ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠴᠢᠳᠠᠪᠤᠷᠢ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ | ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠪᠠᠲᠤ ᠪᠠᠬᠢ ᠪᠠᠶᠢᠭᠤᠯᠵᠤ᠂ ᠬᠠᠩᠰᠢ ᠶᠢᠨ ᠬᠤᠭᠤᠴᠠᠭᠠᠨ ᠳᠠᠬᠢ | ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠠᠵᠢᠯ ᠢ ᠰᠠᠶᠢᠲᠤᠷ ᠬᠢᠵᠦ᠂ ᠠᠷᠠᠳ ᠣᠯᠠᠨ ᠤ | ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠪᠠ ᠠᠮᠢ ᠠᠬᠤᠶ ᠶᠢᠨ ᠣᠷᠴᠢᠨ ᠨᠥᠬᠦᠴᠡᠯ ᠤᠨ ᠲᠣᠭᠲᠠᠭᠤᠨ | ᠪᠠᠶᠢᠳᠠᠯ ᠢ ᠪᠠᠲᠤᠯᠠᠬᠤ ᠶᠢᠨ ᠲᠥᠯᠥᠭᠡ᠂ ᠴᠢᠶᠣᠤ ᠰᠢ ᠵᠡᠭᠡᠯᠢ ᠭᠤᠳᠤᠮᠵᠢ ᠢᠳᠡᠪᠬᠢᠲᠡᠶ ᠬᠥᠳᠡᠯᠦᠯᠴᠡᠵᠦ᠂ ᠣᠯᠠᠨ | ᠵᠦᠢᠯ ᠤᠨ ᠪᠦᠲᠦᠮᠵᠢᠲᠡᠶ ᠠᠷᠭ᠎ᠠ ᠬᠡᠮᠵᠢᠶ᠎ᠡ ᠠᠪᠴᠤ ᠪᠠᠶᠢᠭᠠᠳ ᠣᠶ ᠰᠢᠭᠤᠶ ᠨᠤᠲᠤᠭ ᠪᠡᠯᠴᠢᠭᠡᠷ ᠤᠨ ᠭᠠᠯ | ᠰᠡᠷᠭᠡᠶᠢᠯᠡᠬᠦ ᠠᠵᠢᠯ ᠢ ᠪᠥᠬᠦ ᠲᠠᠯ᠎ᠠ ᠪᠠᠷ ᠴᠢᠩᠭᠠᠳᠬᠠᠵᠤ᠂ ᠬᠠᠷᠢᠶ᠎ᠠ ᠣᠷᠣᠨ ᠤ ᠠᠷᠠᠳ ᠣᠯᠠᠨ ᠤ ᠠᠮᠢ ᠨᠠᠰᠤ ᠡᠳ᠋ | ᠬᠥᠷᠥᠩᠭᠡ ᠶᠢᠨ ᠠᠮᠤᠷ ᠲᠦᠪᠰᠢᠨ ᠢ ᠦᠨᠡᠨ ᠬᠦ ᠪᠠᠲᠤᠯᠠᠪᠠ᠃ | ᠨᠢᠭᠡ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠭᠠᠯ ᠰᠡᠷᠭᠡᠶᠢᠯᠡᠬᠦ | ᠬᠠᠷᠢᠭᠤᠴᠠᠯᠭ᠎ᠠ ᠶᠢ ᠪᠣᠳᠠᠲᠠᠶᠢᠵᠢᠭᠤᠯᠬᠤ ᠬᠡᠷᠡᠭᠲᠡᠶ | ᠵᠡᠭᠡᠯᠢ ᠭᠤᠳᠤᠮᠵᠢ ᠶᠢᠨ ᠬᠢᠨ ᠬᠡᠷᠡᠭ ᠡᠷᠬᠢᠯᠡᠬᠦ ᠭᠠᠵᠠᠷ ᠤᠨ ᠡᠷᠬᠢᠯᠡᠭᠴᠢ ᠪᠠᠷ ᠳᠤᠭᠤᠶᠢᠯᠠᠩ ᠤᠨ ᠳᠠᠷᠤᠭ᠎ᠠ | ᠪᠣᠯᠭᠠᠭᠰᠠᠨ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠠᠵᠢᠯ ᠤᠨ ᠤᠳᠤᠷᠢᠳᠬᠤ | ᠳᠤᠭᠤᠶᠢᠯᠠᠩ ᠢ ᠪᠠᠶᠢᠭᠤᠯᠵᠤ᠂ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢ ᠲᠣᠳᠣᠷᠬᠠᠶᠢᠯᠠᠨ᠂ ᠭᠤᠤᠯ | ᠤᠳᠤᠷᠢᠳᠤᠯᠭ᠎ᠠ ᠪᠡᠶ᠎ᠡ ᠪᠠᠷ ᠢᠶᠠᠨ ᠠᠳᠬᠤᠬᠤ᠂ ᠬᠤᠪᠢᠳᠠᠨ ᠬᠠᠮᠢᠶᠠᠷᠴᠤ ᠪᠥᠬᠦᠶ ᠤᠳᠤᠷᠢᠳᠤᠯᠭ᠎ᠠ ᠪᠣᠳᠠᠲᠠᠶ | ᠠᠳᠬᠤᠬᠤ᠂ ᠡᠯ᠎ᠡ ᠨᠡᠶᠢᠭᠡᠮ ᠲᠣᠭᠤᠷᠢᠭ ᠬᠠᠮᠵᠢᠯᠴᠠᠨ ᠠᠳᠬᠤᠬᠤ ᠠᠵᠢᠯ ᠤᠨ ᠪᠠᠶᠢᠷᠢᠰᠢᠯ ᠢ ᠪᠣᠶ ᠪᠣᠯᠭᠠᠪᠠ᠃ ᠵᠡᠭᠡᠯᠢ | ᠭᠤᠳᠤᠮᠵᠢ ᠶᠢᠨ ᠺᠠᠳ᠋ᠷ ᠨᠡᠶᠢᠭᠡᠮ ᠲᠣᠭᠤᠷᠢᠭ ᠢ ᠳᠠᠭᠠᠭᠠᠴᠢᠯᠠᠬᠤ᠂ ᠨᠡᠶᠢᠭᠡᠮ ᠲᠣᠭᠤᠷᠢᠭ ᠤᠨ ᠺᠠᠳ᠋ᠷ ᠬᠡᠰᠡᠭ ᠢ | ᠳᠠᠭᠠᠭᠠᠴᠢᠯᠠᠭᠰᠠᠨ ᠲᠣᠣᠷᠵᠢᠭᠤᠯᠤᠭᠰᠠᠨ ᠬᠠᠮᠢᠶᠠᠷᠤᠯᠲᠠ ᠶᠢᠨ ᠬᠠᠷᠢᠭᠤᠴᠠᠯᠭ᠎ᠠ ᠶᠢᠨ ᠲᠦᠷᠢᠮ ᠢ ᠬᠡᠷᠡᠭᠵᠢᠭᠦᠯᠵᠦ᠂ ᠭᠠᠯ | ᠰᠡᠷᠭᠡᠶᠢᠯᠡᠬᠦ ᠬᠠᠷᠢᠭᠤᠴᠠᠯᠭ᠎ᠠ ᠶᠢ ᠬᠥᠮᠦᠨ ᠨᠢᠭᠡᠪᠦᠷᠢ᠂ ᠬᠡᠰᠡᠭ ᠣᠷᠣᠨ ᠪᠦᠰᠡ ᠳᠤ ᠨᠠᠶᠢᠳᠠᠪᠤᠷᠢᠵᠢᠭᠤᠯᠤᠨ᠎ᠠ᠃ 3 | ᠰᠠᠷ᠎ᠠ ᠶᠢᠨ 25 ᠤ ᠡᠳᠦᠷ᠂ ᠵᠡᠭᠡᠯᠢ ᠭᠤᠳᠤᠮᠵᠢ ᠬᠠᠩᠰᠢ ᠶᠢᠨ ᠡᠳᠦᠷ ᠤᠨ ᠬᠤᠭᠤᠴᠠᠭᠠᠨ ᠳᠠᠬᠢ ᠣᠶ ᠰᠢᠭᠤᠶ | ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ | ᠬᠤᠷᠠᠯᠳᠤᠭᠤᠯᠵᠤ᠂ ᠬᠤᠷᠠᠯ ᠳᠡᠭᠡᠷ᠎ᠡ ᠬᠡᠷᠡᠭ ᠡᠷᠬᠢᠯᠡᠬᠦ ᠭᠠᠵᠠᠷ ᠤᠨ ᠡᠷᠬᠢᠯᠡᠭᠴᠢ ᠵᠣᠣ ᠬᠤᠩ ᠢ ︽2025 ᠣᠨ ᠤ | ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠲᠤᠬᠠᠶ ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠵᠠᠷᠯᠢᠭ︾᠂ ︽2025 ᠣᠨ ᠤ ᠣᠶ ᠰᠢᠭᠤᠶ ᠨᠤᠲᠤᠭ | ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠲᠤᠬᠠᠶ ᠤᠯᠠᠭᠠᠨᠴᠠᠪ ᠬᠤᠲᠠ ᠶᠢᠨ ᠠᠷᠠᠳ ᠤᠨ ᠵᠠᠰᠠᠭ ᠤᠨ | ᠣᠷᠳᠣᠨ ᠤ ᠵᠠᠷᠯᠢᠭ︾ ᠢ ᠤᠯᠠᠮᠵᠢᠯᠠᠨ ᠰᠤᠷᠤᠯᠴᠠᠵᠤ᠂ ᠭᠠᠯ ᠰᠡᠷᠭᠡᠶᠢᠯᠡᠬᠦ ᠠᠵᠢᠯ ᠳᠤ ᠪᠥᠬᠦ ᠲᠠᠯ᠎ᠠ ᠶᠢᠨ | ᠪᠠᠶᠢᠷᠢᠯᠠᠭᠤᠯᠤᠯᠲᠠ ᠪᠠ ᠲᠣᠬᠢᠷᠠᠭᠤᠯᠤᠯᠲᠠ ᠬᠢᠪᠠ᠃ | ᠬᠤᠶᠠᠷ᠂ ᠲᠤᠬᠠᠶᠢᠯᠠᠭᠰᠠᠨ ᠠᠵᠢᠯ ᠤᠨ ᠪᠣᠯᠪᠠᠰᠤᠷᠠᠭᠤᠯᠤᠯ ᠢ ᠥᠷᠨᠢᠭᠦᠯᠵᠦ᠂ ᠭᠠᠯ ᠰᠡᠷᠭᠡᠶᠢᠯᠡᠬᠦ ᠦᠵᠡᠯ | ᠤᠬᠠᠮᠰᠠᠷ ᠢᠶᠠᠨ ᠳᠡᠭᠡᠭᠰᠢᠯᠡᠭᠦᠯᠬᠦ ᠬᠡᠷᠡᠭᠲᠡᠶ | ᠵᠡᠭᠡᠯᠢ ᠭᠤᠳᠤᠮᠵᠢ ᠶᠢᠨ ᠨᠠᠮ ᠤᠨ ᠠᠵᠢᠯᠯᠠᠬᠤ ᠬᠤᠷᠢᠶ᠎ᠠ ᠶᠢᠨ ᠭᠡᠰᠢᠭᠦᠨ᠂ ᠵᠡᠪᠰᠡᠭᠲᠦ ᠬᠦᠴᠦᠨ ᠤ ᠬᠡᠯᠲᠡᠰ ᠤᠨ | ᠳᠠᠷᠤᠭ᠎ᠠ ᠯᠢ ᠳ᠋ᠦᠩ ᠮᠢᠩ ᠴᠢᠬᠤᠯᠠᠴᠢᠯᠠᠭᠰᠠᠨ ᠨᠢ᠂ ᠣᠳᠣᠬᠠᠨ ᠤ ᠣᠶ ᠰᠢᠭᠤᠶ ᠨᠤᠲᠤᠭ ᠪᠡᠯᠴᠢᠭᠡᠷ ᠤᠨ ᠭᠠᠯ | ᠰᠡᠷᠭᠡᠶᠢᠯᠡᠬᠦ ᠪᠠᠶᠢᠳᠠᠯ ᠬᠡᠪ ᠤᠨ ᠪᠤᠰᠤ ᠬᠦᠨᠳᠦ ᠨᠣᠴᠢᠲᠠᠶ ᠪᠠᠶᠢᠨ᠎ᠠ᠂ ᠪᠣᠶ ᠪᠥᠬᠦᠶ ᠠᠵᠢᠯᠲᠠᠳ ᠤᠯᠤᠰ ᠲᠥᠷᠥ ᠶᠢᠨ | ᠵᠣᠭᠰᠣᠴᠠ ᠪᠠᠨ ᠳᠡᠭᠡᠭᠰᠢᠯᠡᠭᠦᠯᠵᠦ᠂ ᠡᠯ᠎ᠡ ᠵᠦᠢᠯ ᠤᠨ ᠭᠠᠯ ᠰᠡᠷᠭᠡᠶᠢᠯᠡᠵᠦ ᠭᠠᠯ ᠤᠨᠲᠠᠷᠠᠭᠠᠬᠤ ᠪᠠᠭᠠᠵᠢ ᠶᠢᠨ | ᠠᠵᠢᠯᠯᠠᠭᠠᠨ ᠤ ᠠᠷᠭ᠎ᠠ ᠳᠡᠮ ᠪᠠ ᠰᠢᠨᠵᠢᠯᠡᠬᠦ ᠤᠬᠠᠭᠠᠨᠴᠢ ᠪᠠᠷ ᠭᠠᠯ ᠤᠨᠲᠠᠷᠠᠭᠠᠬᠤ ᠠᠷᠭ᠎ᠠ ᠶᠢ ᠬᠢᠨᠠᠮᠠᠭᠠᠶ ᠰᠤᠷᠤᠯᠴᠠᠨ | ᠪᠣᠯᠪᠠᠰᠤᠷᠠᠩᠭᠤᠶ ᠡᠵᠡᠮᠰᠢᠵᠦ᠂ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠵᠦ ᠭᠠᠯ ᠤᠨᠲᠠᠷᠠᠭᠠᠬᠤ | ᠠᠵᠢᠯ ᠤᠨ ᠪᠠᠶᠢᠷᠢᠯᠠᠭᠤᠯᠤᠯᠲᠠ ᠶᠢ ᠴᠢᠩᠭ᠎ᠠ ᠨᠠᠶᠢᠳᠠᠪᠤᠷᠢᠵᠢᠭᠤᠯᠤᠨ᠂ ᠠᠶᠤᠯ ᠲᠦᠭᠰᠢᠭᠦᠷᠢ ᠶᠢ ᠰᠡᠷᠭᠡᠶᠢᠯᠡᠬᠦ ᠶᠢ | ᠦᠨᠡᠨ ᠬᠦ ᠪᠡᠶᠡᠯᠡᠭᠦᠯᠬᠦ ᠶᠢᠨ ᠬᠠᠮᠲᠤ ᠣᠶ ᠰᠢᠭᠤᠶ ᠨᠤᠲᠤᠭ ᠪᠡᠯᠴᠢᠭᠡᠷ ᠤᠨ ᠭᠠᠯ ᠤᠨ ᠠᠶᠤᠯ ᠢ ᠰᠡᠷᠭᠡᠶᠢᠯᠡᠬᠦ᠂ ᠣᠶ | ᠰᠢᠭᠤᠶ ᠨᠤᠲᠤᠭ ᠪᠡᠯᠴᠢᠭᠡᠷ ᠤᠨ ᠭᠠᠯ ᠤᠨ ᠠᠶᠤᠯ ᠠᠴᠠ ᠠᠪᠤᠷᠠᠨ ᠲᠤᠰᠠᠯᠠᠬᠤ ᠶᠢ ᠵᠣᠬᠢᠶᠠᠨ ᠪᠠᠶᠢᠭᠤᠯᠤᠨ | ᠵᠢᠯᠣᠭᠤᠳᠬᠤ᠂ ᠭᠠᠯ ᠲᠦᠢᠮᠡᠷ ᠢ ᠤᠨᠲᠠᠷᠠᠭᠠᠬᠤ ᠠᠷᠭ᠎ᠠ ᠵᠡᠷᠭᠡ ᠠᠭᠤᠯᠭ᠎ᠠ ᠶᠢᠨ ᠲᠣᠭᠤᠷᠢᠨ ᠳᠤ ᠲᠣᠳᠣᠷᠬᠠᠶᠢᠯᠠᠨ | ᠦᠭᠦᠯᠡᠪᠡ᠃ | ᠭᠤᠷᠪᠠ᠂ ᠪᠣᠳᠠᠲᠠᠢ ᠪᠣᠯᠪᠠᠰᠤᠷᠠᠯ ᠤᠨ ᠪᠣᠯᠪᠠᠰᠤᠷᠠᠯ ᠬᠢᠵᠦ᠂ ᠪᠠᠴᠢᠮ ᠪᠠᠶᠢᠳᠠᠯ ᠢ ᠠᠷᠭᠠᠴᠠᠭᠠᠬᠤ ᠴᠢᠳᠠᠪᠤᠷᠢ ᠪᠠᠨ | ᠳᠡᠭᠡᠭᠰᠢᠯᠡᠭᠦᠯᠬᠦ ᠬᠡᠷᠡᠭᠲᠡᠢ | ᠣᠶᠢᠷ᠎ᠠ ᠳᠤ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠬᠢᠨ ᠪᠠᠴᠢᠮ ᠪᠠᠶᠢᠳᠠᠯ ᠢ ᠠᠷᠭᠠᠴᠠᠵᠤ | ᠠᠪᠤᠷᠠᠨ ᠲᠤᠰᠠᠯᠠᠬᠤ ᠪᠠ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠶᠡᠭᠡ ᠠᠩᠭᠢ ᠶᠢᠨ | ᠰᠤᠷᠭᠠᠭᠴᠢ ᠶᠢ ᠤᠷᠢᠵᠤ ᠪᠣᠳᠠᠲᠠᠶ ᠪᠣᠯᠪᠠᠰᠤᠷᠠᠯ ᠬᠢᠯᠭᠡᠵᠦ᠂ ᠪᠣᠳᠠᠲᠠᠶ ᠪᠡᠶ᠎ᠡ ᠶᠢᠨ ᠲᠠᠮᠢᠷ ᠤᠨ ᠲᠤᠬᠠᠶ ᠶᠢᠨ | ᠲᠠᠯᠠᠪᠠᠶ ᠳᠤ᠂ ᠰᠤᠷᠭᠠᠭᠴᠢ ᠰᠠᠯᠬᠢᠨ ᠤ ᠬᠦᠴᠦᠨ ᠢᠶᠠᠷ ᠭᠠᠯ ᠤᠨᠲᠠᠷᠠᠭᠠᠬᠤ ᠮᠠᠰᠢᠨ᠂ ᠬᠤᠶᠠᠳᠤᠭᠠᠷ ᠪᠠᠭᠠᠵᠢ ᠬᠡᠷᠡᠭᠰᠡᠯ | ᠵᠡᠷᠭᠡ ᠬᠠᠮᠢᠶ᠎ᠠ ᠪᠥᠬᠦᠶ ᠪᠠᠭᠠᠵᠢ ᠬᠡᠷᠡᠭᠰᠡᠯ ᠤᠨ ᠴᠢᠳᠠᠮᠵᠢ ᠪᠠ ᠬᠡᠷᠡᠭᠯᠡᠬᠦ ᠠᠷᠭ᠎ᠠ ᠶᠢ ᠬᠦᠯᠢᠴᠡᠩᠭᠦᠶ ᠪᠠᠷ ᠨᠠᠷᠢᠨ ᠨᠢᠮᠪᠠᠶ | ᠲᠠᠨᠢᠯᠴᠠᠭᠤᠯᠵᠤ ᠲᠤᠷᠰᠢᠨ ᠬᠡᠷᠡᠭᠯᠡᠬᠦ ᠶᠢᠨ ᠵᠢᠱᠢᠶ᠎ᠡ ᠦᠵᠡᠭᠦᠯᠦᠭᠰᠡᠨ ᠪᠥᠭᠡᠳ ᠭᠠᠯ ᠤᠨ ᠲᠠᠯᠠᠪᠠᠶ ᠶᠢᠨ ᠠᠵᠢᠯᠲᠠᠨ ᠤ | ᠪᠠᠶᠢᠷᠢᠯᠠᠭᠤᠯᠤᠯᠲᠠ᠂ ᠭᠠᠯ ᠤᠨᠲᠠᠷᠠᠭᠠᠬᠤ ᠮᠡᠷᠭᠡᠵᠢᠯ᠂ ᠦᠯᠡᠳᠡᠪᠦᠷᠢ ᠭᠠᠯ ᠢ ᠴᠡᠪᠡᠷᠯᠡᠬᠦ᠂ ᠠᠮᠤᠷ ᠲᠦᠪᠰᠢᠨ ᠢᠶᠠᠷ | ᠵᠠᠶᠢᠯᠠᠬᠤ᠂ ᠭᠠᠯ ᠤᠨ ᠲᠠᠯᠠᠪᠠᠶ ᠶᠢ ᠰᠠᠬᠢᠵᠤ ᠬᠤᠴᠣᠷᠬᠤ ᠵᠡᠷᠭᠡ ᠪᠠᠶᠢᠳᠠᠯ ᠢ ᠳᠠᠭᠤᠷᠢᠶᠠᠨ ᠪᠣᠯᠪᠠᠰᠤᠷᠠᠭᠤᠯᠵᠤ᠂ | ᠪᠣᠯᠪᠠᠰᠤᠷᠠᠯ ᠳᠤ ᠣᠷᠣᠯᠴᠠᠭᠰᠠᠳ ᠰᠤᠷᠭᠠᠭᠴᠢ ᠶᠢᠨ ᠵᠢᠯᠣᠭᠤᠳᠣᠯᠭ᠎ᠠ ᠳᠣᠤᠷ᠎ᠠ᠂ ᠡᠯ᠎ᠡ ᠲᠥᠷᠥᠯ ᠤᠨ ᠭᠠᠯ | ᠤᠨᠲᠠᠷᠠᠭᠠᠬᠤ ᠪᠠᠭᠠᠵᠢ ᠬᠡᠷᠡᠭᠰᠡᠯ ᠢ ᠵᠥᠪ ᠣᠨᠣᠪᠴᠢᠲᠠᠶ ᠪᠡᠶᠡᠴᠢᠯᠡᠨ ᠣᠶᠢᠯᠠᠭᠠᠬᠤ ᠳᠤ ᠢᠳᠡᠪᠬᠢᠲᠡᠶ ᠣᠷᠣᠯᠴᠠᠪᠠ᠃ | ᠠᠵᠢᠯ ᠤᠨ ᠪᠠᠶᠢᠷᠢᠯᠠᠭᠤᠯᠤᠯᠲᠠ᠂ ᠣᠨᠣᠯ ᠤᠨ ᠰᠤᠷᠤᠯᠴᠠᠯᠭ᠎ᠠ᠂ ᠪᠣᠳᠠᠲᠤ ᠪᠣᠯᠪᠠᠰᠤᠷᠠᠯ ᠤᠨ ᠪᠣᠯᠪᠠᠰᠤᠷᠠᠯ ᠢᠶᠠᠷ | ᠳᠠᠮᠵᠢᠭᠤᠯᠤᠨ᠂ ᠵᠡᠭᠡᠯᠢ ᠭᠤᠳᠤᠮᠵᠢ ᠶᠢᠨ ᠪᠠᠴᠢᠮ ᠪᠠᠶᠢᠳᠠᠯ ᠢ ᠠᠷᠭᠠᠴᠠᠬᠤ ᠰᠠᠯᠠᠭ᠎ᠠ ᠶᠢᠨ ᠪᠦᠷᠢᠯᠳᠦᠬᠦᠨ ᠵᠢᠴᠢ ᠵᠡᠭᠡᠯᠢ | ᠭᠤᠳᠤᠮᠵᠢ ᠶᠢᠨ ᠨᠡᠶᠢᠭᠡᠮ ᠲᠣᠭᠤᠷᠢᠭ ᠤᠨ ᠺᠠᠳ᠋ᠷ ᠠᠵᠢᠯᠲᠠᠨ ᠠᠵᠢᠯᠴᠢᠨ ᠤ ᠣᠶ ᠰᠢᠭᠤᠶ ᠨᠤᠲᠤᠭ ᠪᠡᠯᠴᠢᠭᠡᠷ ᠤᠨ | ᠭᠠᠯ ᠤᠨ ᠭᠠᠮᠰᠢᠭ ᠤᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠴᠢᠳᠠᠪᠤᠷᠢ ᠶᠢ ᠦᠨᠡᠨ ᠬᠦ ᠴᠢᠩᠭᠠᠳᠬᠠᠪᠠ᠃ | ᠲᠠᠷᠠᠭᠠᠴᠢ ᠶᠢᠨ ᠠᠯᠬᠤᠮ ᠳᠤ᠂ ᠵᠡᠭᠡᠯᠢ ᠭᠤᠳᠤᠮᠵᠢ ᠶᠢᠨ ᠬᠢᠨ ᠲᠤᠷᠰᠢᠯᠭ᠎ᠠ ᠪᠠᠨ ᠨᠠᠷᠢᠨ ᠬᠢᠨᠠᠮᠠᠭᠠᠶ ᠳ᠋ᠦᠩᠨᠡᠵᠦ᠂ | ᠠᠯᠳᠠᠭᠳᠠᠯ ᠢ ᠪᠠᠶᠢᠴᠠᠭᠠᠨ ᠳᠤᠲᠠᠭᠤ ᠶᠢ ᠨᠥᠬᠦᠪᠥᠷᠢᠯᠡᠵᠦ᠂ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠨ | ᠤᠨᠲᠠᠷᠠᠭᠠᠬᠤ ᠡᠨᠡ ᠬᠦ ᠬᠥᠪᠴᠢ ᠶᠢ ᠴᠠᠭ ᠢᠮᠠᠭᠲᠠ ᠴᠢᠩᠭᠠᠯᠠᠵᠤ᠂ ᠡᠯ᠎ᠡ ᠵᠦᠢᠯ ᠤᠨ ᠭᠠᠯ ᠰᠡᠷᠭᠡᠶᠢᠯᠡᠬᠦ ᠠᠷᠭ᠎ᠠ | ᠬᠡᠮᠵᠢᠶ᠎ᠡ ᠶᠢᠨ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠨ᠎ᠠ᠃ | | | ᠣᠷᠴᠢᠭᠤᠯᠤᠭᠴᠢ᠄ ᠳ᠋ᠥᠩ ᠾᠦᠢ | |