ᠵᠢᠯ ᠤᠨ ᠠᠵᠢᠯ ᠬᠠᠪᠤᠷ ᠲᠤ ᠪᠤᠢ᠂ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ ᠪᠣᠯ ᠪᠦᠬᠦ ᠵᠢᠯ ᠤᠨ | ᠲᠠᠷᠢᠶᠠᠯᠠᠩ ᠤᠨ ᠦᠢᠯᠡᠳᠪᠦᠷᠢᠯᠡᠯ ᠤᠨ ᠰᠠᠭᠤᠷᠢ ᠪᠠ ᠵᠠᠩᠭᠢᠯᠠᠭ᠎ᠠ ᠪᠣᠯᠤᠨ᠎ᠠ᠃ ᠣᠶᠢᠷ᠎ᠠ ᠳᠤ᠂ ᠬᠠᠪᠤᠷ ᠤᠨ | ᠤᠯᠠᠷᠢᠯ ᠤᠨ ᠲᠠᠷᠢᠶᠠᠯᠠᠩ ᠤᠨ ᠦᠢᠯᠡᠳᠪᠦᠷᠢᠯᠡᠯ ᠤᠨ ᠤᠷᠤᠭᠰᠢᠲᠠᠶ ᠶᠠᠪᠤᠭᠳᠠᠬᠤ ᠶᠢ ᠪᠠᠲᠤᠯᠠᠬᠤ ᠶᠢᠨ ᠲᠥᠯᠥᠭᠡ᠂ | ᠮᠠᠨ ᠤ ᠲᠣᠭᠤᠷᠢᠭ ᠡᠷᠲᠡ ᠠᠴᠠ ᠲᠥᠯᠥᠪᠵᠢᠭᠦᠯᠵᠦ᠂ ᠡᠷᠲᠡ ᠠᠴᠠ ᠪᠠᠶᠢᠷᠢᠯᠠᠭᠤᠯᠵᠤ᠂ ᠡᠷᠲᠡ ᠠᠴᠠ ᠬᠥᠳᠡᠯᠦᠯᠴᠡᠵᠦ᠂ | ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠢ ᠨᠥᠭᠡᠴᠡᠯᠡᠬᠦ ᠠᠵᠢᠯ ᠢ ᠢᠳᠡᠪᠬᠢᠲᠡᠶ ᠥᠷᠨᠢᠭᠦᠯᠵᠦ᠂ ᠬᠠᠪᠤᠷ ᠤᠨ | ᠲᠠᠷᠢᠶᠠᠯᠠᠭ᠎ᠠ ᠶᠢᠨ ᠦᠢᠯᠡᠳᠪᠦᠷᠢᠯᠡᠯ ᠢ ᠬᠠᠮᠠᠭᠠᠯᠠᠵᠤ ᠪᠠᠶᠢᠨ᠎ᠠ᠃ | 2 ᠰᠠᠷ᠎ᠠ ᠶᠢᠨ 28 ᠤ ᠡᠳᠦᠷ᠂ ᠵᠢᠨᠢᠩ ᠤᠨ ᠬᠤᠸᠠ ᠹᠧᠩ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠢ | ᠬᠥᠮᠥᠷᠭᠡᠯᠡᠨ ᠬᠠᠳᠠᠭᠠᠯᠠᠬᠤ ᠪᠠᠷᠠᠭᠠᠨ ᠤ ᠭᠦᠢᠯᠭᠡᠭᠡᠨ ᠤ ᠲᠥᠪ ᠤᠨ ᠬᠥᠮᠥᠷᠭᠡ ᠳᠠᠬᠢ ᠶᠠᠭᠠᠷᠠᠯᠲᠠᠢ ᠪᠠᠶᠢᠳᠠᠯ ᠢᠯᠡᠷᠡᠵᠦ᠂ | ᠡᠯ᠎ᠡ ᠲᠦᠷᠦᠯ ᠤᠨ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠢ ᠡᠮᠬᠢ ᠴᠡᠭᠴᠡ ᠲᠠᠢ ᠲᠠᠯᠪᠢᠵᠤ᠂ ᠠᠵᠢᠯᠲᠠᠳ | ᠪᠠᠴᠢᠮ ᠶᠠᠭᠠᠷᠠᠯᠲᠠᠢ ᠡᠮᠬᠢ ᠳᠢᠭᠯᠢᠮ ᠲᠠᠢ ᠪᠠᠷ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠢ ᠵᠥᠭᠡᠭᠡᠪᠦᠷᠢᠯᠡᠬᠦ᠂ | ᠲᠦᠷᠦᠯ ᠬᠤᠪᠢᠶᠠᠬᠤ ᠪᠠ ᠳᠠᠩᠰᠠᠯᠠᠬᠤ ᠠᠵᠢᠯ ᠢ ᠬᠢᠵᠦ ᠪᠠᠶᠢᠯ᠎ᠠ᠃ | ᠣᠳᠣᠬᠠᠨ ᠳᠤ ᠬᠥᠮᠦᠷᠭᠡ ᠳᠣᠲᠣᠷ᠎ᠠ ᠶᠡᠭᠡ ᠬᠡᠮᠵᠢᠶᠡᠨ ᠤ ᠦᠷ᠎ᠡ᠂ ᠬᠢᠮᠢ ᠶᠢᠨ ᠪᠤᠷᠳᠤᠭᠤᠷ᠂ ᠲᠠᠷᠢᠶᠠᠨ ᠡᠮ ᠵᠡᠷᠭᠡ | ᠲᠠᠷᠢᠶᠠᠯᠠᠩ ᠤᠨ ᠬᠡᠷᠡᠭᠰᠡᠯ ᠢ ᠨᠦᠭᠡᠴᠡᠯᠡᠪᠡ ᠃ ᠡᠭᠦᠨ ᠳᠤ᠂ ᠦᠷ᠎ᠡ ᠶᠢᠨ ᠨᠥᠭᠡᠴᠡ ᠭᠦᠢᠴᠡᠳ᠂ ᠡᠷᠳᠡᠨᠢ ᠰᠢᠰᠢ᠂ | ᠪᠣᠭᠤᠳᠠᠶ᠂ ᠢᠳᠡᠰᠢᠨ ᠨᠣᠭᠤᠭ᠎ᠠ ᠵᠡᠷᠭᠡ ᠡᠯ᠎ᠡ ᠲᠥᠷᠥᠯ ᠤᠨ ᠦᠷ᠎ᠡ ᠴᠥᠮ ᠪᠠᠶᠢᠵᠤ᠂ ᠨᠡᠶᠢᠲᠡ 200 ᠭᠠᠷᠤᠶ ᠲᠣᠨ | ᠪᠠᠶᠢᠨ᠎ᠠ︔ ᠬᠢᠮᠢ ᠶᠢᠨ ᠪᠣᠷᠲᠣᠭᠤᠷ ᠤᠨ ᠨᠥᠭᠡᠴᠡ ᠶᠢᠨ ᠬᠡᠮᠵᠢᠶ᠎ᠡ 6000 ᠲᠣᠨ ᠳᠤ ᠬᠦᠷᠴᠦ᠂ ᠨᠡᠶᠢᠯᠡᠮᠡᠯ | ᠪᠤᠷᠳᠤᠭᠤᠷ᠂ ᠰᠢᠭᠡᠰᠦᠯᠢᠭ ᠡᠳ᠋᠂ ᠺᠠᠯᠢ ᠶᠢᠨ ᠪᠣᠷᠳᠤᠭᠤᠷ ᠵᠡᠷᠭᠡ ᠣᠯᠠᠨ ᠲᠥᠷᠥᠯ ᠢ ᠬᠠᠮᠤᠷᠴᠤ᠂ ᠠᠳᠠᠯᠢ ᠪᠤᠰᠤ | ᠲᠠᠷᠢᠮᠠᠯ ᠤᠨ ᠥᠰᠥᠯᠲᠡ ᠶᠢᠨ ᠬᠡᠷᠡᠭᠴᠡᠭᠡ ᠶᠢ ᠬᠠᠩᠭᠠᠵᠤ ᠳᠡᠶᠢᠯᠪᠡ︔ ᠲᠠᠷᠢᠶᠠᠨ ᠡᠮ ᠤᠨ ᠨᠥᠭᠡᠴᠡ ᠶᠢᠨ ᠬᠡᠮᠵᠢᠶ᠎ᠡ | 16 ᠲᠣᠨ ᠪᠠᠶᠢᠵᠤ᠂ ᠦᠷᠭᠦᠯᠵᠢ ᠲᠣᠬᠢᠶᠠᠯᠳᠤᠳᠠᠭ ᠡᠪᠡᠳᠴᠢᠨ ᠬᠤᠷᠣᠬᠠᠶ ᠶᠢᠨ ᠬᠥᠨᠥᠭᠡᠯ ᠢ ᠰᠡᠷᠭᠡᠶᠢᠯᠡᠨ ᠵᠠᠰᠠᠬᠤ | ᠡᠯ᠎ᠡ ᠲᠥᠷᠥᠯ ᠤᠨ ᠥᠨᠳᠥᠷ ᠪᠦᠲᠦᠮᠵᠢᠲᠡᠶ ᠬᠤᠤᠷ ᠪᠠᠭᠠᠲᠠᠶ ᠲᠠᠷᠢᠶᠠᠨ ᠡᠮ ᠢ ᠪᠠᠭᠲᠠᠭᠠᠵᠠᠶ᠃ | ᠡᠨᠡ ᠵᠢᠯ ᠮᠠᠨ ᠤ ᠲᠣᠭᠤᠷᠢᠭ ᠤᠨ ᠠᠮᠤ ᠪᠤᠳᠠᠭᠠᠨ ᠤ ᠲᠠᠷᠢᠮᠠᠯ ᠢ 8.29 ᠲᠦᠮᠡᠨ ᠮᠥ ᠳᠠᠷᠢᠬᠤ ᠪᠠᠷ | ᠲᠥᠯᠥᠪᠯᠡᠵᠦ᠂ ᠰᠢᠷ᠎ᠠ ᠪᠤᠷᠴᠠᠭ ᠳᠠᠷᠢᠬᠤ ᠲᠠᠯᠠᠪᠠᠶ 5490 ᠮᠥ᠂ ᠲᠣᠰᠣᠯᠢᠭ ᠲᠠᠷᠢᠮᠠᠯ ᠳᠠᠷᠢᠬᠤ ᠲᠠᠯᠠᠪᠠᠶ 8158 | ᠮᠥ ᠪᠣᠯᠤᠨ᠎ᠠ᠃ ᠲᠠᠷᠠᠭᠠᠴᠢ ᠶᠢᠨ ᠠᠯᠬᠤᠮ ᠳᠤ᠂ ᠲᠤᠭᠤᠷᠢᠭ ᠤᠨ ᠲᠠᠷᠢᠶᠠᠯᠠᠩ ᠮᠠᠯ ᠠᠵᠤ ᠠᠬᠤᠶ ᠤᠰᠤᠨ | ᠠᠰᠢᠭᠯᠠᠯᠲᠠ ᠶᠢᠨ ᠲᠣᠪᠴᠢᠶ᠎ᠠ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠵᠠᠬ᠎ᠠ ᠳᠡᠯᠭᠡᠭᠦᠷ ᠤᠨ ᠪᠠᠶᠢᠳᠠᠯ ᠢ | ᠨᠢᠭᠲᠠ ᠠᠩᠬᠠᠷᠴᠤ᠂ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠲᠣᠬᠢᠷᠠᠭᠤᠯᠤᠯᠲᠠ ᠪᠠ ᠬᠠᠩᠭᠠᠯᠭ᠎ᠠ ᠶᠢ | ᠴᠢᠩᠭᠠᠳᠬᠠᠵᠤ᠂ ᠬᠠᠪᠤᠷ ᠤᠨ ᠲᠠᠷᠢᠶᠠᠯᠠᠭ᠎ᠠ ᠶᠢᠨ ᠦᠢᠯᠡᠳᠪᠦᠷᠢᠯᠡᠯ ᠤᠨ ᠤᠷᠤᠭᠰᠢᠲᠠᠶ ᠶᠠᠪᠤᠭᠳᠠᠬᠤ ᠶᠢ ᠦᠨᠡᠨ ᠬᠦ | ᠪᠠᠲᠤᠯᠠᠵᠤ᠂ ᠪᠥᠬᠦ ᠵᠢᠯ ᠤᠨ ᠲᠠᠷᠢᠶᠠᠯᠠᠩ ᠤᠨ ᠡᠯᠪᠡᠭ ᠬᠤᠷᠢᠶᠠᠯᠲᠠ ᠤᠯᠬᠤ ᠳᠤ ᠪᠠᠲᠤ ᠪᠠᠬᠢ ᠰᠠᠭᠤᠷᠢ ᠲᠠᠯᠪᠢᠵᠤ | ᠥᠭᠭᠦᠨ᠎ᠡ᠃ | | ᠣᠷᠴᠢᠭᠤᠯᠤᠭᠴᠢ᠄ ᠳ᠋ᠥᠩ ᠾᠦᠢ |