3 ᠰᠠᠷ᠎ᠠ ᠶᠢᠨ 24 ᠤ ᠡᠳᠦᠷ᠂ ᠲᠤᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠬᠤᠷᠠᠯ | ᠬᠤᠷᠠᠯᠳᠤᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ ᠴᠢᠬᠤᠯᠠ ᠶᠠᠷᠢᠶ᠎ᠠ᠂ | ᠴᠢᠬᠤᠯᠠ ᠵᠣᠬᠢᠶᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠵᠤ᠂ ᠲᠥᠪ ᠬᠤᠷᠢᠶ᠎ᠠ᠂ ᠥᠪᠡᠷᠲᠡᠭᠡᠨ | ᠵᠠᠰᠠᠬᠤ ᠣᠷᠣᠨ ᠤ ᠬᠤᠯᠪᠣᠭᠳᠠᠯ ᠪᠥᠬᠦᠶ ᠪᠢᠴᠢᠭ ᠮᠠᠲ᠋ᠧᠷᠢᠶᠠᠯ᠂ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠵᠤ᠂ | ᠬᠠᠮᠢᠶ᠎ᠠ ᠪᠥᠬᠦᠶ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠲᠥᠪ ᠤᠨ ᠨᠠᠢᠮᠠᠨ | ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ᠂ ᠠᠶᠤᠯᠭᠦᠶ | ᠦᠢᠯᠡᠳᠪᠦᠷᠢᠯᠡᠯ ᠵᠡᠷᠭᠡ ᠠᠵᠢᠯ ᠢ ᠰᠤᠳᠤᠯᠤᠨ ᠪᠠᠶᠢᠷᠢᠯᠠᠭᠤᠯᠪᠠ᠃ | ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠢᠨᠢᠩ ᠲᠣᠭᠤᠷᠢᠭ ᠤᠨ ᠨᠠᠮ ᠤᠨ ᠬᠤᠷᠢᠶᠠᠨ ᠤ | ᠱᠦᠵᠢ ᠵᠠᠩ ᠶᠦᠩ ᠸᠧᠨ ᠬᠤᠷᠠᠯ ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠶ᠃ | ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠭᠦᠢᠵᠸᠤ ᠮᠤᠵᠢ ᠪᠣᠯᠤᠨ ᠶᠦᠨᠨᠠᠨ ᠮᠤᠵᠢ ᠳᠤ | ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠵᠤ᠂ ᠮᠠᠨ ᠤ | ᠲᠤᠭᠤᠷᠢᠭ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ | ᠰᠠᠶᠢᠲᠤᠷ ᠠᠳᠬᠤᠬᠤ ᠬᠡᠷᠡᠭᠲᠡᠢ᠃ ᠴᠢᠨᠠᠷ ᠰᠠᠶᠢᠲᠠᠢ ᠬᠥᠭᠵᠢᠯᠲᠡ ᠶᠢᠨ ᠲᠡᠷᠢᠭᠦᠨ ᠴᠢᠬᠤᠯᠠ ᠡᠭᠦᠷᠭᠡ ᠶᠢ ᠪᠠᠲᠤ | ᠡᠵᠡᠮᠳᠡᠵᠦ᠂ ᠠᠵᠢᠯᠯᠠᠬᠤ ᠶᠢ ᠲᠡᠷᠢᠭᠦᠨ ᠳᠤ ᠲᠠᠯᠪᠢᠬᠤ ᠶᠢ ᠪᠠᠷᠢᠮᠲᠠᠯᠠᠵᠤ᠂ ᠥᠭᠡᠷᠡᠴᠢᠯᠡᠯᠲᠡ ᠶᠢ ᠴᠢᠨᠠᠭᠰᠢᠳᠠ | ᠭᠦᠨᠵᠡᠭᠡᠶᠢᠷᠡᠭᠦᠯᠵᠦ᠂ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠵᠦ᠂ | ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ᠂ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠡᠷᠭᠡ ᠡᠯ᠎ᠡ ᠵᠦᠢᠯ ᠤᠨ ᠠᠵᠢᠯ ᠢ ᠯᠠᠪᠳᠠᠭᠤᠨ ᠪᠠᠲᠤᠲᠠᠢ | ᠰᠠᠶᠢᠲᠤᠷ ᠠᠳᠬᠤᠵᠤ᠂ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ᠃ | ᠬᠤᠷᠠᠯ ᠠᠴᠠ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠠᠯᠪᠠᠨ ᠲᠢᠩᠬᠢᠮ ᠤᠨ ︽ | ᠪᠦᠬᠦ ᠨᠠᠮ ᠳᠤ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠬᠤ ᠰᠤᠷᠤᠯᠴᠠᠯᠭ᠎ᠠ | ᠬᠥᠮᠦᠵᠢᠯ ᠤᠨ ᠲᠤᠬᠠᠢ ᠮᠡᠳᠡᠭᠳᠡᠯ︾ ᠪᠣᠯᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶᠠᠨ ᠤ ᠨᠠᠮ ᠤᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠵᠢᠴᠢ ᠬᠠᠮᠢᠶ᠎ᠠ | ᠪᠦᠬᠦᠢ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ︽ᠵᠢᠨᠢᠩ ᠲᠣᠭᠤᠷᠢᠭ ᠲᠤ | ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠬᠤ ᠰᠤᠷᠤᠯᠴᠠᠯᠭ᠎ᠠ ᠬᠥᠮᠦᠵᠢᠯ ᠤᠨ | ᠠᠵᠢᠯ ᠤᠨ ᠲᠥᠰᠦᠯ︾ ᠢ ᠰᠤᠳᠤᠯᠤᠨ ᠬᠢᠨᠠᠨ ᠵᠥᠪᠯᠡᠵᠦ᠂ ᠦᠵᠡᠯ ᠰᠠᠨᠠᠭ᠎ᠠ ᠪᠣᠯᠤᠨ ᠦᠢᠯᠡ ᠠᠵᠢᠯᠯᠠᠭ᠎ᠠ ᠪᠠᠨ | ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠳᠡᠭᠡᠷ᠎ᠡ ᠨᠢᠭᠡᠳᠬᠡᠵᠦ᠂ ᠳᠡᠭᠡᠳᠦ | ᠬᠡᠮᠵᠢᠶᠡᠨ ᠤ ᠤᠯᠤᠰ ᠲᠦᠷᠦ ᠶᠢᠨ ᠤᠬᠠᠮᠰᠠᠷ ᠢᠶᠠᠷ ᠰᠤᠷᠤᠯᠴᠠᠯᠭ᠎ᠠ ᠬᠥᠮᠦᠵᠢᠯ ᠢ ᠰᠠᠶᠢᠲᠤᠷ ᠠᠳᠬᠤᠬᠤ ᠬᠡᠷᠡᠭᠲᠡᠢ | ᠭᠡᠵᠦ ᠴᠢᠬᠤᠯᠠᠴᠢᠯᠠᠪᠠ᠃ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠶᠢ ᠬᠡᠯᠪᠡᠷᠢᠴᠢ ᠦᠵᠡᠯ ᠢ ᠴᠡᠭᠴᠡᠯᠡᠨ ᠵᠠᠰᠠᠵᠤ | ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ᠂ ᠤᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ | ᠪᠣᠯᠤᠨ ᠢᠯᠵᠠᠷᠠᠯ ᠤᠨ ᠠᠰᠠᠭᠤᠳᠠᠯ ᠢ ᠴᠡᠭᠴᠡᠯᠡᠨ ᠵᠠᠰᠠᠬᠤ ᠵᠡᠷᠭᠡ ᠲᠠᠢ ᠨᠢᠭᠡᠳᠦᠯᠲᠡᠢ ᠲᠥᠯᠥᠪᠵᠢᠭᠦᠯᠵᠦ᠂ ᠨᠠᠷᠢᠨ | ᠨᠢᠮᠪᠠᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠬᠡᠯᠪᠡᠷᠢᠴᠢ ᠦᠵᠡᠯ ᠢ ᠴᠢᠩᠭ᠎ᠠ ᠴᠡᠭᠡᠷᠯᠡᠵᠦ᠂ ᠪᠦᠬᠦ ᠲᠤᠭᠤᠷᠢᠭ ᠤᠨ | ᠰᠤᠷᠤᠯᠴᠠᠯᠭ᠎ᠠ ᠬᠥᠮᠦᠵᠢᠯ ᠤᠨ ᠭᠦᠨᠵᠡᠭᠡᠶᠢᠷᠡᠨ ᠪᠣᠳᠠᠲᠠᠶᠢᠵᠢᠬᠤ ᠶᠢ ᠠᠬᠢᠭᠤᠯᠬᠤ ᠬᠡᠷᠡᠭᠲᠡᠢ᠃ | ᠬᠤᠷᠠᠯ ᠠᠴᠠ ᠮᠠᠨ ᠤ ᠲᠤᠭᠤᠷᠢᠭ ᠤᠨ ᠠᠶᠤᠯᠭᠦᠢ ᠦᠢᠯᠡᠳᠪᠦᠷᠢᠯᠡᠯ ᠤᠨ ᠦᠨᠳᠦᠰᠦᠨ ᠠᠴᠠ ᠨᠢ ᠵᠠᠰᠠᠬᠤ | ᠪᠣᠭᠤᠮᠲᠠ ᠰᠢᠪᠲᠤᠯᠬᠤ ᠭᠤᠷᠪᠠᠨ ᠵᠢᠯ ᠤᠨ ᠠᠵᠢᠯᠯᠠᠭ᠎ᠠ ᠵᠢᠴᠢ ᠨᠢᠭᠡᠳᠦᠭᠡᠷ ᠤᠯᠠᠷᠢᠯ ᠤᠨ ᠠᠶᠤᠯᠭᠦᠢ | ᠦᠢᠯᠡᠳᠪᠦᠷᠢᠯᠡᠯ ᠤᠨ ᠠᠵᠢᠯ ᠵᠡᠷᠭᠡ ᠬᠠᠮᠢᠶ᠎ᠠ ᠪᠦᠬᠦᠢ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ | ᠠᠶᠤᠯᠭᠦᠢ ᠦᠢᠯᠡᠳᠪᠦᠷᠢᠯᠡᠯ ᠤᠨ ᠡᠨᠡᠬᠦ ᠬᠥᠪᠴᠢ ᠶᠢ ᠴᠠᠭ ᠢᠮᠠᠭᠲᠠ ᠴᠢᠩᠭᠠᠷᠠᠭᠤᠯᠵᠤ᠂ ᠠᠶᠤᠯᠭᠦᠢ | ᠦᠢᠯᠡᠳᠪᠦᠷᠢᠯᠡᠯ ᠤᠨ ᠦᠨᠳᠦᠰᠦᠨ ᠠᠴᠠ ᠨᠢ ᠵᠠᠰᠠᠬᠤ ᠪᠣᠭᠤᠮᠲᠠ ᠰᠢᠪᠲᠤᠯᠬᠤ ᠭᠤᠷᠪᠠᠨ ᠵᠢᠯ ᠤᠨ ᠠᠵᠢᠯᠯᠠᠭ᠎ᠠ ᠶᠢ | ᠦᠷᠭᠦᠯᠵᠢᠯᠡᠨ ᠭᠦᠨᠵᠡᠭᠡᠶᠢᠷᠡᠭᠦᠯᠵᠦ᠂ ᠳᠡᠭᠡᠳᠦ ᠱᠠᠲᠤᠨ ᠤ ᠲᠣᠭᠤᠷᠢᠨ ᠪᠠᠶᠢᠴᠠᠭᠠᠬᠤ᠂ ᠱᠠᠯᠠᠪᠳᠠᠭᠤᠯᠤᠨ ᠪᠠᠶᠢᠴᠠᠭᠠᠬᠤ | ᠵᠡᠷᠭᠡ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠶᠢ ᠨᠠᠷᠢᠨ | ᠬᠢᠨᠠᠮᠠᠭᠠᠢ ᠰᠠᠶᠢᠲᠤᠷ ᠠᠳᠬᠤᠵᠤ᠂ ᠭᠤᠣᠯᠳᠠᠯᠭ᠎ᠠ ᠲᠠᠢ ᠠᠵᠢᠯ ᠲᠦᠷᠦᠯ ᠤᠨ ᠬᠦᠷᠢᠶᠡᠨ ᠤ ᠠᠮᠤᠷ ᠲᠦᠪᠰᠢᠨ ᠤ ᠬᠡᠮ | ᠰᠣᠭᠤᠭ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠶᠢ ᠯᠠᠪᠳᠠᠭᠤᠨ ᠪᠠᠲᠤᠲᠠᠢ ᠥᠷᠨᠢᠭᠦᠯᠵᠦ᠂ ᠠᠶᠤᠯᠭᠦᠢ | ᠦᠢᠯᠡᠳᠪᠦᠷᠢᠯᠡᠯ ᠤᠨ ᠡᠯ᠎ᠡ ᠵᠦᠢᠯ ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠡᠯ᠎ᠡ ᠲᠦᠷᠦᠯ ᠤᠨ ᠠᠳᠡᠯ | ᠭᠠᠷᠬᠤ ᠶᠢ ᠴᠢᠩᠭ᠎ᠠ ᠰᠡᠷᠭᠡᠶᠢᠯᠡᠬᠦ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ ︽ᠵᠢᠨᠢᠩ ᠲᠣᠭᠤᠷᠢᠭ ᠤᠨ 2025 ᠣᠨ ᠤ ᠠᠷᠠᠯᠵᠢᠶᠠᠴᠢᠨ ᠤᠷᠢᠵᠤ ᠪᠡᠯᠡ ᠣᠷᠣᠭᠤᠯᠬᠤ | ᠠᠵᠢᠯ ᠤᠨ ᠲᠥᠰᠦᠯ︾ ᠢ ᠰᠤᠳᠤᠯᠤᠨ ᠬᠢᠨᠠᠨ ᠵᠥᠪᠯᠡᠵᠦ᠂ ︽ᠲᠦᠷᠦᠯ ᠵᠦᠢᠯ ᠢ ᠠᠳᠬᠤᠬᠤ ᠪᠣᠯ ᠳᠠᠷᠤᠢ | ᠬᠥᠭᠵᠢᠯᠲᠡ ᠶᠢ ᠠᠳᠬᠤᠬᠤ᠂ ᠲᠦᠷᠦᠯ ᠵᠦᠢᠯ ᠢ ᠲᠥᠯᠥᠪᠵᠢᠭᠦᠯᠬᠦ ᠪᠣᠯ ᠳᠠᠷᠤᠢ ᠢᠷᠡᠭᠡᠳᠦᠢ ᠶᠢ ᠰᠦᠪᠡᠭᠴᠢᠯᠡᠵᠦ | ᠪᠠᠶᠢᠭ᠎ᠠ ᠶᠠᠪᠤᠳᠠᠯ ᠮᠥᠨ︾ ᠭᠡᠬᠦ ᠤᠶᠢᠢᠯᠠᠭᠠᠭᠳᠠᠬᠤᠨ ᠢ ᠪᠠᠲᠤ ᠪᠤᠢ ᠪᠣᠯᠭᠠᠵᠤ᠂ ᠤᠶᠤᠨ ᠴᠢᠳᠠᠯ ᠢᠶᠠᠨ | ᠲᠥᠪᠯᠡᠷᠡᠭᠦᠯᠦᠨ ᠲᠦᠷᠦᠯ ᠵᠦᠢᠯ ᠢ ᠠᠳᠬᠤᠵᠤ ᠣᠷᠣᠭᠤᠯᠤᠨ ᠠᠪᠴᠢᠷᠠᠬᠤ᠂ ᠲᠦᠷᠦᠯ ᠵᠦᠢᠯ ᠤᠨ ᠪᠦᠳᠦᠭᠡᠨ | ᠪᠠᠶᠢᠭᠤᠯᠤᠯᠲᠠ ᠶᠢ ᠠᠬᠢᠭᠤᠯᠬᠤ᠂ ᠦᠢᠯᠡᠴᠢᠯᠡᠭᠡᠨ ᠤ ᠪᠠᠲᠤᠯᠠᠭ᠎ᠠ ᠶᠢ ᠴᠢᠩᠭᠠᠳᠬᠠᠬᠤ᠂ ᠮᠠᠨ ᠤ ᠲᠤᠭᠤᠷᠢᠭ ᠤᠨ ᠠᠵᠤ | ᠠᠬᠤᠢ ᠶᠢᠨ ᠴᠢᠨᠠᠷ ᠰᠠᠶᠢᠲᠠᠢ ᠬᠥᠭᠵᠢᠯᠲᠡ ᠳᠤ ᠬᠦᠴᠦᠲᠡᠢ ᠲᠤᠯᠭᠠᠭᠤᠷᠢᠯᠠᠯ ᠬᠠᠩᠭᠠᠬᠤ ᠬᠡᠷᠡᠭᠲᠡᠢ ᠭᠡᠵᠦ | ᠴᠢᠬᠤᠯᠠᠴᠢᠯᠠᠪᠠ᠃ | ᠬᠤᠷᠠᠯ ᠠᠴᠠ ᠮᠠᠨ ᠤ ᠲᠤᠭᠤᠷᠢᠭ ᠤᠨ ᠤᠳᠠᠭ᠎ᠠ ᠪᠦᠷᠢ ᠶᠢᠨ ᠠᠮᠢ ᠠᠬᠤᠢ ᠣᠷᠴᠢᠨ ᠲᠣᠭᠤᠷᠢᠨ ᠤ | ᠬᠠᠮᠠᠭᠠᠯᠠᠯᠲᠠ ᠶᠢ ᠱᠠᠯᠠᠪᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ | ᠰᠠᠶᠢᠵᠢᠷᠠᠭᠤᠯᠤᠭᠰᠠᠨ ᠪᠠᠶᠢᠳᠠᠯ ᠪᠣᠯᠤᠨ ᠶᠡᠭᠡ ᠪᠠᠶᠢᠴᠠᠭᠠᠯᠲᠠ ᠶᠡᠭᠡ ᠴᠡᠭᠴᠡᠯᠡᠨ ᠰᠠᠶᠢᠵᠢᠷᠠᠭᠤᠯᠬᠤ ᠠᠵᠢᠯ ᠤᠨ | ᠠᠬᠢᠴᠠ ᠶᠢᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠠᠮᠢ ᠠᠬᠤᠢ ᠣᠷᠴᠢᠨ ᠲᠣᠭᠤᠷᠢᠨ ᠤ | ᠬᠠᠮᠠᠭᠠᠯᠠᠯᠲᠠ ᠪᠣᠯᠤᠨ ᠬᠥᠭᠵᠢᠯᠲᠡ ᠶᠢ ᠨᠢᠭᠡᠳᠦᠯᠲᠡᠢ ᠲᠥᠯᠥᠪᠵᠢᠭᠦᠯᠵᠦ᠂ ᠣᠷᠴᠢᠨ ᠲᠣᠭᠤᠷᠢᠨ ᠤ ᠬᠠᠮᠠᠭᠠᠯᠠᠯᠲᠠ ᠶᠢ | ᠱᠠᠯᠠᠪᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ | ᠦᠷᠭᠦᠯᠵᠢᠯᠡᠨ ᠰᠠᠶᠢᠲᠤᠷ ᠠᠳᠬᠤᠵᠤ᠂ ᠠᠮᠢ ᠠᠬᠤᠢ ᠣᠷᠴᠢᠨ ᠲᠣᠭᠤᠷᠢᠨ ᠤ ᠶᠡᠭᠡ ᠪᠠᠶᠢᠴᠠᠭᠠᠯᠲᠠ ᠶᠡᠭᠡ ᠴᠡᠭᠴᠡᠯᠡᠨ | ᠰᠠᠶᠢᠵᠢᠷᠠᠭᠤᠯᠤᠯᠲᠠ ᠶᠢ ᠭᠦᠨᠵᠡᠭᠡᠢ ᠠᠬᠢᠭᠤᠯᠵᠤ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ | ᠠᠮᠤᠷ ᠲᠦᠪᠰᠢᠨ ᠤ ᠬᠠᠯᠬᠠᠪᠴᠢ ᠶᠢ ᠲᠠᠰᠤᠷᠠᠯᠳᠠ ᠦᠭᠡᠢ ᠪᠠᠬᠢᠵᠢᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ ︽ᠵᠢᠨᠢᠩ ᠲᠣᠭᠤᠷᠢᠭ ᠤᠨ ᠬᠥᠳᠡᠭᠡ ᠲᠣᠰᠬᠤᠨ ᠤ ᠥᠭᠡᠷᠡᠴᠢᠯᠡᠯᠲᠡ ᠶᠢ ᠴᠢᠨᠠᠭᠰᠢᠳᠠ | ᠭᠦᠨᠵᠡᠭᠡᠶᠢᠷᠡᠭᠦᠯᠵᠦ ᠬᠥᠳᠡᠭᠡ ᠲᠣᠰᠬᠤᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠯᠠᠪᠳᠠᠭᠤᠨ ᠪᠠᠲᠤᠲᠠᠢ | ᠠᠬᠢᠭᠤᠯᠬᠤ ᠲᠤᠬᠠᠢ ᠬᠡᠷᠡᠭᠵᠢᠭᠦᠯᠬᠦ ᠲᠥᠰᠦᠯ︾ ᠢ ᠰᠤᠳᠤᠯᠤᠨ ᠬᠢᠨᠠᠨ ᠵᠥᠪᠯᠡᠵᠦ᠂ ᠤᠯᠤᠰ ᠲᠦᠷᠦ ᠶᠢᠨ | ᠬᠠᠷᠢᠭᠤᠴᠠᠯᠭ᠎ᠠ ᠶᠢ ᠪᠠᠲᠤ ᠡᠭᠦᠷᠭᠡᠯᠡᠵᠦ᠂ ᠮᠠᠨ ᠤ ᠲᠤᠭᠤᠷᠢᠭ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠵᠤ᠂ | ᠥᠭᠡᠷᠡᠴᠢᠯᠡᠯᠲᠡ ᠶᠢᠨ ᠵᠣᠷᠢᠭ ᠰᠠᠨᠠᠭ᠎ᠠ ᠪᠣᠯᠤᠨ ︽ᠲᠠᠶᠢᠯᠬᠤ ᠰᠡᠳᠬᠢᠬᠦᠢ︾ ᠪᠠᠷ ᠬᠥᠳᠡᠭᠡ ᠲᠣᠰᠬᠤᠨ ᠤ ᠠᠵᠤ | ᠦᠢᠯᠡᠰ ᠢ ᠬᠥᠭᠵᠢᠭᠦᠯᠦᠨ ᠮᠠᠨᠳᠤᠭᠤᠯᠬᠤ᠂ ᠬᠥᠳᠡᠭᠡ ᠲᠣᠰᠬᠤᠨ ᠢ ᠵᠠᠰᠠᠬᠤ ᠵᠡᠷᠭᠡ ᠭᠤᠣᠯᠳᠠᠯᠭ᠎ᠠ ᠲᠠᠢ ᠠᠵᠢᠯ ᠢ | ᠰᠠᠶᠢᠲᠤᠷ ᠠᠳᠬᠤᠵᠤ᠂ ᠮᠠᠨ ᠤ ᠲᠤᠭᠤᠷᠢᠭ ᠤᠨ ︽ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ︾ ᠤ | ᠠᠵᠢᠯ ᠤᠨ ᠲᠠᠬᠢᠨ ᠰᠢᠨ᠎ᠡ ᠳᠡᠭᠲᠡᠷ ᠲᠤ ᠭᠠᠷᠬᠤ ᠶᠢ ᠡᠷᠡᠰ ᠭᠤᠶᠢᠪᠢᠰᠢ ᠦᠭᠡᠢ ᠠᠬᠢᠭᠤᠯᠬᠤ ᠬᠡᠷᠡᠭᠲᠡᠢ ᠭᠡᠵᠦ | ᠴᠢᠬᠤᠯᠠᠴᠢᠯᠠᠪᠠ᠃ | ᠬᠤᠷᠠᠯ ᠠᠴᠠ ᠤᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠣᠯᠤᠨ ᠢᠯᠵᠠᠷᠠᠯ ᠤᠨ ᠠᠰᠠᠭᠤᠳᠠᠯ ᠢ | ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠤᠨ ᠬᠤᠯᠪᠣᠭᠳᠠᠯ ᠪᠦᠬᠦᠢ ᠬᠤᠷᠠᠯ᠂ ᠴᠣᠬᠤᠯᠠᠪᠤᠷᠢ ᠶᠢᠨ ᠵᠣᠷᠢᠭ | ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠡᠷᠴᠢᠮ ᠢᠶᠠᠨ | ᠰᠤᠯᠠᠷᠠᠭᠤᠯᠬᠤ ᠦᠭᠡᠢ᠂ ᠪᠠᠷᠢᠮᠵᠢᠶ᠎ᠠ ᠪᠠᠨ ᠰᠤᠯᠠᠷᠠᠭᠤᠯᠬᠤ ᠦᠭᠡᠢ᠂ ᠪᠠᠷᠢᠮᠵᠢᠶ᠎ᠠ ᠪᠠᠨ ᠪᠠᠭᠤᠷᠠᠭᠤᠯᠬᠤ ᠦᠭᠡᠢ | ᠪᠠᠶᠢᠬᠤ ᠶᠢ ᠪᠠᠲᠤᠯᠠᠵᠤ᠂ ᠲᠥᠪᠯᠡᠷᠡᠭᠦᠯᠦᠨ ᠴᠡᠭᠴᠡᠯᠡᠨ ᠵᠠᠰᠠᠬᠤ ᠶᠢ ᠭᠦᠨᠵᠡᠭᠡᠢ ᠠᠬᠢᠭᠤᠯᠵᠤ᠂ ᠭᠤᠣᠯᠳᠠᠯᠭ᠎ᠠ ᠲᠠᠢ | ᠬᠦᠷᠢᠶᠡᠨ ᠤ ᠲᠤᠰᠬᠠᠢ ᠴᠡᠭᠴᠡᠯᠡᠨ ᠵᠠᠰᠠᠯᠲᠠ ᠶᠢ ᠦᠷᠭᠦᠯᠵᠢᠯᠡᠨ ᠰᠠᠶᠢᠲᠤᠷ ᠠᠳᠬᠤᠬᠤ ᠬᠡᠷᠡᠭᠲᠡᠢ ᠭᠡᠵᠦ | ᠴᠢᠬᠤᠯᠠᠴᠢᠯᠠᠪᠠ᠃ ᠲᠤᠰᠬᠠᠢ ᠴᠡᠭᠴᠡᠯᠡᠨ ᠵᠠᠰᠠᠬᠤ ᠪᠠ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ︽ | ᠬᠤᠣᠰ ᠴᠢᠭᠯᠡᠯ ᠢᠶᠠᠷ ᠬᠦᠴᠦᠯᠡᠬᠦ︾ ᠶᠢ ᠪᠠᠷᠢᠮᠲᠠᠯᠠᠵᠤ᠂ ᠡᠯ᠎ᠡ ᠵᠦᠢᠯ ᠤᠨ ᠭᠤᠣᠯᠳᠠᠯᠭ᠎ᠠ ᠲᠠᠢ ᠠᠵᠢᠯ ᠪᠠ ᠪᠣᠳᠠᠲᠠᠢ | ᠪᠣᠳᠠᠲᠤ ᠶᠠᠪᠤᠳᠠᠯ ᠢ ᠰᠠᠶᠢᠲᠤᠷ ᠬᠢᠵᠦ᠂ ᠠᠷᠠᠳ ᠤᠯᠠᠨ ᠤ ᠬᠦᠷᠲᠡᠮᠵᠢ ᠶᠢᠨ ᠲᠦᠷᠦᠭᠳᠡᠯ᠂ ᠵᠣᠯ ᠵᠢᠷᠭᠠᠯᠲᠤ | ᠲᠦᠷᠦᠭᠳᠡᠯ᠂ ᠠᠮᠤᠷ ᠲᠦᠪᠰᠢᠨ ᠤ ᠲᠦᠷᠦᠭᠳᠡᠯ ᠪᠠ ᠬᠠᠨᠤᠮᠵᠢ ᠶᠢᠨ ᠬᠡᠮᠵᠢᠶ᠎ᠡ ᠶᠢ ᠲᠠᠰᠤᠷᠠᠯᠲᠠ ᠦᠭᠡᠢ | ᠳᠡᠭᠡᠭᠰᠢᠯᠡᠭᠦᠯᠬᠦ ᠬᠡᠷᠡᠭᠲᠡᠢ᠃ | | ᠨᠠᠶᠢᠷᠠᠭᠤᠯᠤᠭᠴᠢ᠄ ᠸᠠᠩ ᠵᠢᠩ ᠵᠢᠩ᠂ ᠴᠢᠶᠣᠣ ᠮᠢᠨ ᠮᠢᠨ | ᠣᠷᠴᠢᠭᠤᠯᠤᠭᠴᠢ᠄ ᠳ᠋ᠥᠩ ᠾᠦᠢ |