ᠺᠠᠩ ᠬᠠᠶ ᠷᠦᠢ ᠨᠠᠮ ᠤᠨ ᠡᠭᠦᠷ ᠤᠨ ᠵᠣᠬᠢᠶᠠᠨ ᠪᠠᠶᠢᠭᠤᠯᠤᠯᠲᠠ ᠶᠢᠨ ᠠᠮᠢᠳᠤᠷᠠᠯ ᠤᠨ ᠬᠤᠷᠠᠯ ᠳᠤ ᠣᠷᠣᠯᠴᠠᠪᠠ
ᠨᠡᠶᠢᠲᠡᠯᠡᠭᠰᠡᠨ ᠴᠠᠭ᠄
2025/3/28
    3 ᠰᠠᠷ᠎ᠠ ᠶᠢᠨ 27 ᠤ ᠡᠳᠦᠷ᠂ ᠵᠢᠨᠢᠩ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠳᠠᠷᠤᠭ᠎ᠠ ᠺᠠᠩ ᠬᠠᠢ ᠷᠦᠢ ᠡᠩ ᠤᠨ ᠨᠠᠮ ᠤᠨ ᠭᠡᠰᠢᠭᠦᠨ ᠤ ᠬᠤᠪᠢ ᠪᠠᠷ ᠲᠤᠭᠤᠷᠢᠭ ᠤᠨ ᠵᠠᠰᠠᠭ ᠤᠨ ᠣᠷᠳᠣᠨ ᠤ ᠠᠯᠪᠠᠨ ᠭᠡᠷ ᠤᠨ ᠪᠠᠶᠢᠭᠤᠯᠭ᠎ᠠ ᠶᠢᠨ ᠨᠠᠮ ᠤᠨ ᠡᠭᠦᠷ ᠤᠨ 2024 ᠣᠨ ᠤ ᠵᠣᠬᠢᠶᠠᠨ ᠪᠠᠶᠢᠭᠤᠯᠤᠯᠲᠠ ᠶᠢᠨ ᠠᠮᠢᠳᠤᠷᠠᠯ ᠤᠨ ᠬᠤᠷᠠᠯ ᠳᠤ ᠣᠷᠣᠯᠴᠠᠪᠠ᠃   ᠬᠤᠷᠠᠯ ᠠᠴᠠ ᠨᠠᠮ ᠤᠨ ᠡᠭᠦᠷ ᠤᠨ 2024 ᠣᠨ ᠤ ᠵᠣᠬᠢᠶᠠᠨ ᠪᠠᠶᠢᠭᠤᠯᠤᠯᠲᠠ ᠶᠢᠨ ᠠᠮᠢᠳᠤᠷᠠᠯ ᠤᠨ ᠬᠤᠷᠠᠯ ᠠᠴᠠ ᠡᠮᠦᠨᠡᠬᠢ ᠪᠡᠯᠡᠳᠬᠡᠯ ᠪᠠᠶᠢᠳᠠᠯ ᠢ ᠮᠡᠳᠡᠭᠳᠡᠪᠡ᠃ ᠨᠠᠮ ᠤᠨ ᠡᠭᠦᠷ ᠤᠨ ᠬᠠᠷᠢᠭᠤᠴᠠᠯᠭᠠᠲᠠᠨ ᠨᠥᠬᠦᠳ ᠨᠠᠮ ᠤᠨ ᠡᠭᠦᠷ ᠤᠨ ᠭᠡᠰᠢᠭᠦᠳ ᠤᠨ ᠬᠤᠷᠠᠯ ᠢ ᠲᠥᠯᠥᠭᠡᠯᠡᠨ ᠬᠠᠷᠢᠴᠠᠭᠤᠯᠤᠨ ᠪᠠᠶᠢᠴᠠᠭᠠᠵᠤ᠂ ᠡᠭᠦᠷ ᠤᠨ ᠭᠡᠰᠢᠭᠦᠳ ᠤᠨ ᠭᠡᠰᠢᠭᠦᠳ ᠲᠠᠰ ᠳᠠᠷᠠᠭᠠᠯᠠᠨ ᠬᠠᠷᠢᠴᠠᠭᠤᠯᠤᠨ ᠪᠠᠶᠢᠴᠠᠭᠠᠬᠤ ᠶᠠᠷᠢᠶ᠎ᠠ ᠲᠠᠯᠪᠢᠵᠤ᠂ ᠰᠢᠭᠦᠮᠵᠢᠯᠡᠯ ᠪᠠ ᠥᠪᠡᠷ ᠤᠨ ᠰᠢᠭᠦᠮᠵᠢᠯᠡᠯ ᠢ ᠥᠷᠨᠢᠭᠦᠯᠪᠡ᠃ ᠲᠤᠭᠤᠷᠢᠭ ᠤᠨ ᠰᠢᠭᠤᠳ ᠬᠠᠷᠢᠶ᠎ᠠ ᠪᠠᠶᠢᠭᠤᠯᠤᠯᠭ᠎ᠠ ᠶᠢᠨ ᠠᠵᠢᠯ ᠤᠨ ᠬᠤᠷᠢᠶᠠᠨ ᠤ ᠨᠢᠭᠡᠳᠦᠭᠡᠷ ᠵᠢᠯᠣᠭᠤᠳᠬᠤ ᠳᠤᠭᠤᠶᠢᠯᠠᠩ ᠤᠨ ᠬᠠᠷᠢᠭᠤᠴᠠᠯᠭᠠᠲᠠᠨ ᠨᠥᠬᠦᠳ ᠵᠣᠬᠢᠶᠠᠨ ᠪᠠᠶᠢᠭᠤᠯᠤᠯᠲᠠ ᠶᠢᠨ ᠠᠮᠢᠳᠤᠷᠠᠯ ᠤᠨ ᠬᠤᠷᠠᠯ ᠳᠤ ᠦᠨᠡᠯᠡᠯᠲᠡ ᠬᠢᠪᠡ᠃   ᠶᠠᠷᠢᠶ᠎ᠠ ᠶᠢ ᠨᠠᠷᠢᠨ ᠬᠢᠨᠠᠮᠠᠭᠠᠢ ᠰᠣᠨᠣᠰᠤᠭᠰᠠᠨ ᠤ ᠳᠠᠷᠠᠭ᠎ᠠ᠂ ᠺᠠᠩ ᠬᠠᠢ ᠷᠦᠢ ᠬᠡᠯᠡᠬᠦ ᠳᠡᠭᠡᠨ᠂ ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠭᠡᠷ ᠪᠣᠯ ᠵᠠᠰᠠᠭ ᠤᠨ ᠣᠷᠳᠣᠨ ᠤ ᠠᠵᠢᠯᠯᠠᠭᠠᠨ ᠤ ᠬᠦᠢᠰᠦ ᠮᠥᠨ᠂ ᠤᠷᠢᠳᠤᠬᠢ ᠶᠢ ᠵᠠᠯᠭᠠᠮᠵᠢᠯᠠᠨ ᠬᠤᠶᠢᠰᠢᠬᠢ ᠳᠤ ᠵᠠᠮ ᠨᠡᠭᠡᠭᠡᠬᠦ᠂ ᠡᠯ᠎ᠡ ᠲᠠᠯ᠎ᠠ ᠶᠢᠨ ᠬᠢᠨ ᠢ ᠵᠣᠬᠢᠴᠠᠭᠤᠯᠬᠤ ᠳᠤ ᠬᠠᠷᠢᠭᠤᠴᠠᠯᠭ᠎ᠠ ᠬᠦᠨᠳᠦ ᠶᠡᠭᠡ ᠶᠤᠮ᠃ ᠪᠦᠬᠦ ᠨᠠᠮ ᠤᠨ ᠭᠡᠰᠢᠭᠦᠨ ᠺᠠᠳ᠋ᠷ ᠬᠦᠰᠡᠯᠡᠩ ᠢᠲᠡᠭᠡᠯ ᠪᠢᠰᠢᠷᠡᠯ ᠢᠶᠠᠨ ᠪᠠᠲᠤᠳᠬᠠᠵᠤ᠂ ᠤᠯᠤᠰ ᠲᠦᠷᠦ ᠶᠢᠨ ᠴᠢᠭᠯᠡᠯ ᠢᠶᠠᠨ ᠪᠠᠲᠤ ᠡᠵᠡᠮᠳᠡᠵᠦ᠂ ᠤᠬᠠᠮᠰᠠᠷ ᠠᠴᠠ ᠪᠠᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠲᠠᠷᠢᠬᠢ ᠲᠣᠯᠣᠭᠠᠢ ᠪᠠᠨ ᠵᠡᠪᠰᠡᠭᠯᠡᠵᠦ᠂ ᠦᠢᠯᠡᠳᠦᠯᠭᠡ ᠪᠠᠨ ᠵᠢᠯᠤᠭᠤᠳᠤᠭᠤᠯᠵᠤ᠂ ᠠᠵᠢᠯ ᠢᠶᠠᠨ ᠠᠬᠢᠭᠤᠯᠵᠤ᠂ ︽ᠭᠤᠷᠪᠠ ᠳᠤ ᠦᠢᠯᠡᠴᠢᠯᠡᠬᠦ︾ ᠠᠵᠢᠯ ᠤᠨ ᠴᠢᠳᠠᠪᠤᠷᠢ ᠶᠢᠨ ᠲᠦᠪᠰᠢᠨ ᠢᠶᠠᠨ ᠪᠦᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠢ᠃ ᠴᠢᠷᠮᠠᠶᠢᠨ ᠰᠤᠷᠤᠯᠴᠠᠬᠤ ᠤᠷᠤᠭᠰᠢᠯᠠᠨ ᠳᠠᠪᠰᠢᠬᠤ ᠰᠡᠳᠬᠢᠴᠡ ᠶᠢᠨ ᠪᠠᠶᠢᠳᠠᠯ ᠢ ᠪᠠᠲᠤᠯᠠᠵᠤ᠂ ᠰᠤᠷᠤᠯᠴᠠᠬᠤ ᠬᠦᠷᠢᠶ᠎ᠡ ᠪᠠᠨ ᠦᠷᠭᠦᠯᠵᠢᠯᠡᠨ ᠭᠦᠨᠵᠡᠭᠡᠶᠢᠷᠡᠭᠦᠯᠵᠦ᠂ ᠮᠡᠳᠡᠯᠭᠡ ᠶᠢᠨ ᠬᠠᠷᠠᠭ᠎ᠠ ᠪᠠᠨ ᠥᠷᠭᠡᠳᠬᠡᠵᠦ᠂ ᠴᠠᠭ ᠦᠶ᠎ᠡ ᠲᠠᠢ ᠵᠡᠷᠭᠡᠪᠡᠷ ᠤᠷᠤᠭᠰᠢᠯᠠᠵᠤ᠂ ᠪᠣᠳᠠᠲᠠᠢ ᠠᠵᠢᠯᠯᠠᠨ ᠦᠨᠡᠨᠴᠢ ᠰᠢᠳᠤᠷᠭᠤ ᠪᠠᠷ ᠬᠡᠷᠡᠭᠵᠢᠭᠦᠯᠵᠦ᠂ ᠶᠡᠷᠦᠩᠬᠡᠶᠢᠯᠡᠭᠰᠡᠨ ᠴᠢᠳᠠᠪᠤᠷᠢ ᠶᠢᠨ ᠳᠡᠭᠡᠭᠰᠢᠯᠡᠯᠲᠡ ᠶᠢ ᠲᠠᠰᠤᠷᠠᠯᠲᠠ ᠦᠭᠡᠢ ᠠᠬᠢᠭᠤᠯᠬᠤ ᠬᠡᠷᠡᠭᠲᠡᠢ᠃ ᠪᠠᠷᠳᠠᠮᠨᠠᠬᠤ ᠦᠭᠡᠢ ᠪᠠᠴᠢᠮᠳᠠᠬᠤ ᠦᠭᠡᠢ ᠠᠵᠢᠯ ᠤᠨ ᠲᠣᠭᠲᠠᠯ ᠬᠦᠴᠦᠨ ᠢ ᠪᠠᠲᠤᠯᠠᠵᠤ᠂ ᠠᠵᠢᠯ ᠤᠨ ᠲᠠᠪᠴᠠᠩ ᠢ ᠨᠠᠨᠳᠢᠩᠨᠠᠵᠤ᠂ ︽ᠠᠷᠪᠠᠨ ᠵᠢᠯ ᠰᠢᠷᠭᠠᠭᠤ ᠠᠵᠢᠯᠯᠠᠬᠤ︾ ᠡᠷᠴᠢ ᠵᠣᠷᠢᠭ ᠢᠶᠠᠷ ᠭᠦᠨ ᠦᠨᠳᠦᠰᠦ ᠬᠠᠳᠬᠤᠵᠤ᠂ ᠴᠢᠬᠢ ᠢᠯᠡᠭᠦᠬᠡᠨ ᠪᠤᠶᠢᠵᠢᠭᠤᠯᠵᠤ᠂ ᠳᠣᠲᠣᠷ ᠲᠠᠮᠢᠷ ᠢᠶᠠᠨ ᠪᠣᠯᠪᠠᠰᠤᠷᠠᠭᠤᠯᠵᠤ᠂ ᠴᠢᠳᠠᠪᠤᠷᠢ ᠪᠠᠨ ᠳᠡᠭᠡᠭᠰᠢᠯᠡᠭᠦᠯᠵᠦ᠂ ᠬᠥᠭᠵᠢᠯᠲᠡ ᠳᠤ ᠬᠡᠷᠡᠭᠰᠡᠬᠦ ᠥᠨᠳᠥᠷ ᠬᠡᠪ ᠪᠣᠯᠪᠠᠰᠤᠷᠠᠯ ᠲᠠᠢ ᠴᠢᠳᠠᠪᠤᠷᠢᠲᠠᠨ ᠪᠣᠯᠬᠤ ᠪᠠᠷ ᠴᠢᠷᠮᠠᠶᠢᠬᠤ ᠬᠡᠷᠡᠭᠲᠡᠢ᠃ ᠰᠠᠬᠢᠯᠭ᠎ᠠ ᠪᠠᠲᠤ ᠶᠢ ᠡᠷᠬᠢᠮᠯᠡᠨ ᠶᠣᠰᠣ ᠲᠦᠷᠢᠮ ᠢ ᠰᠠᠬᠢᠵᠤ᠂ ᠶᠠᠭ ᠥᠷᠨᠢᠭᠦᠯᠵᠦ ᠪᠠᠶᠢᠭ᠎ᠠ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠤᠨ ᠠᠵᠢᠯ ᠲᠠᠢ ᠤᠶᠠᠯᠳᠤᠭᠤᠯᠤᠨ᠂ ᠰᠤᠷᠤᠯᠴᠠᠨ ᠪᠠᠶᠢᠴᠠᠭᠠᠵᠤ ᠥᠭᠡᠷᠡᠴᠢᠯᠡᠬᠦ ᠶᠢ ᠨᠢᠭᠡ ᠴᠣᠭᠴᠠᠵᠢᠭᠤᠯᠤᠨ ᠠᠬᠢᠭᠤᠯᠵᠤ᠂ ᠤᠯᠠᠭᠠᠨ ᠱᠤᠭᠤᠮ ᠢ ᠭᠢᠰᠬᠢᠬᠦ ᠥᠬᠡᠶ᠂ ᠪᠠᠯᠠᠮᠠᠳ ᠢ ᠳᠠᠪᠠᠭ᠋ᠤ ᠥᠬᠡᠶ ᠪᠠᠶᠢᠵᠤ᠂ ᠴᠢᠩᠭ᠎ᠠ ᠪᠣᠳᠠᠲᠠᠶ ᠰᠤᠷᠲᠠᠯ ᠢᠶᠠᠷ ᠲᠣᠭᠤᠷᠢᠭ ᠤᠨ ᠵᠠᠰᠠᠭ ᠤᠨ ᠣᠷᠳᠣᠨ ᠤ ︽ᠪᠠᠲᠤ ᠴᠢᠩᠭ᠎ᠠ ᠡᠮᠦᠨ᠎ᠡ ᠬᠠᠷᠠᠭᠤᠯ︾ ᠪᠠ ︽ᠠᠷᠤ ᠬᠦᠷᠢᠶ᠎ᠡ︾ ᠶᠢ ᠪᠠᠬᠢᠵᠢᠭᠦᠯᠬᠦ ᠬᠡᠷᠡᠭᠲᠡᠶ᠃            ᠨᠠᠶᠢᠷᠠᠭᠤᠯᠤᠭᠴᠢ᠄ ᠸᠠᠩ ᠵᠢᠩ ᠵᠢᠩ᠂ ᠴᠢᠶᠣᠣ ᠮᠢᠨ ᠮᠢᠨ            ᠣᠷᠴᠢᠭᠤᠯᠤᠭᠴᠢ᠄ ᠳ᠋ᠥᠩ ᠾᠦᠢ
 
ᠢᠷᠡᠯᠲᠡ᠄ ᠵᠢᠨᠢᠩ ᠲᠣᠭᠤᠷᠢᠭ ‍ᠤᠨ‌ᠠᠷᠠᠳ ᠤᠨ ᠵᠠᠰᠠᠭ ᠤᠨ ᠣᠷᠳᠤᠨ ᠤ ᠬᠢᠲᠠᠳ ᠰᠦᠯᠢᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2