠠᠷ ᠢᠯᠡᠴᠢᠯᠡᠨ ᠮᠡᠳᠡᠭᠦᠯᠬᠦ ᠬᠡᠷᠡᠭᠲᠡᠢ᠃ | ᠬᠢᠨᠠᠯᠲᠠ ᠲᠠᠯᠪᠢᠵᠤ ᠢᠯᠡᠴᠢᠯᠡᠨ ᠮᠡᠳᠡᠭᠦᠯᠬᠦ ᠤᠲᠠᠰᠤ ᠨᠢ ᠳᠣᠤᠷᠠᠬᠢ ᠮᠡᠲᠦ᠄ | ᠮᠠ ᠯᠢᠶᠠᠨ ᠴᠢᠦᠶ ᠰᠢᠶᠠᠩ ᠤᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠩᠭᠢ᠄ | 0474 - 8301862 | ᠪᠠᠶ ᠬᠠᠶ ᠽᠢ ᠪᠠᠯᠭᠠᠰᠤᠨ ᠤ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠩᠭᠢ᠄ 0474 - | 8303281 | ᠣᠨᠴᠠᠭᠠᠶᠢᠯᠠᠨ ᠵᠠᠷᠯᠠᠪᠠ | | | | | 2025ᠣᠨ ᠤ 3 ᠰᠠᠷ᠎ᠠ ᠶᠢᠨ12 ᠤᠨ ᠡᠳᠦᠷ | | |