ᠵᠠᠩ ᠶᠦᠩ ᠸᠧᠨ ᠪᠦᠯᠬᠦᠮ ᠳᠠᠭᠠᠭᠤᠯᠤᠨ ᠱᠧᠨᠵᠧᠨ᠂ ᠭᠤᠸᠠᠩᠵᠧᠦ ᠳᠤ ᠬᠦᠷᠴᠦ ᠲᠦᠷᠦᠯ ᠵᠦᠢᠯ ᠤᠨ ᠰᠢᠨᠵᠢᠯᠡᠨ ᠪᠠᠶᠢᠴᠠᠭᠠᠬᠤ ᠵᠢᠴᠢ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2025/3/25
    3 ᠰᠠᠷ᠎ᠠ ᠶᠢᠨ 3 ᠤ ᠡᠳᠦᠷ ᠠᠴᠠ 5 ᠤ ᠡᠳᠦᠷ ᠪᠣᠯᠲᠠᠯ᠎ᠠ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠢᠨᠢᠩ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠵᠠᠩ ᠶᠦᠩ ᠸᠧᠨ ᠪᠦᠯᠬᠦᠮ ᠳᠠᠭᠠᠭᠤᠯᠤᠨ ᠱᠧᠨᠵᠧᠨ᠂ ᠭᠤᠸᠠᠩᠵᠧᠦ ᠳᠤ ᠬᠦᠷᠴᠦ ᠲᠥᠷᠥᠯ ᠵᠦᠶ᠋ᠯ ᠤᠨ ᠪᠠᠶᠢᠴᠠᠭᠠᠯᠲᠠ ᠵᠢᠴᠢ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠶᠢ ᠥᠷᠨᠢᠭᠦᠯᠪᠡ᠃    ᠵᠠᠩ ᠶᠦᠩ ᠸᠧᠨ ᠨᠠᠷ ᠤᠷᠢᠳ ᠬᠤᠵᠢᠳ ᠱᠧᠨᠵᠧᠨ ᠤ  ᠨᠡᠬᠡᠮᠡᠯ ᠤᠨ ᠲᠦᠷᠦᠯ ᠤᠨ ᠤᠶᠤᠨᠴᠢ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ᠂ ᠪᠥᠸᠧ ᠬᠤᠤ ᠲᠤᠭ᠎ᠠ ᠪᠠᠷᠢᠮᠲᠠ ᠶᠢᠨ ᠦᠢᠯᠡᠴᠢᠯᠡᠭᠡᠨ ᠤ ᠬᠢᠵᠠᠭᠠᠷᠲᠤ ᠺᠣᠮᠫᠠᠨᠢ᠂ ᠸᠠᠩ ᠵᠢᠶᠠ ᠬᠤᠸᠠᠨ ᠪᠦᠯᠦᠭᠯᠡᠯ ᠪᠣᠯᠤᠨ ᠭᠤᠸᠠᠩᠵᠧᠦ ᠶᠢᠨ ᠫᠧᠩ ᠬᠤᠢ ᠡᠨᠧᠷᠭᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠺᠣᠮᠫᠠᠨᠢ ᠵᠡᠷᠭᠡ ᠳᠤ ᠬᠦᠷᠴᠦ ᠰᠢᠨᠵᠢᠯᠡᠨ ᠪᠠᠶᠢᠴᠠᠭᠠᠵᠤ᠂ ᠠᠵᠤ ᠠᠬᠤᠶᠢᠯᠠᠯ ᠤᠨ ᠦᠵᠡᠭᠦᠯᠭᠡ ᠶᠢᠨ ᠲᠢᠩᠬᠢᠮ᠂ ᠦᠢᠯᠡᠳᠪᠦᠷᠢᠯᠡᠯ ᠤᠨ ᠲᠠᠰᠤᠭ ᠢ ᠲᠤᠬᠠᠢ ᠶᠢᠨ ᠭᠠᠵᠠᠷ ᠲᠤᠨᠢ ᠲᠣᠭᠤᠷᠢᠨ ᠦᠵᠡᠵᠦ᠂ ᠠᠵᠤ ᠠᠬᠤᠶᠢᠯᠠᠯ ᠤᠨ ᠬᠥᠭᠵᠢᠯᠲᠡ ᠶᠢᠨ ᠶᠠᠪᠤᠴᠠ᠂ ᠦᠢᠯᠡᠳᠪᠦᠷᠢᠯᠡᠯ ᠡᠵᠡᠩᠨᠡᠯᠲᠡ᠂ ᠵᠠᠬ᠎ᠠ ᠳᠡᠯᠭᠡᠭᠦᠷ ᠤᠨ ᠪᠠᠶᠢᠷᠢᠰᠢᠭᠤᠯᠤᠯᠲᠠ ᠵᠡᠷᠭᠡ ᠪᠠᠶᠢᠳᠠᠯ ᠢ ᠨᠠᠷᠢᠨ ᠣᠶᠢᠯᠠᠭᠠᠵᠤ᠂ ᠭᠤᠣᠯᠳᠠᠭᠤ ᠠᠭᠠᠷ ᠤᠨ ᠠᠵᠤ ᠠᠬᠤᠢ᠂ ᠣᠶᠤᠨᠴᠢ ᠪᠤᠳᠤᠯᠭ᠎ᠠ ᠶᠢᠨ ᠠᠵᠤ ᠦᠢᠯᠡᠰ᠂ ᠰᠢᠨ᠎ᠡ ᠡᠨᠧᠷᠭᠢ ᠶᠢᠨ ᠠᠵᠤ ᠦᠢᠯᠡᠰ᠂ ᠢᠳᠡᠭᠡᠨ ᠤ ᠮᠠᠲ᠋ᠧᠷᠢᠶᠠᠯ ᠤᠨ ᠬᠠᠩᠭᠠᠯᠭ᠎ᠠ ᠶᠢᠨ ᠬᠡᠯᠬᠢᠶ᠎ᠡ ᠶᠢᠨ ᠦᠢᠯᠡᠴᠢᠯᠡᠭᠡ ᠵᠡᠷᠭᠡ ᠲᠠᠯ᠎ᠠ ᠪᠠᠷ ᠭᠦᠨᠵᠡᠭᠡᠢ ᠤᠯᠤᠯᠴᠠᠪᠠ᠃    ᠵᠠᠩ ᠶᠦᠩ ᠸᠧᠨ ᠡᠯ᠎ᠡ ᠠᠵᠤ ᠠᠬᠤᠶᠢᠯᠠᠯ ᠳᠤ ᠵᠢᠨᠢᠩ ᠲᠣᠭᠤᠷᠢᠭ ᠤᠨ ᠡᠬᠢ ᠪᠠᠶᠠᠯᠢᠭ ᠤᠨ ᠳᠠᠪᠠᠭᠤᠯᠢᠭ᠂ ᠠᠵᠤ ᠦᠢᠯᠡᠰ ᠤᠨ ᠪᠠᠶᠢᠷᠢᠰᠢᠭᠤᠯᠤᠯᠲᠠ ᠵᠡᠷᠭᠡ ᠲᠠᠯ᠎ᠠ ᠶᠢᠨ ᠪᠠᠶᠢᠳᠠᠯ ᠢ ᠲᠠᠨᠢᠯᠴᠠᠭᠤᠯᠪᠠ᠃ ᠲᠡᠷᠡ ᠬᠡᠯᠡᠭᠰᠡᠨ ᠨᠢ᠂ ᠵᠢᠨᠢᠩ ᠲᠣᠭᠤᠷᠢᠭ ᠶᠠᠭ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ︽ᠬᠤᠶᠠᠷ ᠶᠡᠭᠡ ᠶᠠᠪᠤᠳᠠᠯ︾ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ︽ᠵᠢᠷᠭᠤᠭᠠᠨ ᠢᠨᠵᠧᠨᠧᠷᠢᠩ︾ ᠢ ᠦᠷᠭᠦᠯᠵᠢᠯᠡᠨ ᠬᠡᠷᠡᠭᠵᠢᠭᠦᠯᠵᠦ᠂ ︽ᠵᠢᠷᠭᠤᠭᠠᠨ ᠠᠵᠢᠯᠯᠠᠭ᠎ᠠ︾ ᠶᠢ ᠯᠠᠪᠳᠠᠭᠤᠨ ᠪᠠᠲᠤᠲᠠᠢ ᠥᠷᠨᠢᠭᠦᠯᠵᠦ ᠪᠠᠶᠢᠨ᠎ᠠ᠃ ᠠᠵᠤ ᠠᠬᠤᠶᠢᠯᠠᠯ ᠤᠨ ᠬᠢᠨ ᠲᠤᠰ ᠪᠡᠶ᠎ᠡ ᠶᠢᠨ ᠳᠠᠪᠠᠭᠤᠯᠢᠭ ᠢᠶᠠᠨ ᠢᠳᠡᠪᠬᠢᠲᠡᠢ ᠪᠠᠳᠠᠷᠠᠭᠤᠯᠵᠤ᠂ ᠬᠥᠭᠵᠢᠯᠲᠡ ᠶᠢᠨ ᠠᠵᠠ ᠲᠣᠬᠢᠶᠠᠯ ᠢ ᠠᠮᠵᠢᠵᠤ᠂ ᠬᠠᠮᠲᠤᠷᠠᠯᠴᠠᠭᠠᠨ ᠤ ᠠᠷᠭ᠎ᠠ ᠵᠠᠮ ᠢᠶᠠᠨ ᠲᠠᠰᠤᠷᠠᠯᠲᠠ ᠦᠭᠡᠢ ᠥᠷᠭᠡᠳᠬᠡᠵᠦ᠂ ᠬᠠᠮᠲᠤᠷᠠᠯᠴᠠᠭᠠᠨ ᠤ ᠲᠦᠷᠦᠯ ᠵᠦᠢᠯ ᠢ ᠡᠷᠲᠡᠬᠡᠨ ᠨᠠᠶᠢᠳᠠᠪᠤᠷᠢᠵᠢᠭᠤᠯᠬᠤ ᠶᠢ ᠬᠦᠰᠡᠵᠦ ᠪᠠᠶᠢᠨ᠎ᠠ  ᠭᠡᠵᠡᠢ᠃ ᠵᠢᠨᠢᠩ ᠲᠣᠭᠤᠷᠢᠭ ︽ᠠᠵᠤ ᠠᠬᠤᠶᠢᠯᠠᠯ ᠢ ᠳᠡᠮᠵᠢᠬᠦ ᠠᠵᠢᠯᠯᠠᠭ᠎ᠠ︾ ᠪᠠᠷ ᠭᠠᠷᠳᠠᠴᠠ ᠪᠣᠯᠭᠠᠵᠤ᠂ ᠬᠤᠳᠠᠯᠳᠤᠭ᠎ᠠ  ᠡᠷᠬᠢᠯᠡᠬᠦ ᠣᠷᠴᠢᠨ ᠨᠦᠭᠦᠴᠡᠯ ᠢ ᠦᠷᠭᠦᠯᠵᠢᠯᠡᠨ ᠰᠢᠯᠢᠳᠡᠭᠵᠢᠭᠦᠯᠵᠦ᠂ ᠦᠢᠯᠡᠴᠢᠯᠡᠭᠡᠨ ᠤ ᠪᠠᠲᠤᠯᠠᠭ᠎ᠠ ᠶᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠵᠠᠰᠠᠭ ᠠᠵᠤ ᠠᠬᠤᠶᠢᠯᠠᠯ ᠬᠤᠶᠠᠷ ᠲᠠᠯ᠎ᠠ ᠶᠢᠨ ᠬᠠᠷᠢᠯᠴᠠᠨ ᠠᠰᠢᠭᠲᠠᠢ ᠪᠠᠶᠢᠬᠤ᠂ ᠬᠠᠮᠲᠤᠷᠠᠯᠴᠠᠭ᠎ᠠ ᠬᠢᠵᠦ ᠬᠠᠮᠲᠤᠪᠠᠷ ᠠᠰᠢᠭ ᠬᠦᠷᠳᠡᠬᠦ ᠶᠢ ᠴᠢᠷᠮᠠᠶᠢᠨ ᠪᠡᠶᠡᠯᠡᠭᠦᠯᠦᠨ᠎ᠡ ᠭᠡᠵᠡᠢ᠃    ᠯᠢ ᠵᠢᠩ᠂ ᠵᠠᠩ ᡁᠢ ᠷᠦᠩ ᠰᠢᠨᠵᠢᠯᠡᠨ ᠪᠠᠶᠢᠴᠠᠭᠠᠬᠤ ᠳᠤ ᠣᠷᠣᠯᠴᠠᠪᠠ᠃   
 
ᠢᠷᠡᠯᠲᠡ᠄ ᠵᠢᠨᠢᠩ ᠲᠣᠭᠤᠷᠢᠭ ᠤᠨ ᠵᠠᠰᠠᠭ ᠤᠨ ᠣᠷᠳᠣᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2