3 ᠳ᠋ᠤᠭᠠᠷ ᠰᠠᠷ᠎ᠠ ᠶᠢᠨ 25 ᠤ ᠡᠳᠦᠷ᠂ ᠪᠥᠬᠦ ᠲᠣᠭᠤᠷᠢᠭ ᠤᠨ ᠣᠶ ᠰᠢᠭᠤᠶ ᠨᠤᠲᠤᠭ ᠪᠡᠯᠴᠢᠭᠡᠷ ᠤᠨ ᠭᠠᠯ | ᠰᠡᠷᠭᠡᠶᠢᠯᠡᠨ ᠤᠨᠲᠠᠷᠠᠭᠠᠬᠤ ᠬᠤᠷᠠᠯ ᠬᠤᠷᠠᠯᠳᠤᠪᠠ᠃ | ᠬᠤᠷᠠᠯ ᠠᠴᠠ ᠬᠠᠩᠰᠢ ᠶᠢᠨ ᠬᠤᠭᠤᠴᠠᠭᠠᠨ ᠳᠠᠬᠢ ᠤᠢ ᠰᠢᠭᠤᠢ ᠡᠪᠡᠰᠦ ᠪᠡᠯᠴᠢᠭᠡᠷ ᠤᠨ ᠭᠠᠯ ᠢ ᠰᠡᠷᠭᠡᠶᠢᠯᠡᠵᠦ | ᠭᠠᠯ ᠤᠨᠲᠠᠷᠠᠭᠠᠬᠤ ᠠᠵᠢᠯ ᠢ ᠲᠤᠬᠢᠷᠠᠭᠤᠯᠤᠨ ᠪᠠᠶᠢᠷᠢᠯᠠᠭᠤᠯᠪᠠ︔ ᠤᠢ ᠰᠢᠭᠤᠢ ᠡᠪᠡᠰᠦ ᠪᠡᠯᠴᠢᠭᠡᠷ᠂ ᠴᠡᠴᠡᠷᠯᠢᠭ᠂ | ᠬᠤᠳᠠ ᠶᠢᠨ ᠬᠠᠮᠢᠶᠠᠷᠤᠯᠲᠠ᠂ ᠠᠷᠠᠳ ᠤᠨ ᠶᠠᠪᠤᠳᠠᠯ ᠵᠡᠷᠭᠡ ᠰᠠᠯᠠᠭ᠎ᠠ ᠮᠥᠴᠢᠷ ᠵᠢᠴᠢ ᠰᠢᠶᠠᠩ ᠪᠠᠯᠭᠠᠰᠤᠨ ᠤ | ᠬᠠᠩᠰᠢ ᠶᠢᠨ ᠡᠳᠦᠷ ᠤᠨ ᠬᠤᠭᠤᠴᠠᠭᠠᠨ ᠳᠠᠬᠢ ᠤᠢ ᠰᠢᠭᠤᠢ ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠵᠦ ᠭᠠᠯ | ᠤᠨᠲᠠᠷᠠᠭᠠᠬᠤ ᠠᠵᠢᠯ ᠤᠨ ᠪᠠᠶᠢᠷᠢᠯᠠᠭᠤᠯᠤᠯᠲᠠ ᠶᠢᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠶᠢ ᠰᠣᠨᠣᠰᠪᠠ᠃ | ᠬᠤᠷᠠᠯ ᠠᠴᠠ᠂ ᠰᠡᠷᠭᠡᠶᠢᠯᠡᠬᠦ ᠪᠠᠷ ᠭᠤᠣᠯ ᠪᠣᠯᠭᠠᠬᠤ ᠶᠢ ᠪᠠᠷᠢᠮᠲᠠᠯᠠᠵᠤ᠂ ᠤᠬᠠᠭᠤᠯᠭ᠎ᠠ ᠬᠥᠮᠦᠵᠢᠯ᠂ ᠭᠠᠯ ᠤᠨ | ᠡᠬᠢ ᠰᠤᠷᠪᠤᠯᠵᠢ ᠶᠢ ᠬᠠᠮᠢᠶᠠᠷᠤᠨ ᠡᠵᠡᠮᠳᠡᠬᠦ ᠪᠠ ᠲᠣᠭᠤᠷᠢᠨ ᠪᠠᠶᠢᠴᠠᠭᠠᠵᠤ ᠲᠣᠭᠤᠷᠢᠨ ᠬᠠᠮᠠᠭᠠᠯᠠᠬᠤ ᠶᠢ | ᠴᠢᠩᠭᠠᠳᠬᠠᠵᠤ᠂ ᠠᠮᠤᠷ ᠲᠦᠪᠰᠢᠨ ᠤ ᠭᠡᠮ ᠰᠣᠭᠤᠭ ᠢ ᠴᠠᠭ ᠲᠤᠬᠠᠢ ᠳᠤᠨᠢ ᠢᠯᠡᠷᠡᠭᠦᠯᠬᠦ ᠪᠠ ᠠᠷᠢᠯᠭᠠᠵᠤ᠂ | ᠠᠰᠠᠭᠤᠳᠠᠯ ᠢ ᠴᠤᠬᠤᠶᠢᠬᠤ ᠠᠴᠠ ᠡᠮᠦᠨ᠎ᠡ ᠰᠢᠢᠳᠪᠦᠷᠢᠯᠡᠬᠦ ᠬᠡᠷᠡᠭᠲᠡᠢ᠃ ᠬᠢᠨᠠᠨ ᠬᠡᠮᠵᠢᠵᠦ ᠤᠷᠢᠳᠴᠢᠯᠠᠨ | ᠰᠡᠷᠡᠮᠵᠢᠯᠡᠭᠦᠯᠬᠦ ᠶᠢ ᠴᠢᠩᠭᠠᠳᠬᠠᠵᠤ᠂ 24 ᠴᠠᠭ ᠢᠶᠠᠷ ᠵᠢᠵᠢᠭᠦᠷᠯᠡᠬᠦ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ | ᠮᠡᠳᠡᠭᠡ ᠵᠠᠩᠭᠢ ᠶᠢ ᠴᠤᠭᠯᠠᠭᠤᠯᠬᠤ ᠪᠠ ᠳᠡᠭᠡᠭᠰᠢ ᠮᠡᠳᠡᠭᠦᠯᠬᠦ ᠠᠵᠢᠯ ᠢ ᠰᠠᠶᠢᠲᠤᠷ ᠬᠢᠵᠦ᠂ ᠭᠠᠯ ᠤᠨ ᠠᠶᠤᠯ ᠤᠨ | ᠮᠡᠳᠡᠭᠡ ᠵᠠᠩᠭᠢ ᠶᠢ ᠴᠠᠭ ᠲᠤᠬᠠᠶ ᠳᠤᠨᠢ ᠡᠵᠡᠮᠰᠢᠵᠦ᠂ ᠭᠡᠨᠡᠳᠲᠡ ᠶᠢᠨ ᠭᠠᠯ ᠤᠨ ᠠᠶᠤᠯ ᠢ ᠰᠢᠨᠵᠢᠯᠡᠬᠦ ᠤᠬᠠᠭᠠᠨᠴᠢ ᠪᠠᠷ | ᠵᠣᠬᠢᠶᠠᠨ ᠪᠠᠶᠢᠭᠤᠯᠵᠤ᠂ ᠥᠨᠳᠥᠷ ᠪᠦᠲᠦᠮᠵᠢᠲᠡᠶ ᠪᠠᠷ ᠠᠷᠭᠠᠴᠠᠬᠤ ᠬᠡᠷᠡᠭᠲᠡᠶ᠃ ᠡᠭᠦᠷᠭᠡ ᠬᠠᠷᠢᠭᠤᠴᠠᠯᠭ᠎ᠠ ᠶᠢᠨ | ᠠᠵᠢᠯ ᠤᠨ ᠬᠤᠪᠢᠶᠠᠷᠢᠯᠠᠯ ᠢ ᠲᠣᠳᠣᠷᠬᠠᠶᠢᠯᠠᠵᠤ᠂ ᠡᠭᠦᠷᠭᠡ ᠬᠠᠷᠢᠭᠤᠴᠠᠯᠭ᠎ᠠ ᠶᠢᠨ ᠦᠢᠯᠡᠳᠦᠯ ᠴᠢᠳᠠᠪᠤᠷᠢ ᠶᠢ ᠭᠦᠢᠴᠡᠳ | ᠪᠠᠳᠠᠷᠠᠭᠤᠯᠤᠨ᠂ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠡᠯ᠎ᠡ ᠵᠦᠢᠯ ᠤᠨ ᠠᠵᠢᠯ ᠤᠨ | ᠪᠠᠶᠢᠷᠢᠯᠠᠭᠤᠯᠤᠯᠲᠠ ᠶᠢ ᠪᠣᠳᠠᠲᠠᠢ ᠳᠤ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢ ᠪᠠᠲᠤᠯᠠᠬᠤ ᠬᠡᠷᠡᠭᠲᠡᠢ᠃ | | ᠨᠠᠶᠢᠷᠠᠭᠤᠯᠤᠭᠴᠢ᠄ ᠸᠠᠩ ᠵᠢᠩ ᠵᠢᠩ᠂ ᠴᠢᠶᠣᠣ ᠮᠢᠨ ᠮᠢᠨ | ᠣᠷᠴᠢᠭᠤᠯᠤᠭᠴᠢ᠄ ᠳ᠋ᠥᠩ ᠾᠦᠢ |