ᠤᠯᠠᠭᠠᠨᠴᠠᠪ ᠬᠤᠲᠠ ᠶᠢᠨ ᠵᠢᠨᠢᠩ ᠲᠣᠭᠤᠷᠢᠭ ᠤᠨ ᠮᠠ ᠯᠢᠶᠠᠨ ᠴᠢᠦᠶ ᠰᠢᠶᠠᠩ ᠤᠨ ᠪᠠ ᠸᠠᠩ ᠾᠧ ᠵᠢᠶᠠᠩᠨᠠᠭᠰᠠᠨ ᠨᠣᠭᠤᠭ᠎ᠠ ᠪᠣᠯᠪᠠᠰᠤᠷᠠᠭᠤᠯᠬᠤ ᠦᠢᠯᠡᠳᠪᠦᠷᠢ ᠶᠢᠨ ᠲᠥᠷᠥᠯ ᠵᠦᠶᠯ ᠤᠨ ᠨᠡᠶᠢᠭᠡᠮ ᠤᠨ ᠲᠣᠭᠲᠠᠭᠤᠨ ᠤ ᠠᠶᠤᠯ ᠲᠦᠭᠰᠢᠭᠦᠷᠢ ᠶᠢ ᠦᠨᠡᠯᠡᠨ ᠵᠢᠱᠢᠬᠦ ᠠᠯᠪᠠᠨ ᠭᠡᠷ ᠵᠢᠴᠢ ᠰᠠᠨᠠᠯ ᠬᠤᠷᠢᠶᠠᠬᠤ ᠠᠯᠪᠠᠨ ᠵᠠᠷ
ᠨᠡᠶᠢᠲᠡᠯᠡᠭᠰᠡᠨ ᠴᠠᠭ᠄
2025/3/27
   ᠨᠡᠶᠢᠭᠡᠮ ᠤᠨ ᠡᠯ᠎ᠡ ᠡᠲᠡᠭᠡᠳ᠂ ᠡᠯ᠎ᠡ ᠠᠰᠢᠭ ᠬᠤᠤᠷ ᠤᠨ ᠬᠠᠷᠢᠴᠠᠭ᠎ᠠ ᠲᠠᠢ ᠬᠥᠮᠦᠨ᠄   ᠨᠡᠶᠢᠭᠡᠮ ᠤᠨ ᠡᠯ᠎ᠡ ᠡᠲᠡᠭᠡᠳ ᠤᠨ ᠬᠢᠨ ᠤ ︽ᠤᠯᠠᠭᠠᠨᠴᠠᠪ ᠬᠤᠲᠠ ᠶᠢᠨ ᠵᠢᠨᠢᠩ ᠲᠣᠭᠤᠷᠢᠭ ᠤᠨ ᠮᠠ ᠯᠢᠶᠠᠨ ᠴᠢᠦᠶ ᠰᠢᠶᠠᠩ ᠤᠨ ᠪᠠ ᠸᠠᠩ ᠾᠧ ᠵᠢᠶᠠᠩᠨᠠᠭᠰᠠᠨ ᠨᠣᠭᠤᠭ᠎ᠠ ᠪᠣᠯᠪᠠᠰᠤᠷᠠᠭᠤᠯᠬᠤ ᠦᠢᠯᠡᠳᠪᠦᠷᠢ ᠶᠢᠨ ᠲᠥᠷᠥᠯ ᠵᠦᠶᠯ ︾ ᠤᠨ ᠨᠡᠶᠢᠭᠡᠮ ᠤᠨ ᠲᠣᠭᠲᠠᠭᠤᠨ ᠤ ᠠᠶᠤᠯ ᠲᠦᠭᠰᠢᠭᠦᠷᠢ ᠶᠢ ᠦᠨᠡᠯᠡᠨ ᠵᠢᠱᠢᠬᠦ ᠠᠵᠢᠯ ᠢ ᠰᠠᠶᠢᠲᠤᠷ ᠬᠢᠬᠦ ᠶᠢᠨ ᠲᠥᠯᠥᠭᠡ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠢᠬᠤᠯᠠ ᠶᠡᠭᠡ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠶᠢᠨ ᠲᠥᠷᠥᠯ ᠵᠦᠶᠯ ᠤᠨ ᠪᠥᠲᠥᠭᠡᠨ ᠪᠠᠶᠢᠭᠤᠯᠤᠯᠲᠠ ᠶᠢᠨ ᠨᠡᠶᠢᠭᠡᠮ ᠤᠨ ᠲᠣᠭᠲᠠᠭᠤᠨ ᠤ ᠠᠶᠤᠯ ᠲᠦᠭᠰᠢᠭᠦᠷᠢ ᠶᠢ ᠦᠨᠡᠯᠡᠨ ᠵᠢᠱᠢᠬᠦ ᠲᠦᠷ ᠬᠡᠷᠡᠭᠵᠢᠭᠦᠯᠬᠦ ᠠᠷᠭ᠎ᠠ︾ ︵ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠠᠯᠪᠠᠨ ᠲᠢᠩᠬᠢᠮ ᠤᠨ ᠴᠢᠬᠤᠯᠠ ᠶᠡᠭᠡ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠶᠢᠨ ᠲᠥᠷᠥᠯ ᠵᠦᠶᠯ ᠤᠨ ᠨᠡᠶᠢᠭᠡᠮ ᠤᠨ ᠲᠣᠭᠲᠠᠭᠤᠨ ᠤ ᠠᠶᠤᠯ ᠲᠦᠭᠰᠢᠭᠦᠷᠢ ᠶᠢ ᠵᠠᠳᠠᠯᠬᠤ ᠬᠠᠭᠤᠳᠠᠰᠤ ᠪᠠ ᠦᠨᠡᠯᠡᠨ ᠵᠢᠱᠢᠭᠰᠡᠨ ᠮᠡᠳᠡᠭᠦᠯᠦᠯᠲᠡ ᠶᠢ ᠨᠠᠶᠢᠷᠠᠭᠤᠯᠤᠨ ᠵᠣᠬᠢᠶᠠᠬᠤ ᠬᠥᠲᠥᠯᠪᠦᠷᠢ ︵ᠲᠤᠷᠰᠢᠨ ᠬᠡᠷᠡᠭᠵᠢᠭᠦᠯᠬᠦ︶ ᠶᠢ ᠳᠠᠷᠤᠮᠠᠯᠯᠠᠨ ᠲᠠᠷᠬᠠᠭᠠᠬᠤ ᠲᠤᠬᠠᠶ ᠮᠡᠳᠡᠭᠳᠡᠯ︾ ︵ᠥᠪᠥᠷ ᠬᠥᠭᠵᠢᠭᠦᠯᠦᠯᠲᠡ ᠥᠭᠡᠷᠡᠴᠢᠯᠡᠯᠲᠡ ᠶᠢᠨ ᠠᠯᠪᠠᠨ ᠬᠡᠷ ᠤᠨ ᠪᠠᠯᠠ ᠣᠷᠣᠭᠤᠯᠤᠯᠲᠠ︶ ︹2013︺ 428 ᠳ᠋ᠤᠭᠠᠷ ᠲᠣᠭᠠᠲᠤ︶ ᠪᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠢᠬᠤᠯᠠ ᠶᠡᠭᠡ ᠵᠦᠶᠯᠡᠰ ᠤᠨ ᠨᠡᠶᠢᠭᠡᠮ ᠤᠨ ᠲᠣᠭᠲᠠᠭᠤᠨ ᠤ ᠠᠶᠤᠯ ᠲᠦᠭᠰᠢᠭᠦᠷᠢ ᠶᠢ ᠦᠨᠡᠯᠡᠨ ᠵᠢᠱᠢᠬᠦ ᠠᠵᠢᠯᠯᠠᠭᠠᠨ ᠤ ᠲᠦᠷᠢᠮ ︵ᠲᠤᠷᠰᠢᠨ ᠬᠡᠷᠡᠭᠵᠢᠭᠦᠯᠬᠦ︶︾ ︵ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠢᠬᠤᠯᠠ ᠶᠡᠭᠡ ᠵᠦᠶᠯᠡᠰ ᠤᠨ ᠨᠡᠶᠢᠭᠡᠮ ᠤᠨ ᠲᠣᠭᠲᠠᠭᠤᠨ ᠤ ᠠᠶᠤᠯ ᠲᠦᠭᠰᠢᠭᠦᠷᠢ ᠶᠢ ᠦᠨᠡᠯᠡᠨ ᠵᠢᠱᠢᠬᠦ ᠠᠵᠢᠯᠯᠠᠭᠠᠨ ᠤ ᠲᠦᠷᠢᠮ ︵ᠲᠤᠷᠰᠢᠨ ᠬᠡᠷᠡᠭᠵᠢᠭᠦᠯᠬᠦ︶︾ ︵ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠢᠬᠤᠯᠠ ᠶᠡᠭᠡ ᠵᠦᠶᠯᠡᠰ ᠤᠨ ᠨᠡᠶᠢᠭᠡᠮ ᠤᠨ ᠲᠣᠭᠲᠠᠭᠤᠨ ᠤ ᠠᠶᠤᠯ ᠲᠦᠭᠰᠢᠭᠦᠷᠢ ᠶᠢ ᠦᠨᠡᠯᠡᠨ ᠵᠢᠱᠢᠬᠦ ᠠᠵᠢᠯᠯᠠᠭᠠᠨ ᠤ ᠲᠦᠷᠢᠮ ︵ᠲᠤᠷᠰᠢᠨ ᠬᠡᠷᠡᠭᠵᠢᠭᠦᠯᠬᠦ︶︾ ︵ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠢᠬᠤᠯᠠ ᠶᠡᠭᠡ ᠵᠦᠶᠯᠡᠰ ᠤᠨ ᠨᠡᠶᠢᠭᠡᠮ ᠤᠨ ᠲᠣᠭᠲᠠᠭᠤᠨ ᠤ ᠠᠶᠤᠯ ᠲᠦᠭᠰᠢᠭᠦᠷᠢ ᠶᠢ ᠦᠨᠡᠯᠡᠨ ᠵᠢᠱᠢᠬᠦ ᠠᠵᠢᠯ ᠤᠨ ᠲᠤᠬᠠᠶ ᠲᠣᠭᠲᠠᠭᠠᠯ ᠤᠨ ᠱᠠᠭᠠᠷᠳᠠᠯᠭ᠎ᠠ ᠶᠢ ᠭᠦᠢᠴᠡᠳ ᠣᠶᠢᠯᠠᠭᠠᠵᠤ᠂ ᠡᠳᠦᠭᠡ ᠲᠣᠰ ᠲᠥᠷᠥᠯ ᠵᠦᠶᠯ ᠤᠨ ᠦᠨᠳᠦᠰᠦᠨ ᠪᠠᠶᠢᠳᠠᠯ ᠵᠢᠴᠢ ᠬᠤᠯᠪᠣᠭᠳᠠᠬᠤ ᠠᠭᠤᠯᠭ᠎ᠠ ᠶᠢ ᠳᠣᠤᠷᠠᠬᠢ ᠮᠡᠲᠦ ᠵᠠᠷᠯᠠᠬᠤ ᠶᠢᠨ ᠬᠠᠮᠲᠤ ᠣᠯᠠᠨ ᠲᠦᠮᠡᠨ ᠤ ᠰᠠᠨᠠᠯ ᠢ ᠬᠤᠷᠢᠶᠠᠪᠠ᠃    ᠨᠢᠭᠡ᠂ ᠲᠥᠷᠥᠯ ᠵᠦᠢᠯ ᠤᠨ ᠦᠨᠳᠦᠰᠦᠨ ᠪᠠᠶᠢᠳᠠᠯ    1. ᠲᠥᠷᠥᠯ ᠵᠦᠢᠯ ᠤᠨ ᠨᠡᠷᠡᠶᠢᠳᠦᠯ᠄ ᠤᠯᠠᠭᠠᠨᠴᠠᠪ ᠬᠤᠲᠠ ᠶᠢᠨ ᠵᠢᠨᠢᠩ ᠲᠣᠭᠤᠷᠢᠭ ᠤᠨ ᠮᠠ ᠯᠢᠶᠠᠨ ᠴᠢᠦᠶ ᠰᠢᠶᠠᠩ ᠤᠨ ᠪᠠ ᠸᠠᠩ ᠾᠧ ᠵᠢᠶᠠᠩ ᠲᠠᠢ ᠨᠣᠭᠤᠭ᠎ᠠ ᠪᠣᠯᠪᠠᠰᠤᠷᠠᠭᠤᠯᠬᠤ ᠦᠢᠯᠡᠳᠪᠦᠷᠢ ᠶᠢᠨ ᠲᠥᠷᠥᠯ ᠵᠦᠢᠯ᠃    2. ᠲᠥᠷᠥᠯ ᠵᠦᠶᠯ ᠤᠨ ᠨᠢᠭᠡᠴᠡ᠄ ᠵᠢᠨᠢᠩ ᠲᠣᠭᠤᠷᠢᠭ ᠤᠨ ᠮᠠ ᠯᠢᠶᠠᠨ ᠴᠢᠦᠶ ᠰᠢᠶᠠᠩ ᠤᠨ ᠪᠠ ᠸᠠᠩ ᠾᠧ ᠲᠣᠰᠬᠤᠨ ᠤ ᠬᠤᠪᠢ ᠣᠷᠣᠭᠤᠯᠤᠭᠰᠠᠨ ᠠᠵᠤ ᠠᠬᠤᠶ ᠶᠢᠨ ᠬᠤᠷᠰᠢᠶᠠᠵᠢᠯ︔    3. ᠲᠥᠷᠥᠯ ᠵᠦᠶᠯ ᠤᠨ ᠭᠠᠵᠠᠷ ᠣᠷᠣᠨ᠄ ᠵᠢᠨᠢᠩ ᠲᠣᠭᠤᠷᠢᠭ ᠤᠨ ᠮᠠ ᠯᠢᠶᠠᠨ ᠴᠢᠦᠶ ᠰᠢᠶᠠᠩ ᠤᠨ ᠪᠠ ᠸᠠᠩ ᠾᠧ ᠲᠣᠰᠬᠤᠨ︔    4. ᠭᠠᠵᠠᠷ ᠬᠡᠷᠡᠭᠯᠡᠬᠦ ᠲᠠᠯᠠᠪᠠᠶ᠄ ᠲᠥᠷᠥᠯ ᠵᠦᠢᠯ ᠤᠨ ᠲᠥᠯᠥᠪᠵᠢᠭᠦᠯᠬᠦ ᠪᠠᠷ ᠲᠥᠯᠥᠪᠯᠡᠵᠦ ᠪᠠᠶᠢᠭ᠎ᠠ ᠭᠠᠵᠠᠷ 1.7712 ᠾᠧᠺᠲ᠋ᠠᠷ︔    5. ᠪᠠᠶᠢᠭᠤᠯᠬᠤ ᠠᠭᠤᠯᠭ᠎ᠠ ᠪᠠ ᠬᠡᠪᠴᠢᠶ᠎ᠡ᠄ ᠰᠢᠨ᠎ᠡ ᠪᠠᠷ ᠪᠠᠶᠢᠭᠤᠯᠬᠤ ᠪᠣᠯᠪᠠᠰᠤᠷᠠᠭᠤᠯᠬᠤ ᠲᠠᠰᠤᠭ 2000 ᠲᠡᠭᠰᠢ ᠳᠥᠷᠪᠡᠯᠵᠢᠨ ᠮᠧᠲᠷ᠂ ᠬᠦᠢᠲᠡᠨ ᠬᠥᠮᠥᠷᠭᠡ 300 ᠲᠡᠭᠰᠢ ᠳᠥᠷᠪᠡᠯᠵᠢᠨ ᠮᠧᠲᠷ᠂ ᠠᠯᠪᠠᠯᠠᠬᠤ ᠭᠡᠷ 800 ᠲᠡᠭᠰᠢ ᠳᠥᠷᠪᠡᠯᠵᠢᠨ ᠮᠧᠲᠷ︔    6. ᠪᠥᠲᠥᠭᠡᠨ ᠪᠠᠶᠢᠭᠤᠯᠬᠤ ᠠᠵᠢᠯ ᠤᠨ ᠬᠤᠭᠤᠴᠠᠭ᠎ᠠ᠄ 2025 ᠣᠨ ᠤ 4 ᠰᠠᠷ᠎ᠠ ᠠᠴᠠ 2025 ᠣᠨ ᠤ 12 ᠰᠠᠷ᠎ᠠ ᠪᠣᠯᠲᠠᠯ᠎ᠠ︔    7. ᠪᠡᠯᠡ ᠣᠷᠣᠭᠤᠯᠤᠯᠲᠠ ᠶᠢᠨ ᠬᠡᠪᠴᠢᠶ᠎ᠡ᠄ ᠪᠡᠯᠡ ᠣᠷᠣᠭᠤᠯᠤᠯᠲᠠ ᠶᠢᠨ ᠶᠡᠷᠦᠩᠬᠡᠢ ᠬᠡᠮᠵᠢᠶ᠎ᠡ ᠨᠢ 300 ᠲᠦᠮᠡᠨ ᠲᠥᠭᠦᠷᠢᠭ᠂ ᠡᠭᠦᠨ ᠳᠤ ᠥᠪᠡᠷ ᠤᠨ ᠪᠡᠯᠡ ᠮᠥᠩᠭᠦ ᠨᠢ 300 ᠲᠦᠮᠡᠨ ᠲᠥᠭᠦᠷᠢᠭ᠂ ᠪᠠᠩᠬᠢ ᠶᠢᠨ ᠵᠢᠭᠡᠯᠡᠯᠭᠡ ᠭᠤᠶᠤᠴᠢᠯᠠᠬᠤ ᠳᠤ᠂ 0 ᠲᠦᠮᠡᠨ ᠲᠥᠭᠦᠷᠢᠭ᠂ ᠪᠤᠰᠤᠳ ᠲᠦᠮᠡᠨ ᠲᠥᠭᠦᠷᠢᠭ ᠪᠣᠯᠣᠨ᠎ᠠ᠃    ᠬᠤᠶᠠᠷ᠂ ᠪᠦᠲᠦᠭᠡᠨ ᠪᠠᠶᠢᠭᠤᠯᠤᠯᠲᠠ ᠶᠢᠨ ᠨᠢᠭᠡᠴᠢ    ᠪᠦᠲᠦᠭᠡᠨ ᠪᠠᠶᠢᠭᠤᠯᠤᠯᠲᠠ ᠶᠢᠨ ᠨᠢᠭᠡᠴᠡ᠄ ᠤᠯᠠᠭᠠᠨᠴᠠᠪ ᠬᠤᠲᠠ ᠶᠢᠨ ᠵᠢᠨᠢᠩ ᠲᠣᠭᠤᠷᠢᠭ ᠤᠨ ᠮᠠ ᠯᠢᠶᠠᠨ ᠴᠢᠦᠶ ᠰᠢᠶᠠᠩ ᠤᠨ ᠠᠷᠠᠳ ᠤᠨ ᠵᠠᠰᠠᠭ ᠤᠨ ᠣᠷᠳᠣᠨ    ᠬᠠᠷᠢᠯᠴᠠᠬᠤ ᠬᠥᠮᠦᠨ᠄ ᠲᠢᠶᠠᠨ ᠠᠪᠤᠭᠠᠢ    ᠤᠲᠠᠰᠤ᠄ 0474 - 8301862    ᠭᠤᠷᠪᠠ᠂ ᠦᠨᠡᠯᠡᠨ ᠵᠢᠱᠢᠬᠦ ᠨᠢᠭᠡᠴᠡ    ᠦᠨᠡᠯᠡᠨ ᠵᠢᠱᠢᠬᠦ ᠨᠢᠭᠡᠴᠡ᠄ ᠵᠥᠩ ᠮᠢᠩ ᠢᠨᠵᠧᠨᠧᠷᠢᠩ ᠤᠨ ᠵᠢᠷᠤᠭ ᠲᠥᠯᠥᠪᠯᠡᠭᠡ ᠶᠢᠨ ᠯᠠᠪᠯᠠᠯᠭ᠎ᠠ ᠶᠢᠨ ᠬᠢᠵᠠᠭᠠᠷᠲᠤ ᠺᠣᠮᠫᠠᠨᠢ    ᠬᠠᠷᠢᠯᠴᠠᠬᠤ ᠬᠥᠮᠥᠨ᠄ ᠪᠠᠭᠠᠲᠤᠷ ᠠᠪᠠᠭ᠋ᠠᠢ    ᠤᠲᠠᠰᠤ᠄ 0474 - 8214628    ᠬᠤᠶᠠᠷ᠂ ᠲᠥᠷᠥᠯ ᠵᠦᠢᠯ ᠣᠷᠣᠰᠢᠵᠤ ᠮᠡᠳᠡᠬᠦ ᠨᠡᠶᠢᠭᠡᠮ ᠤᠨ ᠲᠣᠭᠲᠠᠭᠤᠨ ᠪᠠᠶᠢᠳᠠᠯ ᠢ ᠨᠥᠯᠥᠭᠡᠯᠡᠬᠦ ᠠᠶᠤᠯ ᠲᠦᠭᠰᠢᠭᠦᠷᠢ ᠶᠢᠨ ᠲᠦᠢᠮᠣ ᠪᠠᠶᠢᠳᠠᠯ    ᠲᠣᠰ ᠲᠥᠷᠥᠯ ᠵᠦᠶᠯ ᠨᠢ ᠨᠡᠶᠢᠭᠡᠮ ᠤᠨ ᠲᠣᠭᠲᠠᠭᠤᠨ ᠪᠠᠶᠢᠳᠠᠯ ᠢ ᠨᠥᠯᠥᠭᠡᠯᠡᠬᠦ ᠠᠶᠤᠯ ᠲᠦᠭᠰᠢᠭᠦᠷᠢ ᠡᠭᠦᠰᠬᠦ ᠪᠣᠯᠤᠯᠴᠠᠭ᠎ᠠ ᠨᠢ ᠭᠤᠤᠯᠳᠠᠭᠤ ᠳᠣᠤᠷᠠᠬᠢ ᠬᠡᠳᠦᠨ ᠲᠠᠯ᠎ᠠ ᠪᠣᠯᠤᠨ᠎ᠠ᠄    ᠪᠠᠷᠢᠯᠭ᠎ᠠ ᠪᠠᠷᠢᠬᠤ ᠬᠤᠭᠤᠴᠠᠭᠠᠨ ᠤ ᠡᠷᠬᠢᠨ ᠲᠣᠭᠤᠷᠢᠨ ᠤ ᠵᠠᠮ ᠬᠠᠷᠢᠯᠴᠠᠭ᠎ᠠ ᠳᠤ ᠦᠵᠡᠭᠦᠯᠬᠦ ᠨᠥᠯᠥᠭᠡ︔ ᠠᠮᠢ ᠠᠬᠤᠶ ᠶᠢᠨ ᠣᠷᠴᠢᠨ ᠲᠣᠭᠤᠷᠢᠨ ᠳᠤ ᠦᠵᠡᠭᠦᠯᠬᠦ ᠨᠥᠯᠥᠭᠡ︔ ᠪᠠᠷᠢᠯᠭ᠎ᠠ ᠪᠠᠷᠢᠬᠤ ᠬᠤᠭᠤᠴᠠᠭᠠᠨ ᠳᠤ ᠡᠭᠦᠰᠦᠭᠰᠡᠨ ᠱᠤᠤᠭᠢᠶᠠᠨ᠂ ᠲᠣᠭᠤᠰᠣ ᠳᠡᠭᠳᠡᠬᠦ᠂ ᠪᠣᠬᠢᠷ ᠤᠰᠤ ᠵᠢᠴᠢ ᠬᠠᠲᠠᠭᠤ ᠪᠡᠶᠡᠲᠦ ᠬᠠᠶᠠᠭᠳᠠᠮᠠᠯ ᠪᠣᠳᠠᠰ ᠤᠨ ᠨᠥᠯᠥᠭᠡ︔ ᠪᠠᠷᠢᠯᠭ᠎ᠠ ᠪᠠᠷᠢᠬᠤ ᠬᠤᠭᠤᠴᠠᠭᠠᠨ ᠳᠠᠬᠢ ᠠᠮᠤᠷ ᠲᠦᠪᠰᠢᠨ ᠤ ᠨᠥᠯᠥᠭᠡ︔ ᠵᠢᠱᠢᠶᠡᠯᠡᠪᠡᠯ ᠮᠧᠬᠠᠨᠢᠭ ᠭᠡᠮᠲᠦᠯ᠂ ᠴᠠᠬᠢᠯᠭᠠᠨ ᠤ ᠭᠡᠮᠲᠦᠯ᠂ ᠭᠠᠯ ᠤᠨ ᠠᠶᠤᠯ ᠵᠡᠷᠭᠡ︔ ᠪᠠᠷᠢᠯᠭ᠎ᠠ ᠶᠢᠨ ᠠᠵᠢᠯ ᠤᠨ ᠬᠤᠭᠤᠴᠠᠭᠠᠨ ᠳᠠᠬᠢ ᠨᠡᠭᠦᠳᠡᠯ ᠬᠥᠮᠦᠨ ᠠᠮᠠ ᠶᠢᠨ ᠬᠠᠮᠢᠶᠠᠷᠤᠯᠲᠠ ᠬᠢᠭᠡᠳ ᠨᠡᠶᠢᠭᠡᠮ ᠤᠨ ᠠᠮᠤᠷ ᠲᠦᠪᠰᠢᠨ ᠵᠡᠷᠭᠡ ᠬᠦᠴᠦᠨ ᠵᠦᠢᠯ ᠪᠣᠯᠤᠨ᠎ᠠ᠃    ᠭᠤᠷᠪᠠ᠂ ᠣᠯᠠᠨ ᠨᠡᠶᠢᠲᠡ ᠶᠢᠨ ᠰᠠᠨᠠᠯ ᠢ ᠬᠤᠷᠢᠶᠠᠬᠤ ᠠᠷᠭ᠎ᠠ ᠬᠡᠯᠪᠡᠷᠢ    ᠰᠠᠨᠠᠯ ᠪᠣᠯᠤᠨ ᠰᠠᠨᠠᠭᠤᠯᠭ᠎ᠠ ᠶᠢᠨ ᠥᠷᠭᠡᠨ ᠳᠡᠯᠭᠡᠷ ᠴᠢᠨᠠᠷ ᠢ ᠪᠠᠲᠤᠯᠠᠬᠤ ᠶᠢᠨ ᠲᠤᠰᠠᠳᠠ᠂ ᠲᠤᠰ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠬᠠᠮᠢᠶ᠎ᠠ ᠪᠦᠬᠦᠢ ᠠᠰᠢᠭ ᠲᠤᠰᠠ ᠶᠢᠨ ᠬᠠᠮᠲᠤᠯᠢᠭ ᠤᠨ ᠲᠤᠰ ᠵᠦᠢᠯ ᠤᠨ ᠡᠯ᠎ᠡ ᠲᠠᠯ᠎ᠠ ᠶᠢᠨ ᠪᠠᠶᠢᠳᠠᠯ ᠢ ᠣᠶᠢᠯᠠᠭᠠᠭᠤᠯᠪᠠ᠃    ︵1︶ ᠣᠯᠠᠨ ᠨᠡᠶᠢᠲᠡ ᠶᠢᠨ ᠰᠠᠨᠠᠯ ᠢ ᠬᠤᠷᠢᠶᠠᠬᠤ ᠬᠡᠪᠴᠢᠶ᠎ᠡ᠄ ᠲᠤᠰ ᠲᠥᠷᠥᠯ ᠵᠦᠢᠯ ᠳᠤ ᠬᠤᠯᠪᠣᠭᠳᠠᠭᠰᠠᠨ ᠣᠯᠠᠨ ᠲᠦᠮᠡᠨ ᠢ ᠬᠤᠷᠢᠶᠠᠨ᠎ᠠ    ︵2︶ ᠣᠯᠠᠨ ᠨᠡᠶᠢᠲᠡ ᠶᠢᠨ ᠰᠠᠨᠠᠯ ᠢ ᠬᠤᠷᠢᠶᠠᠬᠤ ᠭᠤᠤᠯ ᠠᠭᠤᠯᠭ᠎ᠠ᠄ ᠪᠠᠶᠢᠭᠤᠯᠬᠤ ᠪᠠᠷ ᠪᠠᠶᠢᠭ᠎ᠠ ᠲᠥᠷᠥᠯ ᠵᠦᠢᠯ ᠨᠢ ᠲᠤᠬᠠᠶ ᠶᠢᠨ ᠭᠠᠵᠠᠷ ᠤᠨ ᠨᠡᠶᠢᠭᠡᠮ ᠤᠨ ᠲᠣᠭᠲᠠᠭᠤᠨ ᠪᠠᠶᠢᠳᠠᠯ ᠤᠨ ᠭᠤᠤᠯ ᠠᠶᠤᠯ ᠲᠦᠭᠰᠢᠭᠦᠷᠢ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠨᠢ ᠲᠤᠬᠠᠶ ᠶᠢᠨ ᠭᠠᠵᠠᠷ ᠤᠨ ᠨᠡᠶᠢᠭᠡᠮ ᠤᠨ ᠲᠣᠭᠲᠠᠭᠤᠨ ᠪᠠᠶᠢᠳᠠᠯ ᠳᠤ ᠦᠵᠡᠭᠦᠯᠬᠦ ᠨᠥᠯᠥᠭᠡ᠂ ᠲᠤᠬᠠᠶ ᠶᠢᠨ ᠭᠠᠵᠠᠷ ᠤᠨ ᠠᠵᠤ ᠠᠬᠤᠶ ᠶᠢᠨ ᠬᠥᠭᠵᠢᠯᠲᠡ ᠳᠤ ᠦᠵᠡᠭᠦᠯᠬᠦ ᠦᠢᠯᠡᠳᠦᠯ᠂ ᠣᠯᠠᠨ ᠨᠡᠶᠢᠲᠡ ᠶᠢᠨ ᠠᠰᠢᠭ ᠲᠤᠰᠠ ᠶᠢ ᠨᠥᠯᠥᠭᠡᠯᠡᠬᠦ ᠡᠰᠡᠬᠦ᠂ ᠶᠠᠮᠠᠷ ᠬᠦᠰᠡᠯ ᠱᠠᠭᠠᠷᠳᠠᠯᠭ᠎ᠠ ᠲᠠᠢ᠂ ᠲᠤᠰ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠳᠤ ᠶᠠᠮᠠᠷ ᠣᠪᠣᠷ ᠲᠠᠢ ᠪᠠᠶᠢᠬᠤ ᠵᠡᠷᠭᠡ ᠪᠣᠯᠤᠨ᠎ᠠ᠃    ︵3︶ ᠣᠯᠠᠨ ᠨᠡᠶᠢᠲᠡ ᠶᠢᠨ ᠰᠠᠨᠠᠯ ᠢ ᠬᠤᠷᠢᠶᠠᠬᠤ ᠠᠷᠭ᠎ᠠ ᠬᠡᠯᠪᠡᠷᠢ᠄ ᠢᠯᠡ ᠨᠡᠶᠢᠲᠡᠯᠡᠬᠦ ᠬᠤᠭᠤᠴᠠᠭᠠᠨ ᠳᠤ᠂ ᠲᠣᠰ ᠲᠥᠷᠥᠯ ᠵᠦᠢᠯ ᠤᠨ ᠡᠭᠦᠰᠴᠦ ᠮᠡᠳᠡᠬᠦ ᠨᠥᠯᠥᠭᠡ ᠪᠠᠨ ᠤᠲᠠᠰᠤ ᠪᠤᠶᠤ ᠹᠠᠺᠰ᠂ ᠡᠯᠧᠺᠲᠷᠣᠨ ᠰᠢᠤᠳᠠᠨ ᠤ ᠵᠦᠢᠯ᠂ ᠵᠠᠬᠢᠳᠠᠯ ᠴᠢᠮᠡᠭᠡ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠨᠢᠭᠡᠴᠡ ᠪᠠ ᠦᠨᠡᠯᠡᠨ ᠵᠢᠱᠢᠬᠦ ᠨᠢᠭᠡᠴᠡ ᠳᠤ ᠲᠤᠰᠬᠠᠵᠤ᠂ ᠲᠣᠰ ᠲᠥᠷᠥᠯ ᠵᠦᠢᠯ ᠤᠨ ᠨᠡᠶᠢᠭᠡᠮ ᠤᠨ ᠲᠣᠭᠲᠠᠭᠤᠨ ᠢ ᠬᠠᠮᠠᠭᠠᠯᠠᠬᠤ ᠠᠵᠢᠯ ᠤᠨ ᠰᠠᠨᠠᠯ ᠪᠠ ᠰᠠᠨᠠᠭᠤᠯᠭ᠎ᠠ ᠪᠠᠨ ᠢᠯᠡᠳᠬᠡᠵᠦ᠂ ᠨᠡᠶᠢᠭᠡᠮ ᠤᠨ ᠲᠣᠭᠲᠠᠭᠤᠨ ᠤ ᠲᠦᠭᠰᠢᠭᠦᠷᠢ ᠶᠢ ᠦᠨᠡᠯᠡᠨ ᠵᠢᠱᠢᠭᠰᠡᠨ ᠨᠠᠩ ᠲᠡᠭᠦᠯᠳᠡᠷᠵᠢᠭᠰᠡᠨ ᠮᠡᠳᠡᠭᠦᠯᠦᠯᠲᠡ ᠳᠤ ᠲᠥᠬᠦᠮ ᠦᠵᠡᠭᠦᠯᠵᠦ ᠪᠣᠯᠤᠨ᠎ᠠ᠃    ︵4︶ ᠣᠯᠠᠨ ᠨᠡᠶᠢᠲᠡ ᠠᠴᠠ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠳᠤ ᠨᠡᠶᠢᠭᠡᠮ ᠤᠨ ᠲᠣᠭᠲᠠᠭᠤᠨ ᠤ ᠠᠶᠤᠯ ᠲᠦᠭᠰᠢᠭᠦᠷᠢ ᠲᠠᠢ ᠰᠠᠨᠠᠭᠤᠯᠭ᠎ᠠ ᠪᠤᠶᠤ ᠰᠠᠨᠠᠯ ᠢ ᠵᠠᠷᠯᠠᠨ ᠨᠡᠶᠢᠲᠡᠯᠡᠭᠰᠡᠨ ᠡᠳᠦᠷ ᠠᠴᠠ ᠡᠬᠢᠯᠡᠨ 7 ᠡᠳᠦᠷ ᠪᠣᠯᠲᠠᠯ᠎ᠠ᠂ ᠲᠥᠷᠥᠯ ᠵᠦᠢᠯ ᠤᠨ ᠨᠢᠭᠡᠴᠡ ᠪᠤᠶᠤ ᠨᠡᠶᠢᠭᠡᠮ ᠤᠨ ᠲᠣᠭᠲᠠᠭᠤᠨ ᠤ ᠠᠶᠤᠯ ᠲᠦᠭᠰᠢᠭᠦᠷᠢ ᠶᠢ ᠦᠨᠡᠯᠡᠨ ᠵᠢᠱᠢᠭᠰᠡᠨ ᠮᠡᠳᠡᠭᠦᠯᠦᠯᠲᠡ ᠶᠢ ᠨᠠᠶᠢᠷᠠᠭᠤᠯᠤᠨ ᠵᠣᠬᠢᠶᠠᠬᠤ ᠨᠢᠭᠡᠴᠡ ᠳᠤ ᠳᠤᠷᠠᠳᠤᠨ ᠭᠠᠷᠭᠠᠵᠤ ᠪᠣᠯᠤᠨ᠎ᠠ᠂ ᠪᠠᠰᠠ ᠪᠢᠴᠢᠭ ᠤᠨ ᠰᠠᠨᠠᠯ ᠢᠶᠠᠨ ᠲᠤᠬᠠᠶ ᠶᠢᠨ ᠭᠠᠵᠠᠷ ᠤᠨ ᠲᠣᠭᠲᠠᠭᠤᠨ ᠪᠠᠶᠢᠳᠠᠯ ᠢ ᠬᠠᠮᠠᠭᠠᠯᠠᠬᠤ ᠠᠯᠪᠠᠨ ᠭᠡᠷ᠂ ᠵᠠᠬᠢᠳᠠᠯ ᠰᠤᠷᠪᠤᠯᠵᠢᠯᠠᠯ ᠤᠨ ᠠᠯᠪᠠᠨ ᠭᠡᠷ ᠲᠤ ᠠᠰ ᠲᠤᠨᠢ ᠬᠠᠭᠤᠯᠤᠨ ᠬᠦᠷᠭᠡᠵᠦ ᠪᠣᠯᠤᠨ᠎ᠠ᠃     ︵5︶ ᠲᠣᠰ ᠢᠯᠡ ᠨᠡᠶᠢᠲᠡᠯᠡᠭᠰᠡᠨ ᠡᠳᠦᠷ ᠠᠴᠠ ᠡᠬᠢᠯᠡᠨ 15 ᠡᠳᠦᠷ ᠪᠣᠯᠣᠨ᠎ᠠ᠃                ᠤᠯᠠᠭᠠᠨᠴᠠᠪ ᠬᠤᠲᠠ ᠶᠢᠨ ᠵᠢᠨᠢᠩ ᠲᠣᠭᠤᠷᠢᠭ ᠤᠨ ᠮᠠ ᠯᠢᠶᠠᠨ ᠴᠢᠦᠢ                 ᠰᠢᠶᠠᠩ ᠤᠨ ᠠᠷᠠᠳ ᠶᠢᠨ ᠵᠠᠰᠠᠭ ‍ᠤᠨ‌ᠣᠷᠳᠣᠨ                                  2025 ᠣᠨ ᠤ 3 ᠰᠠᠷ᠎ᠠ ᠶᠢᠨ 25 ᠤ ᠡᠳᠦᠷ
 
ᠢᠷᠡᠯᠲᠡ᠄ ᠵᠢᠨᠢᠩ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2