| ᠤᠶᠢᠷ᠎ᠠ ᠳᠤ ᠂ ᠵᠢᠨᠢᠩ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ | ᠳᠠᠷᠤᠭ᠎ᠠ ᠺᠠᠩ ᠬᠠᠶ ᠷᠦᠢ 2025 ᠣᠨ ᠤ ᠨᠢᠭᠡᠳᠦᠭᠡᠷ ᠤᠯᠠᠷᠢᠯ ᠤᠨ ᠠᠵᠤ ᠠᠬᠤᠶ ᠶᠢᠨ ᠠᠵᠢᠯᠯᠠᠭᠠᠨ ᠤ | ᠲᠣᠬᠢᠷᠠᠭᠤᠯᠤᠯᠲᠠ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠣᠷᠣᠰᠢᠵᠤ ᠪᠠᠶᠢᠭ᠎ᠠ ᠠᠰᠠᠭᠤᠳᠠᠯ ᠢ ᠵᠠᠳᠠᠯᠵᠤ᠂ | ᠲᠠᠷᠠᠭᠠᠴᠢ ᠶᠢᠨ ᠠᠯᠬᠤᠮ ᠤᠨ ᠭᠤᠤᠯᠳᠠᠯᠭ᠎ᠠ ᠲᠠᠢ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃ ᠬᠤᠷᠠᠯ ᠠᠴᠠ᠂ | ᠨᠢᠭᠡᠳᠦᠭᠡᠷ ᠤᠯᠠᠷᠢᠯ ᠪᠣᠯ ᠪᠦᠬᠦ ᠵᠢᠯ ᠤᠨ ᠠᠵᠤ ᠠᠬᠤᠢ ᠶᠢᠨ ︽ᠬᠠᠨᠳᠤᠰᠢ ᠶᠢᠨ ᠲᠡᠮᠳᠡᠭ︾ ᠮᠥᠨ᠂ ᠣᠨ ᠤ | ᠬᠠᠷᠠᠯᠲᠠ ᠡᠭᠦᠷᠭᠡ ᠶᠢ ᠪᠡᠶᠡᠯᠡᠭᠦᠯᠬᠦ ᠶᠢᠨ ᠰᠠᠭᠤᠷᠢ ᠮᠥᠨ᠃ ᠡᠯ᠎ᠡ ᠱᠠᠳᠤ ᠡᠯ᠎ᠡ ᠰᠠᠯᠠᠭ᠎ᠠ ᠮᠥᠴᠢᠷ ᠤᠨ ᠬᠢᠨ ᠢᠲᠡᠭᠡᠯ | ᠵᠣᠷᠢᠭ ᠢᠶᠠᠨ ᠪᠠᠲᠤᠳᠬᠠᠵᠤ᠂ ᠰᠠᠨᠠᠭᠠᠴᠢᠯᠠᠭ᠎ᠠ ᠠᠴᠠ ᠪᠠᠨ ᠠᠵᠢᠯᠯᠠᠵᠤ᠂ ᠨᠡᠩ ᠶᠡᠭᠡ ᠡᠷᠡᠰ ᠵᠣᠷᠢᠭ᠂ ᠨᠡᠩ ᠪᠣᠳᠠᠲᠠᠢ | ᠠᠷᠭ᠎ᠠ ᠬᠡᠮᠵᠢᠶ᠎ᠡ ᠪᠠᠷ ᠠᠵᠤ ᠠᠬᠤᠢ ᠶᠢᠨ ᠠᠵᠢᠯᠯᠠᠭᠠᠨ ᠤ ᠡᠯ᠎ᠡ ᠵᠦᠢᠯ ᠤᠨ ᠠᠵᠢᠯ ᠢ ᠪᠦᠬᠦ ᠬᠦᠴᠦᠨ ᠢᠶᠠᠷ ᠢᠶᠠᠨ | ᠰᠠᠶᠢᠲᠤᠷ ᠠᠳᠬᠤᠵᠤ᠂ ᠠᠩᠬᠠᠨ ᠤ ᠤᠯᠠᠷᠢᠯ ᠤᠨ ︽ᠰᠠᠶᠢᠨ ᠡᠬᠢᠯᠡᠯᠲᠡ︾ ᠶᠢ ᠪᠠᠲᠤᠯᠠᠬᠤ ᠬᠡᠷᠡᠭᠲᠡᠢ᠃ | ᠬᠠᠷᠠᠯᠲᠠ ᠪᠠᠨ ᠲᠣᠭᠲᠠᠭᠠᠵᠤ᠂ ᠠᠷᠭ᠎ᠠ ᠬᠡᠮᠵᠢᠶ᠎ᠡ ᠪᠠᠨ ᠴᠢᠩᠭᠠᠳᠬᠠᠵᠤ᠂ ᠭᠤᠣᠯᠳᠠᠯᠭ᠎ᠠ ᠲᠠᠢ ᠠᠵᠤ ᠦᠢᠯᠡᠰ ᠤᠨ | ᠬᠦᠷᠢᠶᠡᠨ ᠤ ᠲᠣᠭᠤᠷᠢᠨ ᠳᠤ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠶᠢ ᠰᠠᠶᠢᠲᠤᠷ ᠠᠳᠬᠤᠵᠤ᠂ | ᠠᠷᠠᠯᠵᠢᠶᠠᠴᠢᠨ ᠤᠷᠢᠵᠤ ᠪᠡᠯᠡ ᠣᠷᠣᠭᠤᠯᠬᠤ ᠠᠵᠢᠯ ᠤᠨ ᠶᠠᠰᠤ ᠴᠢᠨᠠᠷ ᠦᠷ᠎ᠡ ᠠᠰᠢᠭ ᠢ ᠦᠷᠭᠦᠯᠵᠢᠯᠡᠨ | ᠳᠡᠭᠡᠭᠰᠢᠯᠡᠭᠦᠯᠵᠦ᠂ ᠵᠢᠨᠢᠩ ᠲᠣᠭᠤᠷᠢᠭ ᠤᠨ ᠴᠢᠨᠠᠷ ᠰᠠᠶᠢᠲᠠᠢ ᠬᠥᠭᠵᠢᠯᠲᠡ ᠳᠤ ᠬᠦᠴᠦᠲᠡᠢ ᠲᠤᠯᠭᠠᠭᠤᠷᠢᠯᠠᠯ ᠬᠠᠩᠭᠠᠬᠤ | ᠬᠡᠷᠡᠭᠲᠡᠢ᠃ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠵᠦ᠂ ᠡᠯᠧᠮᠧᠨ᠋ᠲ ᠤᠨ | ᠪᠠᠲᠤᠯᠠᠭ᠎ᠠ ᠶᠢ ᠴᠢᠩᠭᠠᠳᠬᠠᠵᠤ᠂ ᠠᠵᠤ ᠠᠬᠤᠶᠢᠯᠠᠯ ᠢ ᠲᠤᠰᠠᠯᠠᠬᠤ ᠠᠵᠢᠯᠯᠠᠭ᠎ᠠ ᠶᠢ ᠯᠠᠪᠳᠠᠭᠤᠨ ᠪᠠᠲᠤᠲᠠᠢ ᠠᠬᠢᠭᠤᠯᠵᠤ | ᠂ ᠲᠦᠷᠦᠯ ᠵᠦᠢᠯ ᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠤᠯᠬᠤ᠂ ᠠᠵᠤ ᠠᠬᠤᠶᠢᠯᠠᠯ ᠢ ᠬᠥᠭᠵᠢᠭᠦᠯᠦᠨ | ᠪᠤᠵᠠᠭᠠᠶᠢᠷᠠᠭᠤᠯᠬᠤ ᠶᠢ ᠪᠦᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠢ᠃ ᠬᠠᠪᠤᠷ ᠤᠨ ᠤᠯᠠᠷᠢᠯ ᠤᠨ ᠬᠡᠷᠡᠭᠯᠡᠭᠡᠨ ᠤ | ᠬᠥᠭᠵᠢᠶᠡᠨᠲᠡᠢ ᠤᠯᠠᠷᠢᠯ ᠢ ᠠᠮᠵᠢᠵᠤ᠂ ᠤᠨᠢᠨ ᠳᠡᠭᠡᠷ᠎ᠡ ᠨᠢ ᠠᠷᠭ᠎ᠠ ᠪᠤᠳᠤᠯᠭ᠎ᠠ ᠬᠡᠷᠡᠭᠵᠢᠭᠦᠯᠵᠦ᠂ ᠵᠣᠬᠢᠴᠠᠭᠤᠯᠤᠨ | ᠬᠦᠴᠦᠯᠡᠵᠦ᠂ ᠬᠡᠷᠡᠭᠯᠡᠭᠡᠨ ᠤ ᠵᠦᠢᠯ ᠤᠨ ︽ᠬᠠᠭᠤᠴᠢᠨ ᠢᠶᠠᠷ ᠰᠢᠨ᠎ᠡ ᠶᠢ ᠰᠣᠯᠢᠬᠤ︾ ᠵᠡᠷᠭᠡ ᠰᠢᠷᠢᠰ ᠲᠦᠷᠦ ᠶᠢᠨ | ᠪᠤᠳᠤᠯᠭ᠎ᠠ ᠶᠢ ᠰᠠᠶᠢᠲᠤᠷ ᠨᠠᠶᠢᠳᠠᠪᠤᠷᠢᠵᠢᠭᠤᠯᠵᠤ᠂ ᠬᠡᠷᠡᠭᠯᠡᠭᠡᠨ ᠤ ᠠᠮᠢᠵᠢᠷᠠᠯ ᠤᠨ ᠬᠦᠴᠦᠨ ᠢ ᠬᠦᠴᠦᠯᠡᠨ ᠬᠥᠭᠵᠢᠭᠡᠵᠦ | ᠂ ᠵᠠᠬ᠎ᠠ ᠳᠡᠯᠭᠡᠭᠦᠷ ᠤᠨ ᠳᠠᠯᠳᠠ ᠬᠦᠴᠦᠨ ᠢ ᠬᠥᠭᠵᠢᠭᠡᠵᠦ᠂ ᠪᠦᠬᠦ ᠵᠢᠯ ᠤᠨ ᠡᠯ᠎ᠡ ᠵᠦᠢᠯ ᠤᠨ ᠬᠠᠷᠠᠯᠲᠠ ᠡᠭᠦᠷᠭᠡ ᠶᠢ | ᠪᠡᠶᠡᠯᠡᠭᠦᠯᠬᠦ ᠳᠤ ᠪᠠᠲᠤ ᠪᠠᠬᠢ ᠰᠠᠭᠤᠷᠢ ᠶᠢ ᠲᠠᠯᠪᠢᠬᠤ ᠬᠡᠷᠡᠭᠲᠡᠢ ᠭᠡᠵᠤ ᠴᠢᠬᠤᠯᠠᠴᠢᠯᠠᠪᠠ᠃ | |