ᠵᠢᠨᠢᠩ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ 2025 ᠣᠨ ᠤ 7 ᠳ᠋ᠤᠭᠠᠷ ᠤᠳᠠᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠵᠢᠴᠢ 5 ᠳ᠋ᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2025/3/31
    3 ᠰᠠᠷ᠎ᠠ ᠶᠢᠨ 28 ᠤ ᠡᠳᠦᠷ᠂ ᠲᠣᠭᠤᠷᠢᠭ ᠤᠨ ᠨᠠᠮ ᠤᠨ ᠬᠤᠷᠢᠶ᠎ᠠ ᠶᠢᠨ ᠳᠡᠳ᠋ ᠱᠦᠵᠢ᠂ ᠵᠠᠰᠠᠭ ᠤᠨ ᠣᠷᠳᠣᠨ ᠤ ᠲᠣᠭᠤᠷᠢᠭ ᠤᠨ ᠳᠠᠷᠤᠭ᠎ᠠ ᠺᠠᠩ ᠬᠠᠶ ᠷᠦᠢ ᠲᠣᠭᠤᠷᠢᠭ ᠤᠨ ᠵᠠᠰᠠᠭ ᠤᠨ ᠣᠷᠳᠣᠨ ᠤ 2025 ᠣᠨ ᠤ ᠳᠣᠯᠣᠳᠤᠭᠠᠷ ᠤᠳᠠᠭᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠵᠢᠴᠢ ᠲᠠᠪᠤᠳᠤᠭᠠᠷ ᠤᠳᠠᠭᠠᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠵᠢᠨᠢᠩ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠤᠨ ᠠᠵᠢᠯ ᠤᠨ ᠲᠣᠬᠢᠷᠠᠭᠤᠯᠤᠯᠲᠠ︾ ᠶᠢ ᠬᠢᠨᠠᠨ ᠵᠥᠪᠯᠡᠵᠦ᠂ ᠬᠠᠮᠢᠶ᠎ᠠ ᠪᠥᠬᠦᠶ ᠠᠵᠢᠯ ᠢ ᠳᠣᠭᠢᠷᠠᠭᠤᠯᠤᠨ ᠪᠠᠶᠢᠷᠢᠯᠠᠭᠤᠯᠪᠠ᠃    ᠬᠤᠷᠠᠯ ᠠᠴᠠ ᠴᠢᠬᠤᠯᠠᠴᠢᠯᠠᠭᠰᠠᠨ ᠨᠢ᠂ ᠶᠡᠷᠦᠩᠬᠡᠶ ᠱᠦᠵᠢ ᠰᠢ ᠶᠢᠨ ᠫᠢᠩ ᠤᠨ ᠶᠦᠨᠨᠠᠨ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠮᠠᠨ ᠤ  ᠲᠤᠭᠤᠷᠢᠭ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠬᠤ ᠬᠡᠷᠡᠭᠲᠡᠶ᠃ ᠡᠷᠡᠮᠡᠬᠡᠶᠢᠯᠡᠨ ᠤᠷᠤᠭᠰᠢᠯᠠᠵᠤ᠂ ᠦᠨᠡᠨ ᠬᠦ ᠠᠳᠬᠤᠨ ᠪᠣᠳᠠᠲᠠᠢ ᠠᠵᠢᠯᠯᠠᠵᠤ᠂ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠵᠦ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠡᠷᠭᠡ ᠠᠵᠢᠯ ᠢ ᠯᠠᠪᠳᠠᠭᠤᠨ ᠪᠠᠲᠤᠲᠠᠢ ᠠᠬᠢᠭᠤᠯᠵᠤ᠂ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ᠃ ᠶᠡᠷᠦᠩᠬᠡᠢ ᠱᠦᠵᠢ ᠰᠢ ᠶᠢᠨ ᠫᠢᠩ ᠤᠨ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠠᠵᠢᠯ ᠤᠨ ᠲᠤᠬᠠᠢ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠤᠬᠠᠭᠤᠯᠭ᠎ᠠ ᠬᠥᠮᠦᠵᠢᠯ ᠢ ᠴᠢᠩᠭᠠᠳᠬᠠᠵᠤ᠂ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠵᠤ᠂ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠪᠠ ᠠᠵᠤ ᠠᠬᠤᠢ ᠨᠡᠶᠢᠭᠡᠮ ᠤᠨ ᠬᠥᠭᠵᠢᠯᠲᠡ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠠᠵᠢᠯ ᠤᠨ ᠰᠢᠨ᠎ᠡ ᠪᠠᠶᠢᠳᠠᠯ ᠢ ᠲᠠᠰᠤᠷᠠᠯᠲᠠ ᠦᠭᠡᠢ ᠡᠭᠦᠳᠬᠦ ᠬᠡᠷᠡᠭᠲᠡᠢ ᠃    ᠬᠤᠷᠠᠯ ᠠᠴᠠ ᠵᠢᠭᠠᠭᠰᠠᠨ ᠨᠢ ᠂ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠤᠨ ᠴᠢᠬᠤᠯᠠ ᠶᠡᠭᠡ ᠠᠴᠢ ᠬᠤᠯᠪᠣᠭᠳᠠᠯ ᠢ ᠭᠦᠨᠵᠡᠭᠡᠢ ᠲᠠᠨᠢᠵᠤ᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠳᠡᠭᠡᠷ᠎ᠡ ᠦᠨᠡᠨ ᠬᠦ ᠨᠢᠭᠡᠳᠬᠡᠵᠦ᠂ ᠥᠨᠳᠥᠷ ᠪᠠᠷᠢᠮᠵᠢᠶ᠎ᠠ᠂ ᠴᠢᠩᠭ᠎ᠠ ᠱᠠᠭᠠᠷᠳᠠᠯᠭ᠎ᠠ ᠪᠠᠷ ᠰᠤᠷᠤᠯᠴᠠᠯᠭ᠎ᠠ ᠬᠥᠮᠦᠵᠢᠯ ᠢ ᠥᠷᠨᠢᠭᠦᠯᠵᠦ᠂ ᠨᠠᠮ ᠤᠨ ᠭᠡᠰᠢᠭᠦᠨ ᠺᠠᠳ᠋ᠷᠴᠤᠳ ᠤᠨ ᠰᠢᠯᠢᠳᠡᠭ ᠰᠤᠷᠲᠠᠯ ᠢᠶᠠᠷ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ᠂ ᠠᠵᠢᠯ ᠬᠢᠵᠦ ᠦᠢᠯᠡᠰ ᠪᠤᠰᠬᠠᠬᠤ ᠶᠢ ᠠᠬᠢᠭᠤᠯᠬᠤ ᠬᠡᠷᠡᠭᠲᠡᠢ᠃ ᠭᠤᠣᠯ ᠰᠡᠳᠦᠪ ᠲᠤ ᠠᠩᠬᠠᠷᠤᠯ ᠢᠶᠠᠨ ᠲᠥᠪᠯᠡᠷᠡᠭᠦᠯᠵᠦ᠂ ᠪᠣᠳᠠᠲᠤ ᠦᠷ᠎ᠡ ᠪᠦᠲᠦᠮᠵᠢ ᠶᠢ ᠴᠢᠬᠤᠯᠠᠴᠢᠯᠠᠵᠤ᠂ ᠰᠤᠷᠤᠯᠴᠠᠯᠭ᠎ᠠ ᠬᠥᠮᠦᠵᠢᠯ ᠤᠨ ᠬᠠᠷᠠᠯᠲᠠ ᠡᠭᠦᠷᠭᠡ ᠶᠢ ᠣᠨᠣᠪᠴᠢᠲᠠᠢ ᠡᠵᠡᠮᠳᠡᠵᠦ᠂ ᠰᠤᠷᠤᠯᠴᠠᠨ ᠪᠠᠶᠢᠴᠠᠭᠠᠵᠤ ᠥᠭᠡᠷᠡᠴᠢᠯᠡᠬᠦ ᠶᠢ ᠨᠢᠭᠡ ᠴᠤᠭᠴᠠᠵᠢᠭᠤᠯᠤᠨ ᠠᠬᠢᠭᠤᠯᠵᠤ᠂ ᠰᠤᠷᠤᠯᠴᠠᠯᠭ᠎ᠠ ᠬᠥᠮᠦᠵᠢᠯ ᠤᠨ ᠦᠷ᠎ᠡ ᠪᠦᠲᠦᠭᠡᠯ ᠢ ᠬᠥᠭᠵᠢᠯᠲᠡ ᠶᠢ ᠠᠬᠢᠭᠤᠯᠬᠤ ᠪᠣᠳᠠᠲᠤ ᠠᠮᠵᠢᠯᠲᠠ ᠪᠣᠯᠭᠠᠨ ᠦᠨᠡᠨᠬᠦ ᠬᠤᠪᠢᠷᠠᠭᠤᠯᠬᠤ ᠬᠡᠷᠡᠭᠲᠡᠢ᠃    ᠬᠤᠷᠠᠯ ᠠᠴᠠ ︽ᠲᠠᠪᠤᠨ ᠶᠡᠭᠡ ᠡᠭᠦᠷᠭᠡ︾ ᠶᠢᠨ 2025 ᠣᠨ ᠤ ᠭᠤᠤᠯᠳᠠᠯᠭ᠎ᠠ ᠲᠠᠢ ᠡᠭᠦᠷᠭᠡ ᠶᠢᠨ ᠨᠠᠷᠢᠨ ᠲᠠᠩᠰᠠ ᠶᠢ ᠬᠢᠨᠠᠨ ᠵᠥᠪᠯᠡᠵᠦ᠂ ᠦᠵᠡᠯ ᠰᠠᠨᠠᠭ᠎ᠠ ᠲᠠᠨᠢᠯᠲᠠ ᠪᠠᠨ ᠦᠨᠡᠨ ᠬᠦ ᠳᠡᠭᠡᠭᠰᠢᠯᠡᠭᠦᠯᠦᠨ᠂ ᠬᠡᠷᠡᠭᠵᠢᠭᠦᠯᠬᠦ ᠲᠥᠰᠦᠯ ᠪᠠ ᠠᠵᠢᠯ ᠤᠨ ᠠᠷᠭ᠎ᠠ ᠬᠡᠮᠵᠢᠶ᠎ᠡ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠬᠠᠷᠠᠯᠲᠠ ᠡᠭᠦᠷᠭᠡ ᠶᠢ ᠴᠢᠩᠭ᠎ᠠ ᠠᠩᠬᠠᠷᠴᠤ᠂ ᠠᠵᠢᠯ ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ᠂ ᠵᠠᠩᠭᠢᠯᠠᠭ᠎ᠠ ᠶᠢᠨ ᠴᠡᠭ ᠢ ᠲᠣᠳᠣᠷᠬᠠᠶᠢᠯᠠᠵᠤ᠂ ᠰᠡᠳᠬᠢᠬᠦᠶ ᠪᠠᠨ ᠴᠢᠩᠭᠠᠳᠬᠠᠵᠤ᠂ ᠡᠭᠦᠷᠭᠡ ᠶᠢᠨ ᠨᠠᠷᠢᠨ ᠲᠠᠩᠰᠠ ᠶᠢ ᠦᠨᠡᠨ ᠪᠣᠳᠠᠲᠠᠶ ᠠᠵᠢᠯ ᠤᠨ ᠦᠷ᠎ᠡ ᠪᠦᠲᠦᠮᠵᠢ ᠪᠣᠯᠭᠠᠨ ᠬᠤᠪᠢᠷᠠᠭᠤᠯᠬᠤ ᠬᠡᠷᠡᠭᠲᠡᠶ ᠭᠡᠵᠦ ᠴᠢᠬᠤᠯᠠᠴᠢᠯᠠᠪᠠ᠃    ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃   
 
ᠢᠷᠡᠯᠲᠡ᠄ ᠵᠢᠨᠢᠩ ᠲᠣᠭᠤᠷᠢᠭ ᠤᠨ ᠵᠠᠰᠠᠭ ᠤᠨ ᠣᠷᠳᠣᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2