ᠲᠠᠷᠢᠶᠠᠯᠠᠩ ᠤᠨ ᠪᠣᠬᠢᠷᠲᠤᠯ ᠥᠬᠡᠶ ᠬᠥᠭᠵᠢᠯᠲᠡ ᠶᠢᠨ ᠣᠶᠢᠯᠠᠭᠠᠭᠳᠠᠬᠤᠨ ᠢ ᠭᠦᠨᠵᠡᠭᠡᠶ ᠦᠶᠯᠡᠳᠦᠯᠭᠡᠵᠢᠭᠦᠯᠵᠦ᠂ | ᠲᠠᠷᠢᠶᠠᠯᠠᠩ ᠤᠨ ᠰᠦᠯᠢᠶᠣᠣ ᠪᠦᠷᠬᠦᠪᠴᠢ ᠶᠢᠨ ᠪᠣᠬᠢᠷᠲᠤᠯ ᠢ ᠰᠡᠷᠭᠡᠶᠢᠯᠡᠨ ᠡᠵᠡᠮᠳᠡᠬᠦ ᠠᠵᠢᠯ ᠢ ᠯᠠᠪᠳᠠᠭᠤᠨ ᠪᠠᠲᠤᠲᠠᠶ | ᠠᠬᠢᠭᠤᠯᠵᠤ᠂ ᠲᠠᠷᠢᠶᠠᠨ ᠭᠠᠵᠠᠷ ᠤᠨ ᠶᠠᠰᠤ ᠴᠢᠨᠠᠷ ᠢ ᠬᠠᠮᠠᠭᠠᠯᠠᠬᠤ ᠶᠢᠨ ᠲᠥᠯᠥᠭᠡ᠂ ᠣᠶᠢᠷ᠎ᠠ ᠳᠤ᠂ ᠵᠢᠨᠢᠩ | ᠲᠣᠭᠤᠷᠢᠭ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠦᠶᠯᠡᠴᠢᠯᠡᠭᠡᠨ ᠤ ᠲᠥᠪ ᠬᠠᠶᠠᠭᠳᠠᠮᠠᠯ | ᠬᠠᠭᠤᠴᠢᠨ ᠰᠦᠯᠢᠶᠣᠣ ᠪᠦᠷᠬᠦᠪᠴᠢ ᠶᠢᠨ ᠤᠬᠠᠭᠤᠯᠭ᠎ᠠ ᠶᠢᠨ ᠠᠵᠢᠯᠯᠠᠭ᠎ᠠ ᠶᠢ ᠪᠥᠬᠦ ᠲᠠᠯ᠎ᠠ ᠪᠠᠷ ᠥᠷᠨᠢᠭᠦᠯᠵᠦ᠂ ︽ | ᠪᠣᠬᠢᠷᠲᠤᠯ ᠥᠬᠡᠶ ᠬᠠᠪᠤᠷ ᠤᠨ ᠲᠠᠷᠢᠶᠠᠯᠠᠭ᠎ᠠ︾ ᠳᠤ ᠪᠥᠬᠦ ᠬᠦᠴᠦᠨ ᠢᠶᠠᠷ ᠢᠶᠠᠨ ᠬᠦᠴᠦᠨ ᠨᠡᠮᠡᠷᠢᠯᠡᠪᠡ᠃ | ᠠᠵᠢᠯᠲᠠᠳ ᠨᠢᠭᠡ ᠰᠢᠶᠠᠩ ᠨᠢᠭᠡ ᠪᠠᠯᠭᠠᠰᠤᠨ ᠳᠤ ᠭᠦᠨᠵᠡᠭᠡᠶᠢᠷᠡᠵᠦ᠂ ᠬᠥᠨᠳᠡᠯᠡᠨ ᠪᠢᠴᠢᠭᠡᠰᠦ ᠡᠯᠭᠦᠬᠦ᠂ ᠡᠯᠭᠦᠭᠡ | ᠵᠢᠷᠤᠭ ᠨᠠᠭᠠᠬᠤ᠂ ᠲᠤᠬᠠᠢ ᠶᠢᠨ ᠲᠠᠯᠠᠪᠠᠢ ᠳᠤ ᠲᠠᠶᠢᠯᠪᠤᠷᠢᠯᠠᠬᠤ᠂ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ ᠵᠡᠷᠭᠡ | ᠤᠯᠠᠨ ᠵᠦᠢᠯ ᠤᠨ ᠬᠡᠯᠪᠡᠷᠢ ᠪᠠᠷ ᠳᠠᠮᠵᠢᠭᠤᠯᠤᠨ᠂ ᠥᠷᠭᠡᠨ ᠤᠯᠠᠨ ᠲᠠᠷᠢᠶᠠᠴᠢᠨ ᠲᠦᠮᠡᠨ ᠳᠤ ᠲᠠᠷᠢᠶᠠᠯᠠᠩ ᠤᠨ | ᠪᠦᠷᠬᠦᠪᠴᠢ ᠶᠢᠨ ᠪᠣᠬᠢᠷᠲᠤᠯ ᠤᠨ ᠬᠤᠣᠷ ᠬᠥᠨᠥᠭᠡᠯ᠂ ᠰᠦᠯᠢᠶᠣᠣ ᠪᠦᠷᠬᠦᠪᠴᠢ ᠶᠢ ᠬᠤᠷᠢᠶᠠᠨ ᠠᠪᠬᠤ ᠶᠢᠨ ᠴᠢᠬᠤᠯᠠ | ᠴᠢᠨᠠᠷ ᠵᠢᠴᠢ ᠬᠤᠯᠪᠣᠭᠳᠠᠯ ᠪᠦᠬᠦᠢ ᠲᠦᠷᠦ ᠶᠢᠨ ᠪᠤᠳᠤᠯᠭ᠎ᠠ ᠬᠠᠤᠯᠢ ᠲᠣᠭᠲᠠᠭᠠᠯ ᠢ ᠨᠠᠷᠢᠨ ᠲᠠᠶᠢᠯᠪᠤᠷᠢᠯᠠᠵᠤ ᠥᠭᠪᠡ᠃ | ᠡᠭᠦᠨ ᠤ ᠬᠠᠮᠲᠤ ᠥᠷᠭᠡᠨ ᠣᠯᠠᠨ ᠲᠠᠷᠢᠶᠠᠴᠢᠨ ᠡᠷᠦᠬᠡ ᠶᠢ 0.012mm ᠵᠤᠵᠠᠭᠠᠨ ᠰᠦᠯᠢᠶᠣᠣ ᠪᠦᠷᠬᠦᠪᠴᠢ ᠶᠢ | ᠬᠡᠷᠡᠭᠯᠡᠬᠦ ᠶᠢ ᠢᠳᠡᠪᠬᠢᠲᠡᠶ ᠤᠷᠢᠶᠠᠯᠠᠵᠤ᠂ ᠪᠠᠷᠢᠮᠵᠢᠶ᠎ᠠ ᠪᠤᠰᠤ ᠰᠦᠯᠢᠶᠣᠣ ᠪᠦᠷᠬᠦᠪᠴᠢ ᠶᠢ ᠵᠠᠬ᠎ᠠ ᠳᠡᠯᠭᠡᠭᠦᠷ ᠲᠤ | ᠣᠷᠣᠭᠤᠯᠵᠤ ᠲᠠᠷᠢᠶᠠᠨ ᠭᠠᠵᠠᠷ ᠲᠤ ᠣᠷᠣᠭᠤᠯᠬᠤ ᠶᠢ ᠡᠷᠡᠰ ᠬᠤᠷᠢᠭᠯᠠᠵᠤ᠂ ᠺᠠᠳ᠋ᠷ ᠣᠯᠠᠨ ᠲᠦᠮᠡᠨ ᠤ ᠬᠠᠶᠠᠭᠳᠠᠮᠠᠯ | ᠬᠠᠭᠤᠴᠢᠨ ᠰᠦᠯᠢᠶᠣᠣ ᠪᠦᠷᠬᠦᠪᠴᠢ ᠶᠢ ᠵᠠᠰᠠᠬᠤ ᠳᠤ ᠬᠠᠮᠲᠤ ᠪᠠᠷ ᠣᠷᠣᠯᠴᠠᠬᠤ ᠰᠠᠶᠢᠨ ᠰᠠᠶᠢᠬᠠᠨ ᠠᠭᠤᠷ | ᠠᠮᠢᠰᠬᠤᠯ ᠢ ᠪᠣᠶ ᠪᠣᠯᠭᠠᠪᠠ᠃ ᠤᠬᠠᠭᠤᠯᠭ᠎ᠠ ᠪᠠᠷ ᠳᠠᠮᠵᠢᠨ᠂ ᠥᠷᠭᠡᠨ ᠣᠯᠠᠨ ᠲᠠᠷᠢᠶᠠᠴᠢᠨ ᠲᠦᠮᠡᠨ ᠤ | ᠲᠠᠷᠢᠶᠠᠯᠠᠩ ᠤᠨ ᠰᠦᠯᠢᠶᠣᠣ ᠪᠦᠷᠬᠦᠪᠴᠢ ᠶᠢᠨ ᠪᠣᠬᠢᠷᠲᠤᠯ ᠢ ᠰᠡᠷᠭᠡᠶᠢᠯᠡᠨ ᠡᠵᠡᠮᠳᠡᠬᠦ ᠲᠤᠬᠠᠶ ᠲᠠᠨᠢᠯᠲᠠ ᠢᠯᠡᠳᠲᠡ | ᠳᠡᠭᠡᠭᠰᠢᠯᠡᠵᠦ᠂ ᠮᠠᠰᠢ ᠣᠯᠠᠨ ᠲᠠᠷᠢᠶᠠᠴᠢᠳ ᠰᠦᠯᠢᠶᠣᠣ ᠪᠦᠷᠬᠦᠪᠴᠢ ᠶᠢ ᠬᠤᠷᠢᠶᠠᠨ ᠠᠪᠬᠤ ᠠᠵᠢᠯᠯᠠᠭ᠎ᠠ ᠳᠤ | ᠢᠳᠡᠪᠬᠢᠲᠡᠶ ᠣᠷᠣᠯᠴᠠᠵᠤ᠂ ᠬᠥᠳᠡᠭᠡ ᠲᠣᠰᠬᠤᠨ ᠤ ᠠᠮᠢ ᠠᠬᠤᠶ ᠶᠢᠨ ᠣᠷᠴᠢᠨ ᠲᠣᠭᠤᠷᠢᠨ ᠢ ᠬᠠᠮᠠᠭᠠᠯᠠᠬᠤ᠂ | ᠲᠠᠷᠢᠶᠠᠯᠠᠩ ᠤᠨ ᠪᠣᠬᠢᠷᠲᠤᠯ ᠥᠬᠡᠶ ᠬᠥᠭᠵᠢᠯᠲᠡ ᠶᠢ ᠠᠬᠢᠭᠤᠯᠬᠤ ᠳᠤ ᠥᠪᠡᠷ ᠤᠨ ᠬᠦᠴᠦᠨ ᠴᠢᠳᠠᠯ ᠢᠶᠠᠨ ᠡᠷᠭᠦᠨ᠎ᠡ | ᠭᠡᠵᠦ ᠢᠯᠡᠳᠬᠡᠵᠡᠭᠡᠪᠡ᠃ ᠲᠣᠰ ᠤᠳᠠᠭᠠᠨ ᠤ ᠠᠵᠢᠯᠯᠠᠭ᠎ᠠ ᠳᠤ ᠨᠡᠶᠢᠲᠡ 200 ᠭᠠᠷᠤᠶ ᠬᠤᠪᠢ ᠤᠬᠠᠭᠤᠯᠭ᠎ᠠ ᠶᠢᠨ | ᠮᠠᠲ᠋ᠧᠷᠢᠶᠠᠯ ᠲᠠᠷᠬᠠᠭᠠᠪᠠ᠃ ᠲᠣᠰ ᠤᠳᠠᠭᠠᠨ ᠤ ᠲᠥᠪᠯᠡᠷᠡᠭᠦᠯᠦᠨ ᠤᠬᠠᠭᠤᠯᠬᠤ ᠠᠵᠢᠯᠯᠠᠭ᠎ᠠ ᠪᠠᠷ ᠳᠠᠮᠵᠢᠭᠤᠯᠤᠨ᠂ | ᠲᠣᠰᠬᠤᠨ ᠤ ᠠᠷᠠᠳ ᠤᠨ ᠠᠮᠢ ᠠᠬᠤᠶ ᠶᠢᠨ ᠣᠷᠴᠢᠨ ᠨᠥᠬᠦᠴᠡᠯ ᠢ ᠬᠠᠮᠠᠭᠠᠯᠠᠬᠤ᠂ ᠰᠠᠶᠢᠨ ᠰᠠᠶᠢᠬᠠᠨ ᠬᠡᠷ | ᠣᠷᠣᠨ ᠢᠶᠠᠨ ᠬᠠᠮᠲᠤ ᠪᠠᠷ ᠪᠥᠲᠥᠭᠡᠨ ᠪᠠᠶᠢᠭᠤᠯᠬᠤ ᠤᠬᠠᠮᠰᠠᠷ ᠢ ᠲᠦᠢᠯ ᠤᠨ ᠶᠡᠭᠡ ᠪᠠᠷ ᠨᠡᠮᠡᠭᠳᠡᠭᠦᠯᠦᠭᠰᠡᠨ ᠪᠥᠭᠡᠳ | ᠪᠠᠰᠠ ᠰᠦᠯᠢᠶᠣᠣ ᠪᠦᠷᠬᠦᠪᠴᠢ ᠶᠢ ᠡᠭᠡᠭᠦᠯᠦᠨ ᠬᠤᠷᠢᠶᠠᠬᠤ᠂ ᠲᠠᠷᠢᠶᠠᠯᠠᠩ ᠤᠨ ᠠᠮᠢ ᠠᠬᠤᠶ ᠶᠢᠨ ᠣᠷᠴᠢᠨ | ᠨᠥᠬᠦᠴᠡᠯ ᠢ ᠰᠠᠶᠢᠵᠢᠷᠠᠭᠤᠯᠬᠤ ᠳᠤ ᠪᠠᠲᠤ ᠪᠠᠬᠢ ᠰᠠᠭᠤᠷᠢ ᠶᠢ ᠲᠠᠯᠪᠢᠭᠰᠠᠨ ᠪᠠᠶᠢᠨ᠎ᠠ᠃ | ᠲᠠᠷᠠᠭᠠᠴᠢ ᠶᠢᠨ ᠠᠯᠬᠤᠮ ᠳᠤ᠂ ᠵᠢᠨᠢᠩ ᠲᠣᠭᠤᠷᠢᠭ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ | ᠦᠶᠯᠡᠴᠢᠯᠡᠭᠡᠨ ᠤ ᠲᠥᠪ ᠤᠬᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠵᠤ᠂ ᠰᠦᠯᠢᠶᠣᠣ ᠪᠦᠷᠬᠦᠪᠴᠢ ᠶᠢ | ᠬᠤᠷᠢᠶᠠᠨ ᠠᠪᠬᠤ ᠠᠵᠢᠯ ᠢ ᠦᠷᠭᠦᠯᠵᠢᠯᠡᠨ ᠠᠬᠢᠭᠤᠯᠵᠤ᠂ ᠰᠦᠯᠢᠶᠣᠣ ᠪᠦᠷᠬᠦᠪᠴᠢ ᠶᠢ ᠬᠤᠷᠢᠶᠠᠨ ᠠᠪᠬᠤ ᠣᠷᠳᠣ | ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠦᠨ᠎ᠡ᠃ ᠰᠦᠯᠢᠶᠣᠣ | ᠪᠦᠷᠬᠦᠪᠴᠢ ᠶᠢᠨ ᠦᠯᠡᠳᠡᠭᠳᠡᠯ ᠤᠨ ᠪᠣᠬᠢᠷᠲᠤᠯ ᠢ ᠡᠬᠢ ᠡᠭᠦᠰᠦᠯ ᠠᠴᠠ ᠨᠢ ᠪᠠᠭᠠᠰᠬᠠᠵᠤ᠂ ᠪᠦᠬᠦ ᠲᠣᠭᠤᠷᠢᠭ ᠤᠨ | ᠲᠠᠷᠢᠶᠠᠯᠠᠩ ᠤᠨ ᠴᠢᠨᠠᠷ ᠰᠠᠶᠢᠲᠠᠢ᠂ ᠦᠷᠭᠦᠯᠵᠢᠯᠡᠬᠦ ᠬᠥᠭᠵᠢᠯᠲᠡ ᠶᠢ ᠪᠡᠶᠡᠯᠡᠭᠦᠯᠬᠦ ᠳᠤ ᠬᠦᠴᠦᠨ ᠨᠡᠮᠡᠷᠢᠯᠡᠨ᠎ᠡ᠃ | | ᠣᠷᠴᠢᠭᠤᠯᠤᠭᠴᠢ᠄ ᠳ᠋ᠥᠩ ᠾᠦᠢ |