ᠵᠢᠨᠢᠩ ᠲᠣᠭᠤᠷᠢᠭ ᠤᠨ ᠨᠠᠮ ᠤᠨ ᠬᠤᠷᠢᠶ᠎ᠠ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠤᠨ ᠨᠣᠮ ᠤᠩᠰᠢᠬᠤ ᠠᠩᠭᠢ ᠡᠷᠬᠢᠯᠡᠪᠡ
ᠨᠡᠶᠢᠲᠡᠯᠡᠭᠰᠡᠨ ᠴᠠᠭ᠄
2025/3/27
    3 ᠰᠠᠷ᠎ᠠ ᠶᠢᠨ 25 ᠤ ᠡᠳᠦᠷ ᠠᠴᠠ 26 ᠤ ᠡᠳᠦᠷ ᠪᠣᠯᠲᠠᠯ᠎ᠠ᠂ ᠵᠢᠨᠢᠩ ᠲᠣᠭᠤᠷᠢᠭ ᠤᠨ ᠨᠠᠮ ᠤᠨ ᠬᠤᠷᠢᠶ᠎ᠠ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠤᠨ ᠨᠣᠮ ᠤᠩᠰᠢᠬᠤ ᠠᠩᠭᠢ ᠶᠢ ᠡᠷᠭᠢᠯᠡᠵᠦ᠂ ᠪᠥᠬᠦ ᠲᠣᠭᠤᠷᠢᠭ ᠤᠨ ᠡᠯ᠎ᠡ ᠱᠠᠲᠤᠨ ᠤ ᠨᠠᠮ ᠤᠨ ᠭᠡᠰᠢᠭᠦᠨ ᠤᠳᠤᠷᠢᠳᠬᠤ ᠺᠠᠳ᠋ᠷᠴᠤᠳ ᠤᠨ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠴᠥᠬᠦᠷᠡᠰᠢ ᠥᠬᠡᠶ ᠨᠠᠶᠢᠳᠠᠪᠤᠷᠢᠵᠢᠭᠤᠯᠵᠤ᠂ ᠰᠤᠷᠲᠠᠯ ᠤᠨ ᠪᠠᠶᠢᠭᠤᠯᠤᠯᠲᠠ ᠶᠢ ᠪᠠᠶᠢᠩᠭᠤᠵᠢᠭᠤᠯᠵᠤ ᠣᠷᠳᠣ ᠬᠤᠭᠤᠴᠠᠭ᠎ᠠ ᠪᠠᠷ ᠪᠦᠲᠦᠮᠵᠢᠲᠡᠶ ᠪᠣᠯᠭᠠᠬᠤ ᠶᠢ ᠵᠢᠱᠢᠶ᠎ᠡ ᠦᠵᠡᠭᠦᠯᠦᠨ ᠳᠠᠶᠢᠴᠢᠯᠠᠪᠠ᠃    ᠲᠣᠰ ᠤᠳᠠᠭᠠᠨ ᠤ ᠨᠣᠮ ᠤᠩᠰᠢᠬᠤ ᠠᠩᠭᠢ ᠶᠢᠨ ᠭᠤᠤᠯ ᠰᠡᠳᠦᠪ ᠪᠣᠯ ᠶᠡᠷᠦᠩᠬᠡᠶ ᠱᠦᠵᠢ ᠰᠢ ᠶᠢᠨ ᠫᠢᠩ ᠤᠨ ᠨᠠᠮ ᠤᠨ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠬᠤ ᠲᠤᠬᠠᠶ ᠴᠢᠬᠤᠯᠠ ᠥᠭᠦᠯᠡᠯᠲᠡ ᠶᠢ ᠬᠢᠨᠠᠮᠠᠭᠠᠶ ᠰᠤᠷᠤᠯᠴᠠᠨ ᠣᠶᠢᠯᠠᠭᠠᠵᠤ᠂ ᠲᠥᠪ ᠤᠨ ᠨᠠᠢᠮᠠᠨ ᠲᠣᠭᠲᠠᠭᠠᠯ ᠵᠢᠴᠢ ᠲᠡᠭᠦᠨ ᠤ ᠬᠡᠷᠡᠭᠵᠢᠭᠦᠯᠬᠦ ᠨᠠᠷᠢᠨ ᠲᠦᠷᠢᠮ ᠤᠨ ᠵᠣᠷᠢᠭ ᠰᠠᠨᠠᠭ᠎ᠠ ᠶᠢ ᠰᠤᠷᠤᠯᠴᠠᠨ ᠣᠶᠢᠯᠠᠭᠠᠬᠤ ᠪᠠ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ︽ᠬᠤᠶᠠᠷ ᠢ ᠲᠣᠭᠲᠠᠭᠠᠬᠤ︾ ᠶᠢᠨ ᠰᠢᠢᠳᠪᠦᠷᠢᠯᠡᠭᠴᠢ ᠴᠢᠨᠠᠷᠲᠠᠶ ᠠᠴᠢ ᠬᠤᠯᠪᠣᠭᠳᠠᠯ ᠢ ᠭᠦᠨᠵᠡᠭᠡᠶ ᠣᠶᠢᠯᠠᠭᠠᠵᠤ᠂ ᠲᠥᠪ ᠤᠨ ᠨᠠᠢᠮᠠᠨ ᠲᠣᠭᠲᠠᠭᠠᠯ ᠵᠢᠴᠢ ᠬᠡᠷᠡᠭᠵᠢᠭᠦᠯᠬᠦ ᠨᠠᠷᠢᠨ ᠲᠦᠷᠢᠮ ᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠤᠬᠠᠮᠰᠠᠷᠲᠤ ᠴᠢᠨᠠᠷ ᠡᠷᠡᠰ ᠪᠠᠲᠤ ᠴᠢᠨᠠᠷ ᠢ ᠴᠢᠩᠭᠠᠳᠬᠠᠵᠤ᠂ ᠪᠣᠳᠠᠲᠤ ᠠᠵᠢᠯᠯᠠᠭ᠎ᠠ ᠪᠠᠷ ᠢᠶᠠᠨ ︽ᠬᠤᠶᠠᠷ ᠢ ᠬᠠᠮᠠᠭᠠᠯᠠᠬᠤ︾ ᠶᠢ ᠦᠢᠯᠡᠳᠦᠯᠭᠡᠵᠢᠭᠦᠯᠦᠨ᠎ᠡ ᠃ ᠨᠣᠮ ᠤᠩᠰᠢᠬᠤ ᠠᠩᠭᠢ ᠳᠤ ᠲᠤᠰᠬᠠᠶ ᠰᠡᠳᠦᠪᠲᠦ ᠲᠠᠶᠢᠯᠤᠮᠵᠢ ᠬᠢᠬᠦ᠂ ᠲᠥᠪᠯᠡᠷᠡᠭᠦᠯᠦᠨ ᠰᠤᠷᠤᠯᠴᠠᠬᠤ᠂ ᠬᠤᠪᠢ ᠬᠥᠮᠦᠨ ᠥᠪᠡᠰᠦᠪᠡᠨ ᠰᠤᠷᠤᠯᠴᠠᠬᠤ ᠵᠡᠷᠭᠡ ᠠᠷᠭ᠎ᠠ ᠮᠠᠶ᠋ᠢᠭ ᠢᠶᠠᠷ ᠶᠠᠪᠤᠭᠳᠠᠵᠤ᠂ ᠰᠤᠷᠤᠯᠴᠠᠬᠤ ᠠᠭᠤᠯᠭ᠎ᠠ ᠳᠤ ᠭᠤᠤᠯᠳᠠᠭᠤ ︽ᠰᠢ ᠶᠢᠨ ᠫᠢᠩ ᠤᠨ ᠨᠠᠮ ᠤᠨ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠬᠤ ᠲᠤᠬᠠᠶ ᠥᠭᠦᠯᠡᠯᠲᠡ ᠶᠢᠨ ᠲᠡᠭᠦᠪᠦᠷᠢ︾ ᠵᠢᠴᠢ ᠲᠥᠪ ᠤᠨ ᠨᠠᠢᠮᠠᠨ ᠲᠣᠭᠲᠠᠭᠠᠯ ᠵᠢᠴᠢ ᠬᠡᠷᠡᠭᠵᠢᠭᠦᠯᠬᠦ ᠨᠠᠷᠢᠨ ᠲᠦᠷᠢᠮ ᠤᠨ ᠵᠣᠷᠢᠭ ᠰᠠᠨᠠᠭᠠᠨ ᠤ ᠬᠠᠮᠢᠶ᠎ᠠ ᠪᠥᠬᠦᠶ ᠪᠢᠴᠢᠭ ᠮᠠᠲ᠋ᠧᠷᠢᠶᠠᠯ ᠢ ᠪᠠᠭᠲᠠᠭᠠᠨ᠎ᠠ᠃       ᠨᠠᠶᠢᠷᠠᠭᠤᠯᠤᠭᠴᠢ᠄ ᠸᠠᠩ ᠵᠢᠩ ᠵᠢᠩ᠂ ᠴᠢᠶᠣᠣ ᠮᠢᠨ ᠮᠢᠨ       ᠣᠷᠴᠢᠭᠤᠯᠤᠭᠴᠢ᠄ ᠳ᠋ᠥᠩ ᠾᠦᠢ
 
ᠢᠷᠡᠯᠲᠡ᠄ ᠵᠢᠨᠢᠩ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2