ᠢᠳᠡᠭᠡᠨ ᠤ ᠠᠮᠤᠷ ᠲᠦᠪᠰᠢᠨ ᠨᠢ ᠠᠷᠠᠳ ᠤᠨ ᠠᠮᠢᠳᠤᠷᠠᠯ ᠤᠨ ᠶᠡᠭᠡ ᠶᠠᠪᠤᠳᠠᠯ ᠳᠤ ᠬᠤᠯᠪᠣᠭᠳᠠᠵᠤ᠂ ᠨᠠᠩ ᠴᠤ | ᠥᠷᠭᠡᠨ ᠣᠯᠠᠨ ᠬᠡᠷᠡᠭᠯᠡᠭᠴᠢᠳ ᠤᠨ ᠪᠡᠶ᠎ᠡ ᠮᠠᠬᠠᠪᠣᠳ ᠤᠨ ᠡᠷᠡᠭᠦᠯ ᠮᠡᠨᠳᠦ ᠪᠠ ᠠᠮᠢ ᠨᠠᠰᠤᠨ ᠤ ᠠᠮᠤᠷ | ᠲᠦᠪᠰᠢᠨ ᠲᠠᠢ ᠨᠢᠭᠲᠠ ᠬᠤᠯᠪᠣᠭ᠎ᠠ ᠲᠠᠢ ᠪᠠᠶᠢᠳᠠᠭ᠂ ᠡᠭᠦᠨ ᠳᠤ ᠵᠢᠨᠢᠩ ᠲᠣᠭᠤᠷᠢᠭ ᠤᠨ ᠵᠠᠬ᠎ᠠ ᠳᠡᠯᠭᠡᠭᠦᠷ ᠤᠨ | ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠢᠳᠡᠭᠡᠨ ᠤ ᠠᠮᠤᠷ ᠲᠦᠪᠰᠢᠨ ᠤ ᠭᠤᠤᠯ ᠰᠡᠳᠦᠪ ᠤᠨ ᠲᠣᠭᠤᠷᠢᠨ ᠳᠤ ︽ | ᠳᠥᠷᠪᠡᠨ ᠬᠠᠮᠤᠭ ᠤᠨ ᠴᠢᠩᠭ᠎ᠠ︾ ᠱᠠᠭᠠᠷᠳᠠᠯᠭ᠎ᠠ ᠶᠢ ᠢᠮᠠᠭᠲᠠ ᠪᠠᠷᠢᠮᠲᠠᠯᠠᠵᠤ᠂ ᠪᠥᠬᠦ ᠲᠤᠭᠤᠷᠢᠭ ᠤᠨ ᠢᠳᠡᠭᠡᠨ ᠤ | ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠠᠵᠢᠯ ᠢ ᠪᠥᠬᠦ ᠬᠦᠴᠦᠨ ᠢᠶᠠᠷ ᠢᠶᠠᠨ ᠴᠢᠩᠭ᠎ᠠ ᠠᠳᠬᠤᠨ ᠪᠣᠳᠠᠲᠠᠶ | ᠠᠳᠬᠤᠵᠤ᠂ ᠢᠳᠡᠭᠡᠨ ᠤ ᠠᠮᠤᠷ ᠲᠦᠪᠰᠢᠨ ᠤ ᠠᠵᠢᠯ ᠤᠨ ᠲᠣᠭᠲᠠᠭᠤᠨ ᠪᠥᠭᠡᠳ ᠡᠮᠬᠢ ᠵᠢᠷᠤᠮ ᠲᠠᠢ ᠪᠠᠶᠢᠬᠤ ᠶᠢ | ᠦᠨᠡᠨ ᠬᠦ ᠪᠠᠲᠤᠯᠠᠪᠠ᠃ | ᠨᠢᠭᠡ᠂ ᠢᠳᠡᠭᠡᠨ ᠤ ᠠᠮᠤᠷ ᠲᠥᠪᠰᠢᠨ ᠤ ᠳᠥᠷᠢᠮ ᠢ ᠨᠠᠶᠢᠳᠠᠪᠤᠷᠢᠵᠢᠭᠤᠯᠵᠤ ᠠᠮᠤᠷ ᠲᠥᠪᠰᠢᠨ ᠤ | ᠬᠠᠷᠢᠭᠤᠴᠠᠯᠭ᠎ᠠ ᠶᠢᠨ ᠤᠬᠠᠮᠰᠠᠷ ᠢ ᠪᠠᠲᠤ ᠪᠣᠢ ᠪᠣᠯᠭᠠᠨ᠎ᠠ | ᠬᠠᠤᠯᠢ ᠬᠡᠷᠡᠭᠵᠢᠭᠦᠯᠬᠦ ᠠᠵᠢᠯᠲᠠᠨ ︽ᠴᠢᠩᠭ᠎ᠠ ᠬᠢᠨᠠᠨ ᠬᠠᠮᠢᠶᠠᠷᠬᠤ᠂ ᠠᠮᠤᠷ ᠲᠦᠪᠰᠢᠨ ᠢ ᠪᠠᠲᠤᠯᠠᠬᠤ᠂ | ᠦᠢᠯᠡᠴᠢᠯᠡᠭᠡ ᠶᠢ ᠰᠢᠯᠢᠳᠡᠭᠵᠢᠭᠦᠯᠬᠦ᠂ ᠬᠥᠭᠵᠢᠯᠲᠡ ᠶᠢ ᠠᠬᠢᠭᠤᠯᠬᠤ︾ ᠠᠵᠢᠯ ᠤᠨ ᠣᠨᠣᠯᠵᠢᠬᠤᠨ ᠢ ᠪᠠᠷᠢᠮᠲᠠᠯᠠᠵᠤ᠂ | ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠢᠳᠡᠭᠡᠨ ᠤ ᠠᠮᠤᠷ ᠲᠦᠪᠰᠢᠨ ᠤ ᠬᠠᠤᠯᠢ︾᠂ ︽ | ᠢᠳᠡᠭᠡᠨ ᠤᠮᠳᠠᠭᠠᠨ ᠤ ᠦᠢᠯᠡᠴᠢᠯᠡᠭᠡᠨ ᠤ ᠢᠳᠡᠭᠡᠨ ᠤ ᠠᠮᠤᠷ ᠲᠦᠪᠰᠢᠨ ᠤ ᠠᠵᠢᠯᠯᠠᠭᠠᠨ ᠤ ᠵᠢᠷᠤᠮᠵᠢᠯ ᠤᠨ | ᠤᠬᠠᠭᠤᠯᠭ᠎ᠠ ᠶᠢᠨ ᠳᠡᠪᠲᠡᠷ︾ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠲᠠᠢ ᠴᠢᠩᠭ᠎ᠠ ᠬᠠᠷᠢᠴᠠᠭᠤᠯᠤᠨ᠂ | ᠬᠠᠷᠢᠶ᠎ᠠ ᠣᠷᠣᠨ ᠤ ᠳᠣᠲᠣᠷᠠᠬᠢ ᠢᠳᠡᠭᠡᠨ ᠤᠮᠳᠠᠭᠠᠨ ᠤ ᠬᠤᠳᠠᠯᠳᠤᠭᠠᠴᠢᠨ ᠡᠷᠦᠬᠡ᠂ ᠭᠦᠢᠯᠭᠡᠭᠡᠨ ᠤ | ᠬᠤᠳᠠᠯᠳᠤᠭᠠᠴᠢᠨ ᠡᠷᠦᠬᠡ᠂ ᠦᠢᠯᠡᠳᠪᠦᠷᠢᠯᠡᠯ ᠤᠨ ᠵᠢᠵᠢᠭ ᠦᠢᠯᠡᠳᠬᠡᠯ ᠤᠨ ᠭᠠᠵᠠᠷ ᠵᠡᠷᠭᠡ ᠡᠯ᠎ᠡ ᠲᠥᠷᠥᠯ ᠤᠨ | ᠡᠵᠡᠩᠨᠡᠯᠲᠡ ᠶᠢᠨ ᠭᠤᠤᠯ ᠴᠣᠭᠴᠠ ᠳᠤ ᠢᠳᠡᠭᠡᠨ ᠤ ᠠᠮᠤᠷ ᠲᠦᠪᠰᠢᠨ ᠤ ᠬᠢᠨᠠᠯᠲᠠ ᠪᠠᠶᠢᠴᠠᠭᠠᠯᠲᠠ ᠶᠢ ᠥᠷᠨᠢᠭᠦᠯᠵᠦ᠂ | ᠲᠡᠭᠦᠨ ᠤ ᠭᠡᠷᠡᠴᠢ ᠪᠠᠷᠢᠮᠲᠠ ᠠᠪᠬᠤ ᠲᠦᠷᠢᠮ᠂ ᠪᠠᠷᠠᠭ᠎ᠠ ᠣᠷᠣᠭᠤᠯᠬᠤ ᠪᠠᠶᠢᠴᠠᠭᠠᠨ ᠰᠢᠯᠭᠠᠬᠤ ᠲᠦᠷᠢᠮ᠂ | ᠢᠳᠡᠭᠡᠨ ᠤ ᠠᠮᠤᠷ ᠲᠦᠪᠰᠢᠨ ᠤ ᠥᠪᠡᠰᠦᠪᠡᠨ ᠪᠠᠶᠢᠴᠠᠭᠠᠬᠤ ᠲᠦᠷᠢᠮ ᠵᠡᠷᠭᠡ ᠶᠢ ᠨᠠᠶᠢᠳᠠᠪᠤᠷᠢᠵᠢᠭᠤᠯᠤᠭᠰᠠᠨ | ᠪᠠᠶᠢᠳᠠᠯ ᠢ ᠲᠤᠬᠠᠶ ᠶᠢᠨ ᠭᠠᠵᠠᠷ ᠲᠤᠨᠢ ᠪᠠᠶᠢᠴᠠᠭᠠᠬᠤ᠂ ᠲᠤᠬᠠᠶ ᠶᠢᠨ ᠲᠠᠯᠠᠪᠤᠷ ᠤᠨ ᠤᠬᠠᠭᠤᠯᠭ᠎ᠠ᠂ ᠬᠤᠷᠠᠯ ᠤᠨ | ᠪᠣᠯᠪᠠᠰᠤᠷᠠᠭᠤᠯᠤᠯ᠂ ᠬᠡᠷᠡᠭ ᠤᠨ ᠵᠢᠱᠢᠶ᠎ᠡ ᠶᠢ ᠵᠠᠳᠠᠯᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠡᠵᠡᠩᠨᠡᠯᠲᠡ ᠶᠢᠨ | ᠭᠤᠤᠯ ᠴᠣᠭᠴᠠ ᠶᠢᠨ ᠥᠪᠡᠰᠦᠪᠡᠨ ᠬᠠᠮᠢᠶᠠᠷᠬᠤ ᠴᠢᠳᠠᠪᠤᠷᠢ ᠪᠠ ᠬᠢᠷᠢ ᠬᠡᠮᠵᠢᠶ᠎ᠡ ᠶᠢ ᠲᠠᠰᠤᠷᠠᠯᠲᠠ ᠥᠬᠡᠶ | ᠳᠡᠭᠡᠭᠰᠢᠯᠡᠭᠦᠯᠵᠦ᠂ ᠠᠮᠤᠷ ᠲᠦᠪᠰᠢᠨ ᠤ ᠬᠠᠷᠢᠭᠤᠴᠠᠯᠭ᠎ᠠ ᠶᠢᠨ ᠤᠬᠠᠮᠰᠠᠷ ᠢ ᠪᠠᠲᠤ ᠪᠠᠬᠢ ᠪᠣᠶ ᠪᠣᠯᠭᠠᠪᠠ᠃ | ᠬᠤᠶᠠᠷ᠂ ᠠᠵᠢᠯᠲᠠᠨ ᠤ ᠬᠠᠮᠢᠶᠠᠷᠤᠯᠲᠠ ᠶᠢᠨ ᠲᠦᠷᠢᠮ ᠢ ᠵᠢᠷᠤᠮᠵᠢᠭᠤᠯᠵᠤ ᠢᠳᠡᠭᠡᠨ ᠤᠮᠳᠠᠭᠠᠨ ᠤ ᠠᠮᠤᠷ | ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠪᠠᠲᠤ ᠴᠣᠭᠴᠠᠯᠠᠨ᠎ᠠ | ᠠᠵᠢᠯᠲᠠᠨ ᠤ ᠰᠢᠯᠵᠢᠯᠲᠡ ᠪᠠᠷ ᠶᠡᠭᠡ᠂ ᠰᠤᠷᠤᠯᠴᠠᠯᠭ᠎ᠠ ᠶᠢ ᠬᠦᠯᠢᠶᠡᠨ ᠠᠪᠬᠤ ᠴᠢᠳᠠᠪᠤᠷᠢ ᠶᠢᠨ ᠬᠢᠷᠢ | ᠬᠡᠮᠵᠢᠶ᠎ᠡ ᠪᠠᠷ ᠪᠠᠷᠤᠭᠲᠠᠶ ᠪᠠᠶᠢᠬᠤ ᠪᠣᠯ ᠣᠳᠣᠬᠠᠨ ᠤ ᠢᠳᠡᠭᠡᠨ ᠤᠮᠳᠠᠭᠠᠨ ᠤ ᠦᠢᠯᠡᠴᠢᠯᠡᠭᠡᠨ ᠤ ᠨᠢᠭᠡᠴᠡ ᠶᠢᠨ | ᠨᠡᠶᠢᠲᠡᠴᠢ ᠴᠢᠨᠠᠷᠲᠠᠶ ᠠᠰᠠᠭᠤᠳᠠᠯ ᠪᠣᠯᠤᠨ᠎ᠠ᠂ ᠭᠡᠪᠡᠴᠦ ᠠᠵᠢᠯᠯᠠᠵᠤ ᠪᠠᠶᠢᠭ᠎ᠠ ᠬᠥᠮᠦᠰ ᠤᠨ ︽ᠦᠨᠡᠮᠯᠡᠯ ᠢᠶᠠᠨ ᠢᠯᠡ | ᠨᠡᠶᠢᠲᠡᠯᠡᠵᠦ᠂ ᠦᠨᠡᠮᠯᠡᠯ ᠢᠶᠠᠨ ᠠᠪᠴᠤ ᠳᠠᠬᠢᠨ ᠠᠵᠢᠯ ᠤᠨ ᠪᠠᠶᠢᠷᠢ ᠳᠤ ᠭᠠᠷᠬᠤ︾ ᠪᠣᠯ ᠢᠳᠡᠭᠡᠨ ᠲᠠᠢ ᠤᠶᠢᠷᠠᠲᠤᠬᠤ | ᠠᠵᠢᠯᠲᠠᠨ ᠤ ᠦᠨᠳᠦᠰᠦᠨ ᠤᠷᠢᠲᠠᠯ ᠮᠥᠨ᠂ ᠪᠠᠰᠠ ᠴᠤ ᠢᠳᠡᠭᠡᠨ ᠤᠮᠳᠠᠭᠠᠨ ᠤ ᠠᠮᠤᠷ ᠲᠦᠪᠰᠢᠨ ᠢ ᠪᠠᠲᠤᠯᠠᠬᠤ | ᠲᠡᠷᠢᠭᠦᠨ ᠴᠢᠬᠤᠯᠠ ᠰᠡᠷᠭᠡᠶᠢᠯᠡᠯᠲᠡ ᠶᠢᠨ ᠱᠤᠭᠤᠮ ᠮᠥᠨ᠂ ᠡᠭᠦᠨ ᠳᠤ ᠰᠠᠭᠤᠷᠢᠯᠠᠨ᠂ ᠪᠢᠳᠡ ᠢᠳᠡᠭᠡᠨ ᠤᠮᠳᠠᠭᠠᠨ ᠤ | ᠦᠢᠯᠡᠴᠢᠯᠡᠭᠡᠨ ᠤ ᠨᠢᠭᠡᠴᠡ ᠶᠢᠨ ᠠᠵᠢᠯ ᠡᠷᠭᠢᠯᠡᠭᠰᠡᠳ ᠤᠨ ᠡᠷᠡᠭᠦᠯ ᠮᠡᠨᠳᠦ ᠶᠢᠨ ᠬᠠᠮᠢᠶᠠᠷᠤᠯᠲᠠ ᠶᠢᠨ ᠲᠦᠷᠢᠮ ᠢ | ᠬᠡᠷᠡᠭᠵᠢᠭᠦᠯᠦᠭᠰᠡᠨ ᠪᠠᠶᠢᠳᠠᠯ ᠢ ᠴᠢᠩᠭ᠎ᠠ ᠠᠩᠬᠠᠷᠴᠤ᠂ ᠠᠵᠢᠯ ᠡᠷᠭᠢᠯᠡᠭᠰᠡᠳ ᠤᠨ ᠡᠷᠡᠭᠦᠯ ᠮᠡᠨᠳᠦ ᠶᠢᠨ | ᠬᠠᠮᠢᠶᠠᠷᠤᠯᠲᠠ ᠶᠢᠨ ᠦᠨᠡᠮᠯᠡᠯ ᠤᠨ ᠬᠦᠴᠦᠨ ᠲᠠᠢ ᠬᠤᠭᠤᠴᠠᠭ᠎ᠠ ᠶᠢ ᠨᠠᠷᠢᠨ ᠨᠢᠮᠪᠠᠶ ᠪᠠᠶᠢᠴᠠᠭᠠᠬᠤ ᠶᠢᠨ ᠬᠠᠮᠲᠤ ᠬᠡᠰᠡᠭ | ᠳᠡᠯᠭᠡᠭᠦᠷ ᠤᠨ ᠠᠵᠢᠯ ᠡᠷᠭᠢᠯᠡᠭᠰᠡᠳ ᠢ ᠲᠠᠰᠢᠷᠠᠮ ᠢᠶᠠᠷ ᠬᠤᠪᠢ ᠬᠥᠮᠦᠨ ᠤ ᠡᠷᠡᠭᠦᠯ ᠬᠠᠮᠠᠭᠠᠯᠠᠯ ᠤᠨ ᠪᠠᠶᠢᠴᠠᠭᠠᠯᠲᠠ | ᠬᠢᠵᠦ᠂ ᠡᠷᠡᠭᠦᠯ ᠮᠡᠨᠳᠦ ᠶᠢᠨ ᠦᠨᠡᠮᠯᠡᠯ ᠤᠨ ᠬᠤᠭᠤᠴᠠᠭ᠎ᠠ ᠳᠦᠭᠦᠷᠦᠭᠰᠡᠨ ᠬᠥᠮᠦᠰ ᠢ ᠤᠷᠢᠳᠴᠢᠯᠠᠨ ᠭᠦᠶᠴᠡᠳᠬᠡᠵᠦ᠂ | ᠴᠠᠭ ᠲᠤᠬᠠᠶ ᠳᠤᠨᠢ ᠰᠣᠯᠢᠬᠤ ᠶᠢ ᠰᠠᠨᠠᠭᠤᠯᠵᠤ᠂ ᠢᠳᠡᠭᠡᠨ ᠤ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ | ᠲᠦᠷ ᠪᠠᠬᠢᠵᠢᠭᠦᠯᠬᠦ ᠬᠡᠷᠡᠭᠲᠡᠶ ᠭᠡᠵᠦ ᠱᠠᠭᠠᠷᠳᠠᠪᠠ᠃ | ᠭᠤᠷᠪᠠ᠂ ︽ᠫᠢᠯᠠ ᠪᠠᠨ ᠬᠤᠭᠤᠰᠣᠯᠠᠬᠤ ᠠᠵᠢᠯᠯᠠᠭ᠎ᠠ︾ ᠶᠢ ᠰᠠᠨᠠᠭᠠᠴᠢᠯᠠᠵᠤ ᠪᠣᠯᠪᠠᠰᠤᠨ ᠢᠶᠠᠷ ᠬᠤᠭᠤᠯᠠᠯᠠᠬᠤ | ᠠᠭᠤᠷ ᠠᠮᠢᠰᠬᠤᠯ ᠢ ᠪᠣᠶ ᠪᠣᠯᠭᠠᠬᠤ ᠬᠡᠷᠡᠭᠲᠡᠶ | ᠰᠦᠯᠵᠢᠶᠡᠨ ᠳᠡᠭᠡᠷ᠎ᠡ ᠪᠠ ᠰᠦᠯᠵᠢᠶᠡᠨ ᠭᠠᠳᠠᠨ᠎ᠠ ︽ᠫᠢᠯᠠ ᠪᠠᠨ ᠬᠤᠭᠤᠰᠣᠯᠠᠬᠤ ᠠᠵᠢᠯᠯᠠᠭ᠎ᠠ︾ ᠶᠢ ᠵᠡᠷᠭᠡᠪᠡᠷ | ᠥᠷᠨᠢᠭᠦᠯᠵᠦ᠂ ᠣᠯᠠᠨ ᠢᠶᠠᠷ ᠢᠶᠠᠨ ᠠᠯᠢ ᠴᠢᠳᠠᠬᠤ ᠪᠠᠷ ᠠᠷᠪᠢᠯᠠᠨ ᠭᠠᠮᠨᠠᠵᠤ᠂ ᠪᠦᠷᠢᠯᠭᠡᠬᠦ ᠶᠢ ᠡᠰᠡᠷᠭᠦᠴᠡᠬᠦ ᠶᠢ | ᠰᠠᠨᠠᠭᠠᠴᠢᠯᠠᠵᠤ᠂ ᠰᠦᠯᠵᠢᠶᠡᠨ ᠳᠡᠭᠡᠷ᠎ᠡ ᠸᠢᠴᠠᠲ ᠤᠨ ᠣᠯᠠᠨ ᠨᠡᠶᠢᠲᠡ ᠶᠢᠨ ᠳ᠋ᠤᠭᠠᠷ᠂ ᠴᠤᠤᠷᠢᠶ᠎ᠠ ᠸᠢᠳᠢᠤ᠋ ᠶᠢᠨ ᠳ᠋ᠤᠭᠠᠷ | ᠵᠡᠷᠭᠡ ᠰᠢᠨ᠎ᠡ ᠵᠠᠭᠤᠴᠢᠯᠠᠭᠤᠷ ᠢ ᠠᠰᠢᠭᠯᠠᠨ ︽ᠢᠳᠡᠭᠡᠨ ᠤᠮᠳᠠᠭᠠᠨ ᠢ ᠪᠦᠷᠢᠯᠭᠡᠨ ᠰᠦᠢᠳᠬᠡᠬᠦ ᠶᠢ ᠬᠤᠷᠢᠭᠯᠠᠬᠤ | ᠰᠠᠨᠠᠭᠠᠴᠢᠯᠠᠭ᠎ᠠ ᠶᠢᠨ ᠪᠢᠴᠢᠭ︾᠂ ︽ᠰᠦᠯᠵᠢᠶᠡᠨ ᠤ ᠢᠳᠡᠭᠡᠨ ᠤᠮᠳᠠᠭᠠᠨ ᠢ ᠪᠦᠷᠢᠯᠭᠡᠨ ᠰᠦᠢᠳᠬᠡᠬᠦ ᠶᠢ | ᠬᠤᠷᠢᠭᠯᠠᠬᠤ ᠰᠠᠨᠠᠭᠠᠴᠢᠯᠠᠭ᠎ᠠ ᠶᠢᠨ ᠪᠢᠴᠢᠭ︾ ᠵᠡᠷᠭᠡ ᠶᠢ ᠨᠡᠶᠢᠲᠡᠯᠡᠵᠦ᠂ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ︽ | ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠢᠳᠡᠭᠡᠨ ᠤ ᠵᠦᠢᠯ ᠢ ᠪᠦᠷᠢᠯᠭᠡᠨ ᠰᠦᠢᠳᠬᠡᠬᠦ ᠶᠢ | ᠡᠰᠡᠷᠭᠦᠴᠡᠬᠦ ᠤᠬᠠᠮᠰᠠᠷ ᠢ ᠲᠠᠰᠤᠷᠠᠯᠲᠠ ᠥᠬᠡᠶ ᠴᠢᠩᠭᠠᠳᠬᠠᠵᠤ᠂ ᠥᠷᠭᠡᠨ ᠣᠯᠠᠨ ᠡᠵᠡᠩᠨᠡᠭᠴᠢ᠂ ᠬᠡᠷᠡᠭᠯᠡᠭᠴᠢᠳ ᠤᠨ | ᠢᠳᠡᠭᠡᠨ ᠤ ᠵᠦᠢᠯ ᠢ ᠪᠦᠷᠢᠯᠭᠡᠨ ᠰᠦᠢᠳᠬᠡᠬᠦ ᠶᠢ ᠡᠰᠡᠷᠭᠦᠴᠡᠬᠦ ᠤᠬᠠᠮᠰᠠᠷ ᠢ ᠲᠠᠰᠤᠷᠠᠯᠲᠠ ᠥᠬᠡᠶ ᠴᠢᠩᠭᠠᠳᠬᠠᠵᠤ᠂ | ᠪᠣᠯᠪᠠᠰᠤᠨ ᠤ ︽ᠰᠢᠨ᠎ᠡ ᠢᠳᠡᠭᠡᠨ ᠤ ᠵᠦᠢᠯ ᠢ ᠡᠷᠬᠢᠮᠯᠡᠬᠦ︾ ᠶᠢ ᠦᠢᠯᠡᠳᠦᠯᠭᠡᠵᠢᠭᠦᠯᠪᠡ᠃ 2024 ᠣᠨ ᠳᠤ | ᠢᠳᠡᠭᠡᠨ ᠤᠮᠳᠠᠭᠠᠨ ᠢ ᠪᠦᠷᠢᠯᠭᠡᠨ ᠰᠦᠢᠳᠬᠡᠬᠦ ︽ᠬᠢᠷᠢ ᠪᠦᠲᠦᠮᠵᠢ ᠶᠢᠨ ᠰᠠᠮᠪᠠᠷ᠎ᠠ︾ ᠶᠢᠨ 4 ᠬᠤᠭᠤᠴᠠᠭ᠎ᠠ ᠶᠢ | ᠨᠡᠶᠢᠲᠡᠯᠡᠨ ᠬᠤᠷᠢᠭᠯᠠᠨ ᠵᠣᠭᠰᠣᠭᠠᠵᠤ᠂ 26 ᠨᠡᠷᠡᠰ ᠬᠢᠷᠢ ᠲᠡᠩᠴᠡᠭᠰᠡᠨ ᠬᠤᠳᠠᠯᠳᠤᠭᠠᠨ ᠤ ᠡᠷᠦᠬᠡ᠂ 19 ᠨᠡᠷᠡᠰ | ᠬᠢᠷᠢ ᠲᠡᠩᠴᠡᠭᠰᠡᠨ ᠦᠭᠡᠢ ᠬᠤᠳᠠᠯᠳᠤᠭᠠᠨ ᠤ ᠡᠷᠦᠬᠡ ᠶᠢ ᠬᠠᠮᠤᠷᠤᠭᠰᠠᠨ ᠪᠥᠭᠡᠳ ᠢᠳᠡᠭᠡᠨ ᠤᠮᠳᠠᠭᠠᠨ ᠢ ᠪᠦᠷᠢᠯᠭᠡᠨ | ᠰᠦᠢᠳᠬᠡᠭᠰᠡᠨ ᠬᠠᠷ᠎ᠠ ᠰᠠᠮᠪᠠᠷ᠎ᠠ ᠶᠢᠨ ᠬᠤᠳᠠᠯᠳᠤᠭᠠᠨ ᠤ ᠡᠷᠦᠬᠡ ᠶᠢᠨ ᠵᠢᠷᠤᠮᠵᠢᠯ ᠦᠭᠡᠢ ᠡᠵᠡᠩᠨᠡᠯᠲᠡ ᠶᠢᠨ | ᠠᠵᠢᠯᠯᠠᠭ᠎ᠠ ᠶᠢ ᠲᠤᠬᠠᠶ ᠶᠢᠨ ᠲᠠᠯᠠᠪᠤᠷ ᠲᠤᠨᠢ ᠴᠡᠭᠴᠡᠯᠡᠨ ᠰᠠᠶᠢᠵᠢᠷᠠᠭᠤᠯᠵᠤ᠂ ᠠᠰᠠᠭᠤᠳᠠᠯ ᠢ ᠴᠡᠭᠴᠡᠯᠡᠨ | ᠰᠠᠶᠢᠵᠢᠷᠠᠭᠤᠯᠬᠤ ᠪᠣᠳᠠᠲᠤ ᠦᠷ᠎ᠡ ᠪᠦᠲᠦᠮᠵᠢ ᠣᠯᠵᠤ᠂ ᠦᠷ᠎ᠡ ᠪᠦᠲᠦᠮᠵᠢ ᠤᠯᠬᠤ ᠶᠢ ᠦᠨᠡᠨᠬᠦ ᠪᠠᠲᠤᠯᠠᠨ᠎ᠠ᠃ | ᠰᠦᠯᠵᠢᠶᠡᠨ ᠭᠠᠳᠠᠨ᠎ᠠ ᠡᠳᠦᠷ ᠲᠤᠲᠤᠮ ᠤᠨ ᠬᠢᠨᠠᠯᠲᠠ ᠬᠠᠮᠢᠶᠠᠷᠤᠯᠲᠠ ᠪᠠ ᠲᠤᠰᠬᠠᠶ ᠪᠠᠶᠢᠴᠠᠭᠠᠯᠲᠠ ᠪᠠᠷ | ᠳᠠᠮᠵᠢᠭᠤᠯᠤᠨ ᠬᠠᠷᠢᠶ᠎ᠠ ᠣᠷᠣᠨ ᠤ ᠪᠠᠨ ᠢᠳᠡᠭᠡᠨ ᠤᠮᠳᠠᠭᠠᠨ ᠤ ᠦᠢᠯᠡᠴᠢᠯᠡᠭᠡᠨ ᠤ ᠨᠢᠭᠡᠴᠡ ᠳᠤ ᠪᠠᠶᠢᠴᠠᠭᠠᠯᠲᠠ ᠬᠢᠵᠦ᠂ | ᠡᠯ᠎ᠡ ᠡᠵᠡᠩᠨᠡᠯᠲᠡ ᠶᠢᠨ ᠭᠤᠤᠯ ᠴᠣᠭᠴᠠ ᠶᠢᠨ ᠢᠳᠡᠭᠡᠨ ᠤᠮᠳᠠᠭᠠᠨ ᠢ ᠦᠢᠯᠡᠳᠪᠦᠷᠢᠯᠡᠬᠦ᠂ ᠡᠳ᠋ᠰᠢᠭᠦᠯᠬᠦ᠂ | ᠦᠢᠯᠡᠴᠢᠯᠡᠬᠦ ᠪᠥᠬᠦ ᠶᠠᠪᠤᠴᠠ ᠳᠤ ᠣᠷᠣᠭᠤᠯᠤᠭᠰᠠᠨ ᠡᠰᠡᠬᠦ ᠶᠢ ᠭᠤᠤᠯᠳᠠᠯᠭ᠎ᠠ ᠲᠠᠢ ᠪᠠᠶᠢᠴᠠᠭᠠᠨ ᠦᠵᠡᠬᠦ ᠶᠢᠨ ᠬᠠᠮᠲᠤ᠂ | ᠢᠳᠡᠭᠡᠨ ᠤᠮᠳᠠᠭᠠᠨ ᠤ ᠦᠢᠯᠡᠴᠢᠯᠡᠭᠡᠨ ᠤ ᠡᠵᠡᠩᠨᠡᠯᠲᠡ ᠶᠢᠨ ᠨᠢᠭᠡᠴᠡ ᠶᠢᠨ ᠬᠠᠷᠢᠭᠤᠴᠠᠯᠭᠠᠲᠠᠨ ᠲᠠᠢ ︽ᠢᠳᠡᠭᠡᠨ ᠤ | ᠪᠦᠷᠢᠯᠭᠡᠬᠦ ᠶᠢ ᠡᠰᠡᠷᠭᠦᠴᠡᠬᠦ ᠠᠮᠠᠯᠠᠯᠲᠠ ᠶᠢᠨ ᠪᠢᠴᠢᠭ︾ ᠲᠤ ᠭᠠᠷ ᠤᠨ ᠥᠰᠥᠭ ᠵᠢᠷᠤᠵᠤ᠂ ᠡᠵᠡᠩᠨᠡᠭᠴᠢᠳ ᠤᠨ | ᠲᠣᠭᠤᠭᠠᠨ ᠬᠡᠷ ᠤᠨ ᠬᠤᠭ ᠨᠣᠪᠰᠢ ᠶᠢ ᠪᠠᠭᠠᠰᠬᠠᠬᠤ ᠶᠢ ᠰᠠᠨᠠᠭᠠᠴᠢᠯᠠᠵᠤ᠂ ᠬᠡᠷᠡᠭᠯᠡᠭᠴᠢᠳ ᠢ | ᠰᠠᠨᠠᠭᠠᠴᠢᠯᠠᠭ᠎ᠠ ᠠᠴᠠ ᠪᠠᠨ ᠬᠥᠲᠥᠯᠦᠨ ᠵᠢᠯᠣᠭᠤᠳᠴᠤ ᠪᠠᠶᠢᠭᠠᠳ ︽ᠬᠡᠷᠡᠭᠴᠡᠭᠡ ᠶᠣᠰᠣᠭᠠᠷ ᠬᠤᠭᠤᠯᠠᠯᠠᠬᠤ︾ ᠶᠢ | ᠰᠠᠨᠠᠭᠠᠴᠢᠯᠠᠭ᠎ᠠ ᠠᠴᠠ ᠪᠠᠨ ᠬᠥᠲᠥᠯᠦᠨ ᠵᠢᠯᠣᠭᠤᠳᠴᠤ᠂ ᠪᠣᠯᠪᠠᠰᠤᠨ ᠢᠶᠠᠷ ᠬᠤᠭᠤᠯᠠᠯᠠᠬᠤ᠂ ᠠᠮᠤ ᠪᠤᠳᠠᠭ᠎ᠠ ᠶᠢ | ᠠᠷᠪᠢᠯᠠᠬᠤ ᠨᠡᠶᠢᠭᠡᠮ ᠤᠨ ᠠᠭᠤᠷ ᠠᠮᠢᠰᠬᠤᠯ ᠢ ᠢᠳᠡᠪᠬᠢᠲᠡᠶ ᠪᠠᠷ ᠪᠣᠶ ᠪᠣᠯᠭᠠᠬᠤ ᠬᠡᠷᠡᠭᠲᠡᠶ᠃ | ᠬᠢᠨᠠᠯᠲᠠ ᠬᠠᠮᠢᠶᠠᠷᠤᠯᠲᠠ ᠶᠢᠨ ᠳᠠᠪᠠᠭᠤᠯᠢᠭ ᠢᠶᠠᠨ ᠬᠡᠷᠬᠢᠨ ᠪᠠᠳᠠᠷᠠᠭᠤᠯᠵᠤ᠂ ᠡᠵᠡᠩᠨᠡᠯᠲᠡ ᠶᠢᠨ ᠭᠤᠤᠯ | ᠴᠣᠭᠴᠠ ᠶᠢ ᠬᠥᠲᠥᠯᠦᠨ ᠵᠢᠯᠣᠭᠤᠳᠴᠤ ᠪᠠᠶᠢᠭᠠᠳ ᠨᠡᠶᠢᠭᠡᠮ ᠤᠨ ᠬᠠᠷᠢᠭᠤᠴᠠᠯᠭ᠎ᠠ ᠶᠢ ᠤᠬᠠᠮᠰᠠᠷ ᠠᠴᠠ ᠪᠠᠨ | ᠡᠭᠦᠷᠭᠡᠯᠡᠭᠦᠯᠬᠦ ᠪᠣᠯ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠡᠮᠬᠢ ᠳᠢᠭᠯᠢᠮ ᠢ ᠬᠠᠮᠠᠭᠠᠯᠠᠬᠤ ᠴᠢᠬᠤᠯᠠ | ᠭᠠᠷᠳᠠᠴᠠ ᠮᠥᠨ᠂ ᠪᠠᠰᠠ ᠴᠤ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠥᠪᠡᠰᠦᠪᠡᠨ ᠬᠠᠮᠢᠶᠠᠷᠬᠤ ᠶᠢ | ᠠᠬᠢᠭᠤᠯᠬᠤ ᠵᠠᠩᠭᠢᠯᠠᠭ᠎ᠠ ᠶᠢᠨ ᠭᠤᠭᠴᠤᠭ᠎ᠠ ᠮᠥᠨ᠃ ᠵᠠᠯᠭᠠᠭᠠᠳ᠂ ᠵᠢᠨᠢᠩ ᠲᠣᠭᠤᠷᠢᠭ ᠤᠨ ᠵᠠᠬ᠎ᠠ ᠳᠡᠯᠭᠡᠭᠦᠷ ᠤᠨ | ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠬᠢᠨᠠᠯᠲᠠ ᠬᠠᠮᠢᠶᠠᠷᠤᠯᠲᠠ ᠶᠢᠨ ᠡᠭᠦᠷᠭᠡ ᠴᠢᠳᠠᠪᠤᠷᠢ ᠳᠠᠭᠠᠨ ᠰᠠᠭᠤᠷᠢᠯᠠᠨ᠂ | ᠢᠳᠡᠭᠡᠨ ᠤ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠠᠵᠢᠯ ᠤᠨ ᠳᠤᠮᠳᠠ ᠦᠷᠭᠦᠯᠵᠢᠯᠡᠨ ᠬᠦᠴᠦᠯᠡᠵᠦ᠂ | ᠡᠳᠦᠷ ᠲᠤᠲᠤᠮ ᠤᠨ ᠬᠢᠨᠠᠯᠲᠠ ᠬᠠᠮᠢᠶᠠᠷᠤᠯᠲᠠ ᠪᠠᠷ ᠠᠵᠠ ᠲᠣᠬᠢᠶᠠᠯ ᠪᠣᠯᠭᠠᠨ᠂ ᠣᠯᠠᠨ ᠵᠦᠶᠯ ᠤᠨ ᠠᠷᠭ᠎ᠠ | ᠬᠡᠮᠵᠢᠶ᠎ᠡ ᠶᠢ ᠵᠡᠷᠭᠡ ᠪᠠᠷ ᠬᠡᠷᠡᠭᠯᠡᠨ ᠢᠳᠡᠭᠡᠨ ᠤ ᠠᠮᠤᠷ ᠲᠦᠪᠰᠢᠨ ᠤ ᠲᠤᠰᠬᠠᠶ ᠬᠢᠨᠠᠯᠲᠠ ᠪᠠᠶᠢᠴᠠᠭᠠᠯᠲᠠ ᠶᠢᠨ | ᠠᠵᠢᠯᠯᠠᠭ᠎ᠠ ᠶᠢ ᠥᠷᠨᠢᠭᠦᠯᠵᠦ᠂ ᠬᠠᠷᠢᠶᠠᠲᠤ ᠣᠷᠣᠨ ᠤ ᠣᠯᠠᠨ ᠲᠦᠮᠡᠨ ᠤ ︽ᠢᠳᠡᠭᠡᠨ ᠤᠮᠳᠠᠭᠠᠨ ᠤ ᠠᠮᠤᠷ | ᠲᠦᠪᠰᠢᠨ︾ ᠢ ᠪᠥᠬᠦ ᠲᠠᠯ᠎ᠠ ᠪᠠᠷ ᠬᠠᠮᠠᠭᠠᠯᠠᠨ᠎ᠠ᠃ | | ᠣᠷᠴᠢᠭᠤᠯᠤᠭᠴᠢ᠄ ᠳ᠋ᠥᠩ ᠾᠦᠢ | |