ᠵᠢᠨᠢᠩ ᠲᠣᠭᠤᠷᠢᠭ ᠤᠨ ᠲᠠᠩᠰᠠ ᠡᠪᠬᠡᠮᠡᠯ ᠲᠡᠤᠬᠡ ᠣᠶᠢᠯᠠᠯᠭ᠎ᠠ ᠶᠢᠨ ᠣᠷᠳᠣᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠩᠰᠠ ᠡᠪᠬᠡᠮᠡᠯ ᠤᠨ ᠮᠡᠳᠡᠭᠡ ᠵᠠᠩᠭᠢᠵᠢᠯᠲᠠ ᠶᠢᠨ ᠠᠵᠢᠯ ᠤᠨ ᠪᠠᠲᠤᠯᠠᠭ᠎ᠠ ᠪᠠ ᠤᠷᠮᠠᠰᠢᠭᠤᠯᠬᠤ ᠱᠠᠩᠨᠠᠵᠤ ᠨᠥᠬᠦᠪᠥᠷᠢᠯᠡᠬᠦ ᠲᠤᠰᠬᠠᠶ ᠪᠠᠯᠠ ᠮᠥᠩᠭᠦ ᠶᠢᠨ ᠲᠥᠷᠥᠯ ᠵᠦᠶᠯ ᠢ ᠰᠢᠯᠭᠠᠨ ᠠᠪᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/3/20
     ᠲᠠᠩᠰᠠ ᠡᠪᠬᠡᠮᠡᠯ ᠤᠨ ᠲᠣᠭᠠᠴᠢᠯᠠᠭᠰᠠᠨ ᠵᠢᠴᠢ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠶᠢ ᠤᠯᠠᠮ ᠨᠢᠭᠡ ᠠᠯᠬᠤᠮ ᠠᠬᠢᠭᠤᠯᠵᠤ᠂ ᠲᠠᠩᠰᠠ ᠡᠪᠬᠡᠮᠡᠯ ᠤᠨ ᠬᠠᠮᠢᠶᠠᠷᠤᠯᠲᠠ ᠶᠢᠨ ᠣᠳᠣᠬᠢᠴᠢᠯᠠᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠬᠦ ᠶᠢᠨ ᠲᠥᠯᠥᠭᠡ᠂ 2025 ᠣᠨ ᠤ 3 ᠰᠠᠷ᠎ᠠ ᠶᠢᠨ 15 ᠤ ᠡᠳᠦᠷ᠂ ᠵᠢᠨᠢᠩ ᠲᠣᠭᠤᠷᠢᠭ ᠤᠨ ᠲᠠᠩᠰᠠ ᠡᠪᠬᠡᠮᠡᠯ ᠲᠡᠤᠬᠡ ᠣᠶᠢᠯᠠᠯᠭ᠎ᠠ ᠶᠢᠨ ᠣᠷᠳᠣᠨ ᠥᠪᠡᠷᠲᠡᠭᠡᠨ ᠵᠠᠰᠠᠬᠤ ᠣᠷᠣᠨ ᠤ ᠲᠠᠩᠰᠠ ᠡᠪᠬᠡᠮᠡᠯ ᠤᠨ ᠮᠡᠳᠡᠭᠡ ᠵᠠᠩᠭᠢᠵᠢᠯᠲᠠ ᠶᠢᠨ ᠠᠵᠢᠯ ᠤᠨ ᠪᠠᠲᠤᠯᠠᠭ᠎ᠠ ᠪᠠ ᠤᠷᠮᠠᠰᠢᠭᠤᠯᠬᠤ ᠱᠠᠩᠨᠠᠵᠤ ᠨᠥᠬᠦᠪᠥᠷᠢᠯᠡᠬᠦ ᠲᠤᠰᠬᠠᠶ ᠪᠠᠯᠠ ᠮᠥᠩᠭᠦ ᠶᠢᠨ ᠲᠥᠷᠥᠯ ᠵᠦᠶᠯ ᠢ ᠰᠢᠯᠭᠠᠨ ᠠᠪᠬᠤ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠪᠠ᠃ ᠬᠤᠲᠠ ᠶᠢᠨ ᠲᠠᠩᠰᠠ ᠡᠪᠬᠡᠮᠡᠯ ᠤᠨ ᠲᠣᠪᠴᠢᠶ᠎ᠠ᠂ ᠲᠠᠩᠰᠠ ᠡᠪᠬᠡᠮᠡᠯ ᠤᠨ ᠣᠷᠳᠣᠨ ᠤ ᠤᠳᠤᠷᠢᠳᠤᠯᠭ᠎ᠠ ᠵᠢᠴᠢ ᠲᠣᠭᠤᠷᠢᠭ ᠤᠨ ᠲᠠᠩᠰᠠ ᠡᠪᠬᠡᠮᠡᠯ ᠲᠡᠤᠬᠡ ᠣᠶᠢᠯᠠᠯᠭ᠎ᠠ ᠶᠢᠨ ᠣᠷᠳᠣᠨ ᠤ ᠠᠵᠢᠯᠲᠠᠳ ᠬᠠᠮᠲᠤ ᠪᠠᠷ ᠲᠣᠰ ᠤᠳᠠᠭᠠᠨ ᠤ ᠬᠤᠷᠠᠯ ᠳᠤ ᠣᠷᠣᠯᠴᠠᠪᠠ᠃    ᠬᠤᠷᠠᠯ ᠳᠡᠭᠡᠷ᠎ᠡ᠂ ᠲᠣᠭᠤᠷᠢᠭ ᠤᠨ ᠲᠠᠩᠰᠠ ᠡᠪᠬᠡᠮᠡᠯ ᠲᠡᠤᠬᠡ ᠣᠶᠢᠯᠠᠯᠭ᠎ᠠ ᠶᠢᠨ ᠣᠷᠳᠣᠨ ᠤ ᠲᠥᠷᠥᠯ ᠵᠦᠢᠯ ᠤᠨ ᠬᠠᠷᠢᠭᠤᠴᠠᠯᠭᠠᠲᠠᠨ ᠲᠠᠩᠰᠠ ᠡᠪᠬᠡᠮᠡᠯ ᠤᠨ ᠲᠣᠭᠠᠴᠢᠯᠠᠭᠰᠠᠨ ᠲᠥᠷᠥᠯ ᠵᠦᠢᠯ ᠢ ᠬᠡᠷᠡᠭᠵᠢᠭᠦᠯᠦᠭᠰᠡᠨ ᠪᠠᠶᠢᠳᠠᠯ ᠤᠨ ᠲᠤᠬᠠᠶ ᠨᠠᠷᠢᠨ ᠲᠣᠳᠣᠷᠬᠠᠶ ᠬᠠᠷᠢᠭᠤ ᠮᠡᠳᠡᠭᠦᠯᠦᠯᠲᠡ ᠬᠢᠵᠦ᠂ ᠠᠭᠤᠯᠭ᠎ᠠ ᠨᠢ ᠲᠥᠷᠥᠯ ᠵᠦᠢᠯ ᠤᠨ ᠠᠬᠤᠶ ᠪᠠᠶᠢᠳᠠᠯ᠂ ᠬᠠᠷᠠᠯᠲᠠ ᠶᠢᠨ ᠪᠠᠶᠢᠷᠢᠯᠠᠭᠤᠯᠤᠯᠲᠠ᠂ ᠬᠡᠷᠡᠭᠵᠢᠭᠦᠯᠬᠦ ᠶᠠᠪᠤᠴᠠ᠂ ᠪᠠᠯᠠ ᠮᠥᠩᠭᠦ ᠶᠢᠨ ᠬᠡᠷᠡᠭᠯᠡᠯᠲᠡ ᠶᠢᠨ ᠨᠠᠷᠢᠨ ᠲᠣᠳᠣᠷᠬᠠᠶ ᠵᠢᠴᠢ ᠣᠯᠤᠭᠰᠠᠨ ᠱᠠᠲᠤ ᠦᠶ᠎ᠡ ᠶᠢᠨ ᠴᠢᠨᠠᠷᠲᠠᠶ ᠦᠷ᠎ᠡ ᠪᠦᠲᠦᠭᠡᠯ ᠢ ᠬᠠᠮᠤᠷᠴᠠᠶ᠃ ᠲᠠᠨᠢᠯᠴᠠᠭᠤᠯᠤᠭᠰᠠᠨ ᠢᠶᠠᠷ᠂ ᠲᠥᠷᠥᠯ ᠵᠦᠢᠯ ᠢ ᠡᠬᠢᠯᠡᠭᠦᠯᠦᠭᠰᠡᠨ ᠠᠴᠠ ᠨᠠᠰᠢ᠂ ᠲᠣᠭᠤᠷᠢᠭ ᠤᠨ ᠲᠠᠩᠰᠠ ᠡᠪᠬᠡᠮᠡᠯ ᠲᠡᠦᠬᠡ ᠣᠶᠢᠯᠠᠯᠭ᠎ᠠ ᠶᠢᠨ ᠰᠠᠩ ᠲᠤᠰᠬᠠᠢ ᠪᠡᠯᠡ ᠮᠥᠩᠭᠦ ᠶᠢ ᠢᠳᠡᠪᠬᠢᠲᠡᠢ ᠠᠰᠢᠭᠯᠠᠵᠤ᠂ ᠲᠡᠷᠢᠭᠦᠨ ᠤ ᠲᠣᠭᠠᠴᠢᠯᠠᠭᠰᠠᠨ ᠲᠥᠬᠦᠭᠡᠷᠦᠮᠵᠢ ᠶᠢ ᠬᠤᠳᠠᠯᠳᠤᠨ ᠠᠪᠴᠤ᠂ ᠲᠤᠰᠬᠠᠢ ᠮᠡᠷᠭᠡᠵᠢᠯ ᠤᠨ ᠠᠵᠢᠯᠲᠠᠨ ᠢ ᠤᠷᠢᠵᠤ᠂ ᠶᠡᠭᠡ ᠬᠡᠮᠵᠢᠶᠡᠨ ᠤ ᠬᠤᠪᠣᠷ ᠨᠠᠨᠳᠢᠨ ᠳᠠᠩᠰᠠ ᠡᠪᠬᠡᠮᠡᠯ ᠤᠨ ᠲᠣᠭᠠᠴᠢᠯᠠᠭᠰᠠᠨ ᠣᠷᠣᠭᠤᠯᠬᠤ ᠶᠢ ᠪᠡᠶᠡᠯᠡᠭᠦᠯᠵᠦ᠂ ᠳᠠᠩᠰᠠ ᠡᠪᠬᠡᠮᠡᠯ ᠢ ᠪᠠᠶᠢᠴᠠᠭᠠᠨ ᠦᠵᠡᠬᠦ ᠦᠷ᠎ᠡ ᠪᠦᠲᠦᠮᠵᠢ ᠪᠠ ᠬᠠᠳᠠᠭᠠᠯᠠᠬᠤ ᠠᠮᠤᠷ ᠲᠦᠪᠰᠢᠨ ᠴᠢᠨᠠᠷ ᠢ ᠪᠦᠲᠦᠮᠵᠢᠲᠡᠢ ᠳᠡᠭᠡᠭᠰᠢᠯᠡᠭᠦᠯᠪᠡ᠃   ᠳᠠᠷᠠᠭ᠎ᠠ ᠨᠢ᠂ ᠰᠢᠯᠭᠠᠨ ᠠᠪᠬᠤ ᠳᠤᠭᠤᠶᠢᠯᠠᠩ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠬᠦ᠂ ᠰᠤᠭᠤᠴᠢᠨ ᠪᠠᠶᠢᠴᠠᠭᠠᠭᠰᠠᠨ ᠲᠤᠭ᠎ᠠ ᠪᠠᠷᠢᠮᠲᠠ ᠶᠢᠨ ᠶᠠᠰᠤ ᠴᠢᠨᠠᠷ᠂ ᠬᠢᠨᠠᠨ ᠬᠠᠷᠭᠤᠭᠤᠯᠬᠤ ᠲᠥᠷᠥᠯ ᠵᠦᠢᠯ ᠤᠨ ᠪᠢᠴᠢᠭᠯᠡᠯ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠲᠥᠷᠥᠯ ᠵᠦᠢᠯ ᠢ ᠪᠥᠬᠦ ᠲᠠᠯ᠎ᠠ ᠪᠠᠷ ᠨᠠᠷᠢᠨ ᠨᠢᠮᠪᠠᠶ ᠪᠠᠶᠢᠴᠠᠭᠠᠨ ᠰᠢᠯᠭᠠᠬᠤ ᠶᠢᠨ ᠬᠠᠮᠲᠤ ᠲᠣᠭᠠᠴᠢᠯᠠᠭᠰᠠᠨ ᠶᠠᠪᠤᠴᠠ ᠶᠢᠨ ᠵᠢᠷᠤᠮᠵᠢᠯ ᠤᠨ ᠴᠢᠨᠠᠷ᠂ ᠲᠤᠭ᠎ᠠ ᠪᠠᠷᠢᠮᠲᠠ ᠶᠢᠨ ᠣᠨᠣᠪᠴᠢᠲᠤ ᠴᠢᠨᠠᠷ᠂ ᠮᠡᠳᠡᠭᠡ ᠵᠠᠩᠭᠢ ᠶᠢᠨ ᠠᠮᠤᠷ ᠲᠦᠪᠰᠢᠨ ᠴᠢᠨᠠᠷ ᠵᠡᠷᠭᠡ ᠲᠠᠯ᠎ᠠ ᠳᠤ ᠴᠢᠭᠯᠡᠭᠦᠯᠦᠨ ᠲᠤᠰᠬᠠᠶ ᠮᠡᠷᠭᠡᠵᠢᠯ ᠤᠨ ᠰᠠᠨᠠᠯ ᠪᠠ ᠰᠠᠨᠠᠭᠤᠯᠭ᠎ᠠ ᠳᠤᠷᠠᠳᠪᠠ᠃ ᠭᠦᠨᠵᠡᠭᠡᠶ ᠶᠠᠷᠢᠯᠴᠠᠬᠤ ᠪᠠ ᠦᠨᠡᠯᠡᠨ ᠵᠢᠱᠢᠬᠦ ᠪᠠᠷ ᠳᠡᠮᠵᠢᠨ᠂ ᠰᠢᠯᠭᠠᠨ ᠠᠪᠬᠤ ᠳᠤᠭᠤᠶᠢᠯᠠᠩ ᠤᠨ ᠦᠵᠡᠬᠦ ᠪᠠᠷ᠂ ᠲᠣᠭᠤᠷᠢᠭ ᠤᠨ ᠲᠠᠩᠰᠠ ᠡᠪᠬᠡᠮᠡᠯ ᠲᠡᠤᠬᠡ ᠣᠶᠢᠯᠠᠯᠭ᠎ᠠ ᠶᠢᠨ ᠣᠷᠳᠣᠨ ᠢ ᠲᠣᠰ ᠲᠥᠷᠥᠯ ᠵᠦᠢᠯ ᠢ ᠬᠡᠷᠡᠭᠵᠢᠭᠦᠯᠬᠦ ᠶᠠᠪᠤᠴᠠ ᠳᠤ᠂ ᠲᠥᠷᠥᠯ ᠵᠦᠢᠯ ᠤᠨ ᠲᠥᠯᠥᠪᠯᠡᠭᠡ ᠪᠠ ᠬᠠᠮᠢᠶ᠎ᠠ ᠪᠥᠬᠦᠶ ᠪᠠᠷᠢᠮᠵᠢᠶ᠎ᠠ ᠶᠢ ᠴᠢᠩᠭ᠎ᠠ ᠵᠢᠷᠤᠮᠯᠠᠨ ᠬᠡᠷᠡᠭᠵᠢᠭᠦᠯᠵᠦ᠂ ᠪᠠᠯᠠ ᠮᠥᠩᠭᠦ ᠶᠢᠨ ᠬᠡᠷᠡᠭᠯᠡᠯᠲᠡ ᠶᠢ ᠵᠦᠶ ᠵᠣᠬᠢᠰᠲᠠᠶ ᠵᠢᠷᠤᠮᠵᠢᠭᠤᠯᠤᠨ᠂ ᠲᠥᠷᠥᠯ ᠵᠦᠢᠯ ᠤᠨ ᠦᠷ᠎ᠡ ᠪᠦᠲᠦᠭᠡᠯ ᠨᠢ ᠵᠢᠱᠢᠭᠰᠡᠨ ᠬᠠᠷᠠᠯᠲᠠ ᠳᠠᠭᠠᠨ ᠬᠦᠷᠴᠦ᠂ ᠰᠢᠯᠭᠠᠨ ᠠᠪᠬᠤ ᠶᠢ ᠪᠠᠲᠤᠯᠠᠭᠰᠠᠨ ᠢ ᠵᠥᠪᠰᠢᠶᠡᠷᠡᠵᠦ ᠪᠠᠶᠢᠨ᠎ᠠ᠃ ᠲᠤᠭᠤᠷᠢᠭ ᠤᠨ ᠲᠠᠩᠰᠠ ᠡᠪᠬᠡᠮᠡᠯ ᠲᠡᠤᠬᠡ ᠣᠶᠢᠯᠠᠯᠭ᠎ᠠ ᠶᠢᠨ ᠣᠷᠳᠣᠨ ᠤ ᠠᠵᠢᠯ ᠢ ᠭᠦᠶᠴᠡᠳ ᠨᠤᠲᠠᠯᠠᠬᠤ ᠶᠢᠨ ᠬᠠᠮᠲᠤ ᠲᠠᠩᠰᠠ ᠡᠪᠬᠡᠮᠡᠯ ᠤᠨ ᠲᠤᠭᠠᠴᠢᠯᠠᠯᠲᠠ ᠪᠠ ᠮᠡᠳᠡᠭᠡ ᠵᠠᠩᠭᠢᠵᠢᠯᠲᠠ ᠪᠣᠯ ᠲᠠᠩᠰᠠ ᠡᠪᠬᠡᠮᠡᠯ ᠤᠨ ᠦᠶᠯᠡᠰ ᠤᠨ ᠬᠥᠭᠵᠢᠯᠲᠡ ᠶᠢᠨ ᠵᠠᠶᠢᠯᠠᠰᠢ ᠥᠬᠡᠶ ᠬᠠᠨᠳᠤᠰᠢ ᠮᠥᠨ᠂ ᠲᠤᠭᠤᠷᠢᠭ ᠤᠨ ᠲᠠᠩᠰᠠ ᠡᠪᠬᠡᠮᠡᠯ ᠲᠡᠤᠬᠡ ᠣᠶᠢᠯᠠᠯᠭ᠎ᠠ ᠶᠢᠨ ᠣᠷᠳᠣᠨ ᠢ ᠲᠣᠰ ᠤᠳᠠᠭᠠᠨ ᠤ ᠲᠥᠷᠥᠯ ᠵᠦᠶᠯ ᠢ ᠰᠢᠯᠭᠠᠨ ᠠᠪᠬᠤ ᠪᠠᠷ ᠠᠵᠠ ᠲᠣᠬᠢᠶᠠᠯ ᠪᠣᠯᠭᠠᠵᠤ᠂ ᠲᠠᠩᠰᠠ ᠡᠪᠬᠡᠮᠡᠯ ᠤᠨ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠶᠢ ᠦᠷᠭᠦᠯᠵᠢᠯᠡᠨ ᠰᠢᠯᠢᠳᠡᠭᠵᠢᠭᠦᠯᠵᠦ᠂ ᠲᠠᠩᠰᠠ ᠡᠪᠬᠡᠮᠡᠯ ᠤᠨ ᠡᠬᠢ ᠪᠠᠶᠠᠯᠢᠭ ᠢ ᠡᠮᠬᠢᠯᠡᠨ ᠨᠡᠶᠢᠯᠡᠭᠦᠯᠬᠦ ᠪᠠ ᠨᠡᠭᠡᠭᠡᠨ ᠠᠰᠢᠭᠯᠠᠬᠤ ᠶᠢ ᠴᠢᠩᠭᠠᠳᠬᠠᠵᠤ᠂ ᠭᠠᠵᠠᠷ ᠣᠷᠣᠨ ᠤ ᠰᠣᠶᠣᠯ ᠢ ᠤᠯᠠᠮᠵᠢᠯᠠᠬᠤ᠂ ᠨᠡᠶᠢᠭᠡᠮ ᠤᠨ ᠬᠥᠭᠵᠢᠯᠲᠡ ᠳᠤ ᠨᠠᠩ ᠬᠦᠴᠦᠲᠡᠶ ᠲᠠᠩᠰᠠ ᠡᠪᠬᠡᠮᠡᠯ ᠤᠨ ᠮᠡᠳᠡᠭᠡ ᠵᠠᠩᠭᠢ ᠶᠢᠨ ᠲᠤᠯᠭᠠᠭᠤᠷᠢᠯᠠᠯ ᠬᠠᠩᠭᠠᠬᠤ ᠬᠡᠷᠡᠭᠲᠡᠶ ᠭᠡᠵᠦ ᠱᠠᠭᠠᠷᠳᠠᠪᠠ᠃    ᠲᠣᠰ ᠤᠳᠠᠭᠠᠨ ᠤ ᠰᠢᠯᠭᠠᠨ ᠠᠪᠬᠤ ᠬᠤᠷᠠᠯ ᠢ ᠠᠮᠵᠢᠯᠲᠠ ᠲᠠᠢ ᠬᠤᠷᠠᠯᠳᠤᠭᠤᠯᠤᠭᠰᠠᠨ ᠨᠢ ᠲᠣᠭᠤᠷᠢᠭ ᠤᠨ ᠲᠠᠩᠰᠠ ᠡᠪᠬᠡᠮᠡᠯ ᠲᠡᠤᠬᠡ ᠣᠶᠢᠯᠠᠯᠭ᠎ᠠ ᠶᠢᠨ ᠣᠷᠳᠣᠨ ᠲᠠᠩᠰᠠ ᠡᠪᠬᠡᠮᠡᠯ ᠤᠨ ᠲᠣᠭᠠᠴᠢᠯᠠᠭᠰᠠᠨ ᠪᠥᠲᠥᠭᠡᠨ ᠪᠠᠶᠢᠭᠤᠯᠤᠯᠲᠠ ᠶᠢᠨ ᠲᠠᠯ᠎ᠠ ᠪᠠᠷ ᠴᠢᠬᠤᠯᠠ ᠱᠠᠲᠤ ᠦᠶ᠎ᠡ ᠶᠢᠨ ᠴᠢᠨᠠᠷᠲᠠᠶ ᠦᠷ᠎ᠡ ᠪᠦᠲᠦᠭᠡᠯ ᠣᠯᠤᠭᠰᠠᠨ ᠢ ᠬᠠᠷᠠᠭᠤᠯᠵᠤ ᠪᠠᠶᠢᠬᠤ ᠪᠠᠷ ᠪᠠᠷᠠᠬᠤ ᠥᠬᠡᠶ᠂ ᠪᠠᠰᠠ ᠪᠥᠬᠦ ᠬᠤᠲᠠ ᠶᠢᠨ ᠲᠠᠩᠰᠠ ᠡᠪᠬᠡᠮᠡᠯ ᠤᠨ ᠮᠡᠳᠡᠭᠡ ᠵᠠᠩᠭᠢᠵᠢᠯᠲᠠ ᠶᠢᠨ ᠠᠵᠢᠯ ᠳᠤ ᠡᠷᠬᠢᠮ ᠨᠠᠨᠳᠢᠨ ᠲᠤᠷᠰᠢᠯᠭ᠎ᠠ ᠬᠤᠷᠠᠮᠳᠤᠭᠤᠯᠵᠤ᠂ ᠪᠥᠬᠦ ᠬᠤᠲᠠ ᠶᠢᠨ ᠲᠠᠩᠰᠠ ᠡᠪᠬᠡᠮᠡᠯ ᠤᠨ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠳᠤ ᠢᠳᠡᠪᠬᠢᠲᠡᠶ ᠠᠴᠢ ᠬᠤᠯᠪᠣᠭᠳᠠᠯ ᠲᠠᠢ ᠶᠤᠮ᠃           ᠣᠷᠴᠢᠭᠤᠯᠤᠭᠴᠢ᠄ ᠳ᠋ᠥᠩ ᠾᠦᠢ
 
ᠢᠷᠡᠯᠲᠡ᠄ ᠵᠢᠨᠢᠩ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2