ᠴᠠᠬᠠᠷ ᠳᠡᠭᠡᠳᠦ ᠰᠢᠨ᠎ᠡ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠲᠤ ᠣᠷᠣᠵᠤ ᠰᠠᠭᠤᠭᠰᠠᠨ ᠲᠥᠷᠥᠯ ᠵᠦᠢᠯ ᠨᠢ | ᠲᠣᠰᠬᠤᠨ ᠵᠢᠴᠢ ᠲᠠᠲᠠᠪᠤᠷᠢᠯᠠᠭᠳᠠᠭᠰᠠᠨ ᠭᠠᠵᠠᠷ ᠤᠨ ᠲᠠᠷᠢᠶᠠᠴᠢᠳ ᠲᠤ ᠬᠤᠯᠪᠣᠭᠳᠠᠨ᠎ᠠ᠄ | ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠠᠵᠠᠷ ᠰᠢᠷᠣᠶ ᠶᠢᠨ ᠬᠠᠮᠢᠶᠠᠷᠤᠯᠲᠠ ᠶᠢᠨ ᠬᠠᠤᠯᠢ︾ | ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠠᠵᠠᠷ ᠰᠢᠷᠣᠶ ᠶᠢᠨ ᠬᠠᠮᠢᠶᠠᠷᠤᠯᠲᠠ ᠶᠢᠨ ᠬᠠᠤᠯᠢ ᠶᠢ | ᠬᠡᠷᠡᠭᠵᠢᠭᠦᠯᠬᠦ ᠲᠦᠷᠢᠮ︾ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠤᠨ ᠲᠣᠭᠲᠠᠭᠠᠯ ᠢ ᠦᠨᠳᠦᠰᠦᠯᠡᠪᠡᠯ᠂ ᠪᠠᠶ | ᠬᠠᠶ ᠽᠢ ᠪᠠᠯᠭᠠᠰᠤᠨ ᠤ ᠱᠧᠩ ᠵᠢᠶᠠ ᠶᠢᠩ ᠲᠣᠰᠬᠤᠨ ᠤ ᠠᠷᠠᠳ ᠤᠨ ᠵᠥᠪᠯᠡᠯ᠂ ᠮᠤᠭᠠᠢ ᠲᠣᠰᠬᠤᠨ ᠤ ᠠᠷᠠᠳ ᠤᠨ | ᠵᠥᠪᠯᠡᠯ᠂ ᠵᠣᠣ ᠵᠢᠶᠠ ᠼᠦᠨ ᠲᠣᠰᠬᠤᠨ ᠤ ᠠᠷᠠᠳ ᠤᠨ ᠵᠥᠪᠯᠡᠯ᠂ ᠵᠢᠷᠭᠤᠳᠤᠭᠠᠷ ᠰᠦᠮ᠎ᠡ ᠲᠣᠰᠬᠤᠨ ᠤ | ᠠᠷᠠᠳ ᠤᠨ ᠵᠥᠪᠯᠡᠯ ᠤᠨ ᠬᠡᠪᠴᠢᠶᠡᠨ ᠳᠤ ᠬᠡᠰᠡᠭ ᠭᠠᠵᠠᠷ ᠰᠢᠷᠣᠶ ᠪᠠᠷᠤᠭ 2734 ᠮᠥ᠂ ᠭᠠᠵᠠᠷ ᠳᠡᠭᠡᠷᠡᠬᠢ | ᠪᠠᠷᠢᠯᠭ᠎ᠠ 13 ᠭᠠᠵᠠᠷ᠂ ᠡᠳᠦᠭᠡ ᠬᠤᠯᠪᠣᠭᠳᠠᠯ ᠪᠥᠬᠦᠶ ᠪᠠᠶᠢᠳᠠᠯ ᠢ ᠳᠣᠤᠷᠠᠬᠢ ᠮᠡᠲᠦ ᠵᠠᠷᠯᠠᠶ᠎ᠠ᠄ | ᠨᠢᠭᠡ᠂ ᠲᠠᠲᠠᠪᠤᠷᠢᠯᠠᠬᠤ ᠪᠠᠷ ᠪᠠᠶᠢᠭ᠎ᠠ ᠭᠠᠵᠠᠷ ᠰᠢᠷᠣᠶ ᠶᠢᠨ ᠬᠡᠪᠴᠢᠶ᠎ᠡ᠂ ᠲᠠᠯᠠᠪᠠᠶ᠂ ᠡᠷᠬᠡ ᠶᠢᠨ ᠬᠠᠷᠢᠶ᠎ᠠ | ︵ᠨᠢᠭᠡ︶ ᠭᠠᠵᠠᠷ ᠰᠢᠷᠣᠶ ᠲᠠᠲᠠᠪᠤᠷᠢᠯᠠᠬᠤ ᠣᠷᠣᠨ ᠪᠠᠶᠢᠷᠢ᠂ ᠳᠥᠷᠪᠡᠨ ᠲᠠᠯ᠎ᠠ ᠶᠢᠨ ᠬᠡᠪᠴᠢᠶ᠎ᠡ᠄ | 1᠂ ᠪᠠᠶ ᠬᠠᠶ ᠽᠢ ᠪᠠᠯᠭᠠᠰᠤᠨ ᠤ ᠱᠧᠩ ᠵᠢᠶᠠ ᠶᠢᠩ ᠲᠣᠰᠬᠤᠨ᠂ ᠮᠤᠭᠠᠢ ᠲᠣᠰᠬᠤᠨ᠂ ᠵᠣᠣ ᠵᠢᠶᠠ | ᠲᠣᠰᠬᠤᠨ ᠤ ᠬᠡᠪᠴᠢᠶ᠎ᠡ ︵ᠪᠠᠷᠤᠭ 1761 ᠮᠦ︶ | ᠬᠡᠰᠡᠭ ᠭᠠᠵᠠᠷ ᠨᠢᠭᠡ ᠄ ᠬᠤᠤ ᠱᠧᠩ ᠵᠠᠮ ᠤᠨ ᠵᠡᠭᠦᠨ ᠲᠠᠯ᠎ᠠ᠂ ᠵᠧᠨ ᠰᠢᠩ ᠶᠡᠭᠡ ᠵᠡᠭᠡᠯᠢ ᠶᠢᠨ ᠡᠮᠦᠨ᠎ᠡ ᠲᠠᠯ᠎ᠠ᠂ | ᠪᠠᠶᠠᠨ ᠥᠷᠭᠡᠷᠢᠭ ᠵᠠᠮ ᠤᠨ ᠬᠤᠶᠢᠲᠤ ᠲᠠᠯ᠎ᠠ᠂ ᠮᠧᠩ ᠰᠦᠢ ᠲᠥᠷᠥᠯ ᠵᠦᠢᠯ ᠤᠨ ᠲᠣᠭᠤᠷᠢᠭ ᠤᠨ ᠪᠠᠷᠠᠭᠤᠨ | ᠲᠠᠯ᠎ᠠ ᠶᠢᠨ ᠭᠠᠵᠠᠷ ᠰᠢᠷᠣᠢ ᠨᠢ ᠪᠠᠷᠤᠭ 361 ᠮᠦ ᠪᠠᠶᠢᠳᠠᠭ᠃ | ᠬᠡᠰᠡᠭ ᠭᠠᠵᠠᠷ ᠬᠤᠶᠠᠷ᠄ ᠪᠠᠶᠠᠨ ᠵᠠᠮ ᠤᠨ ᠵᠡᠭᠦᠨ ᠲᠠᠯ᠎ᠠ᠂ ᠱᠧᠩ ᠵᠢᠶᠠ ᠶᠢᠩᠽᠢ ᠶᠢᠨ ᠴᠠᠬᠢᠯᠭᠠᠨ ᠬᠤᠪᠢᠰᠬᠠᠬᠤ | ᠥᠷᠲᠡᠭᠡ ᠶᠢᠨ ᠡᠮᠦᠨ᠎ᠡ ᠲᠠᠯ᠎ᠠ᠂ ᠪᠠ ᠱᠧᠩ ᠵᠡᠭᠡᠯᠢ ᠶᠢᠨ ᠪᠠᠷᠠᠭᠤᠨ ᠲᠠᠯ᠎ᠠ᠂ ᠪᠠᠶᠠᠨ ᠥᠷᠭᠡᠷᠢᠭ ᠤᠨ ᠬᠤᠶᠠᠳᠤᠭᠠᠷ | ᠵᠠᠮ ᠤᠨ ᠬᠤᠶᠢᠲᠤ ᠲᠠᠯ᠎ᠠ ᠶᠢᠨ ᠭᠠᠵᠠᠷ ᠪᠠᠷᠤᠭ 284 ᠮᠦ ᠪᠠᠶᠢᠳᠠᠭ᠃ | ᠬᠡᠰᠡᠭ ᠭᠠᠵᠠᠷ ᠭᠤᠷᠪᠠ᠄ ᠪᠠᠶᠠᠨ ᠵᠠᠮ ᠤᠨ ᠵᠡᠭᠦᠨ ᠲᠠᠯ᠎ᠠ᠂ ᠪᠠᠶᠠᠨ ᠥᠷᠭᠡᠷᠢᠭ ᠵᠠᠮ ᠤᠨ ᠬᠤᠶᠢᠲᠤ ᠲᠠᠯ᠎ᠠ᠂ ᠪᠠ | ᠱᠧᠩ ᠵᠡᠭᠡᠯᠢ ᠶᠢᠨ ᠪᠠᠷᠠᠭᠤᠨ ᠲᠠᠯ᠎ᠠ᠂ ᠵᠧᠨ ᠰᠢᠩ ᠶᠡᠭᠡ ᠵᠡᠭᠡᠯᠢ ᠶᠢᠨ ᠡᠮᠦᠨ᠎ᠡ ᠲᠠᠯ᠎ᠠ ᠶᠢᠨ ᠭᠠᠵᠠᠷ ᠪᠠᠷᠤᠭ 200 ᠮᠦ | ᠪᠠᠶᠢᠳᠠᠭ᠃ | ᠬᠡᠰᠡᠭ ᠭᠠᠵᠠᠷ ᠳᠥᠷᠪᠡ᠄ ᠪᠠ ᠱᠧᠩ ᠵᠡᠭᠡᠯᠢ ᠶᠢᠨ ᠵᠡᠭᠦᠨ ᠲᠠᠯ᠎ᠠ᠂ ᠦᠷᠭᠡᠷᠢᠭ ᠠᠷᠪᠠᠳᠤᠭᠠᠷ ᠵᠠᠮ ᠤᠨ | ᠬᠤᠶᠢᠲᠤ ᠲᠠᠯ᠎ᠠ᠂ ᠤᠷᠳᠤᠷᠢᠭ ᠵᠢᠷᠭᠤᠳᠤᠭᠠᠷ ᠵᠠᠮ ᠤᠨ ᠪᠠᠷᠠᠭᠤᠨ ᠲᠠᠯ᠎ᠠ᠂ ᠥᠷᠭᠡᠷᠢᠭ ᠶᠢᠰᠦᠳᠦᠭᠡᠷ ᠵᠠᠮ ᠤᠨ | ᠡᠮᠦᠨ᠎ᠡ ᠲᠠᠯ᠎ᠠ ᠶᠢᠨ 400 ᠮᠦ ᠭᠠᠵᠠᠷ ᠪᠠᠶᠢᠳᠠᠭ᠃ | ᠬᠡᠰᠡᠭ ᠭᠠᠵᠠᠷ ᠲᠠᠪᠤ᠄ ᠶᠢᠩ ᠲᠦᠩ ᠲᠥᠷᠥᠯ ᠵᠦᠢᠯ ᠤᠨ ᠲᠣᠭᠤᠷᠢᠭ ᠤᠨ ᠪᠠᠷᠠᠭᠤᠨ ᠲᠠᠯ᠎ᠠ ᠳᠤ ᠪᠠᠷᠤᠭ 80 | ᠮᠦ ᠪᠠᠶᠢᠳᠠᠭ᠃ | ᠬᠡᠰᠡᠭ ᠭᠠᠵᠠᠷ ᠵᠢᠷᠭᠤᠭ᠎ᠠ᠄ ᠪᠠᠶᠠᠨ ᠥᠷᠭᠡᠷᠢᠭ ᠵᠢᠷᠭᠤᠳᠤᠭᠠᠷ ᠵᠠᠮ ᠤᠨ ᠡᠮᠦᠨ᠎ᠡ ᠲᠠᠯ᠎ᠠ ᠶᠢᠨ ᠭᠠᠵᠠᠷ ᠨᠢ ᠪᠠᠷᠤᠭ | 40 ᠮᠦ ᠪᠠᠶᠢᠳᠠᠭ᠃ | ᠨᠤᠷᠠᠭᠠᠵᠤ ᠨᠡᠭᠦᠯᠭᠡᠬᠦ ᠬᠦᠷᠢᠶ᠎ᠡ ᠬᠠᠰᠢᠶ᠎ᠠ 10 ᠭᠠᠵᠠᠷ ︵ᠮᠤᠭᠠᠢ ᠵᠢᠢ ᠵᠢᠶᠠ ᠲᠣᠰᠬᠤᠨ ᠤ 8 ᠭᠠᠵᠠᠷ᠂ ᠵᠤᠤ | ᠵᠢᠶᠠ ᠲᠣᠰᠬᠤᠨ ᠤ 2 ᠭᠠᠵᠠᠷ︶ ᠲᠠᠢ ᠬᠤᠯᠪᠣᠭᠳᠠᠨ᠎ᠠ᠃ | 2. ᠪᠠ ᠱᠧᠩ ᠵᠡᠭᠡᠯᠢ ᠶᠢᠨ ᠬᠤᠭᠤᠯᠠᠶ ᠶᠢᠨ ᠲᠣᠤᠷ ᠤᠨ ᠲᠥᠷᠥᠯ ᠵᠦᠶᠯ᠂ ᠬᠤᠤ ᠱᠧᠩ ᠵᠠᠮ ᠤᠨ | ᠬᠤᠭᠤᠯᠠᠶ ᠶᠢᠨ ᠲᠣᠤᠷ ᠤᠨ ᠲᠥᠷᠥᠯ ᠵᠦᠶᠯ ᠨᠢ ᠪᠠᠶ ᠬᠠᠶ ᠽᠢ ᠪᠠᠯᠭᠠᠰᠤᠨ ᠤ ᠱᠧᠩ ᠵᠢᠶᠠ ᠶᠢᠩ ᠲᠣᠰᠬᠤᠨ᠂ | ᠮᠤᠭᠠᠢ ᠲᠣᠰᠬᠤᠨ᠂ ᠹᠦ᠋ ᠬᠦᠶ ᠲᠣᠰᠬᠤᠨ ᠤ ᠬᠡᠪᠴᠢᠶᠡᠨ ᠤ ᠭᠠᠵᠠᠷ ᠰᠢᠷᠣᠶ ︵ᠪᠠᠷᠤᠭ 396 ᠮᠥ︶ ᠶᠢ ᠡᠵᠡᠯᠡᠨ | ᠬᠡᠷᠡᠭᠯᠡᠪᠡ | 3᠂ ᠪᠠᠶ ᠬᠠᠶ ᠽᠢ ᠪᠠᠯᠭᠠᠰᠤᠨ ᠤ ᠵᠢᠷᠭᠤᠳᠤᠭᠠᠷ ᠰᠤᠮᠤ ᠲᠣᠰᠬᠤᠨ ᠤ ᠬᠡᠪᠴᠢᠶ᠎ᠡ ︵ᠪᠠᠷᠤᠭ 973 ᠮᠥ︶ | ᠬᠡᠰᠡᠭ ᠭᠠᠵᠠᠷ ᠨᠢᠭᠡ ᠄ ᠫᠢᠩ ᠰᠠᠢ ᠵᠠᠮ ᠤᠨ ᠡᠮᠦᠨ᠎ᠡ ᠲᠠᠯ᠎ᠠ᠂ ᠵᠢᠩ ᠠᠨ ᠵᠠᠮ ᠤᠨ ᠪᠠᠷᠠᠭᠤᠨ ᠲᠠᠯ᠎ᠠ᠂ ᠸᠧᠢ | ᠠᠨ ᠭᠤᠷᠪᠠᠳᠤᠭᠠᠷ ᠵᠠᠮ ᠤᠨ ᠬᠤᠶᠢᠲᠤ ᠲᠠᠯ᠎ᠠ᠂ ᠵᠢᠶᠠᠨ ᠠᠨ ᠡᠮᠦᠨ᠎ᠡ ᠵᠠᠮ ᠤᠨ ᠵᠡᠭᠦᠨ ᠲᠠᠯ᠎ᠠ ᠳᠤ ᠪᠠᠷᠤᠭ 441 | ᠮᠦ ᠭᠠᠵᠠᠷ ᠪᠠᠶᠢᠳᠠᠭ᠃ | ᠬᠡᠰᠡᠭ ᠭᠠᠵᠠᠷ ᠬᠤᠶᠠᠷ᠄ ᠥᠷᠭᠡᠷᠢᠭ ᠭᠤᠷᠪᠠᠳᠤᠭᠠᠷ ᠵᠠᠮ ᠤᠨ ᠡᠮᠦᠨ᠎ᠡ ᠲᠠᠯ᠎ᠠ᠂ ᠵᠢᠶᠠᠨ ᠠᠨ ᠡᠮᠦᠨ᠎ᠡ ᠵᠠᠮ ᠤᠨ | ᠵᠡᠭᠦᠨ ᠲᠠᠯ᠎ᠠ᠂ ᠫᠢᠩ ᠽᠠᠨ ᠵᠠᠮ ᠤᠨ ᠬᠤᠶᠢᠲᠤ ᠲᠠᠯ᠎ᠠ᠂ ᠵᠢᠩ ᠠᠨ ᠵᠠᠮ ᠤᠨ ᠪᠠᠷᠠᠭᠤᠨ ᠲᠠᠯ᠎ᠠ ᠶᠢᠨ ᠪᠠᠷᠤᠭ 420 | ᠮᠦ ᠭᠠᠵᠠᠷ ᠪᠠᠶᠢᠪᠠ᠃ | ᠬᠡᠰᠡᠭ ᠭᠠᠵᠠᠷ ᠭᠤᠷᠪᠠ᠄ ᠵᠢᠩ ᠠᠨ ᠵᠠᠮ ᠤᠨ ᠪᠠᠷᠠᠭᠤᠨ ᠲᠠᠯ᠎ᠠ᠂ ᠠᠵᠤ ᠦᠢᠯᠡᠳᠪᠦᠷᠢ ᠶᠢᠨ ᠡᠮᠦᠨ᠎ᠡ ᠵᠡᠭᠡᠯᠢ ᠶᠢᠨ | ᠬᠤᠶᠢᠲᠤ ᠲᠠᠯ᠎ᠠ᠂ ᠳᠤᠮᠳᠠᠳᠤ ᠤᠯᠤᠰ ᠤᠨ ᠪᠠᠩᠬᠢ ᠶᠢᠨ ᠠᠮᠤᠷ ᠢ ᠬᠠᠮᠠᠭᠠᠯᠠᠬᠤ ᠵᠠᠷᠤᠳᠠᠯ ᠤᠨ ᠡᠮᠦᠨ᠎ᠡ ᠲᠠᠯ᠎ᠠ ᠶᠢᠨ | ᠭᠠᠵᠠᠷ ᠪᠠᠷᠤᠭ 112 ᠮᠦ ᠪᠠᠶᠢᠳᠠᠭ᠃ | ᠨᠤᠷᠠᠭᠠᠵᠤ ᠨᠡᠭᠦᠯᠭᠡᠬᠦ ᠬᠦᠷᠢᠶ᠎ᠡ ᠬᠠᠰᠢᠶ᠎ᠠ 3 ᠭᠠᠵᠠᠷ ᠲᠠᠢ ᠬᠤᠯᠪᠣᠭᠳᠠᠨ᠎ᠠ᠃ | ︵ᠬᠤᠶᠠᠷ︶ ᠭᠠᠵᠠᠷ ᠰᠢᠷᠣᠶ ᠲᠠᠲᠠᠪᠤᠷᠢᠯᠠᠭᠰᠠᠨ ᠲᠠᠯᠠᠪᠠᠶ᠄ ᠲᠤᠬᠠᠶ ᠶᠢᠨ ᠭᠠᠵᠠᠷ ᠲᠤᠨᠢ ᠬᠡᠮᠵᠢᠯᠲᠡ ᠬᠢᠭᠰᠡᠨ ᠪᠤᠶᠤ | ᠬᠠᠶᠢᠨ ᠬᠡᠮᠵᠢᠵᠦ ᠳᠠᠩᠰᠠᠯᠠᠭᠰᠠᠨ ᠲᠠᠯᠠᠪᠠᠶ ᠪᠠᠷ ᠦᠨᠳᠦᠰᠦᠯᠡᠯ ᠪᠣᠯᠭᠠᠨ᠎ᠠ᠃ | ︵ᠭᠤᠷᠪᠠ︶ ᠭᠠᠵᠠᠷ ᠰᠢᠷᠣᠶ ᠲᠠᠲᠠᠪᠤᠷᠢᠯᠠᠭᠰᠠᠨ ᠭᠠᠵᠠᠷ ᠤᠨ ᠲᠥᠷᠥᠯ᠄ ᠭᠠᠵᠠᠷ ᠰᠢᠷᠣᠶ ᠶᠢᠨ ᠣᠳᠣᠬᠢ | ᠪᠠᠶᠢᠳᠠᠯ ᠤᠨ ᠭᠠᠵᠠᠷ ᠤᠨ ᠲᠥᠷᠥᠯ ᠢᠶᠠᠷ ᠰᠠᠭᠤᠷᠢ ᠪᠣᠯᠭᠠᠵᠤ᠂ ᠭᠠᠵᠠᠷ ᠰᠢᠷᠣᠶ ᠶᠢ ᠠᠰᠢᠭᠯᠠᠭᠰᠠᠨ ᠣᠳᠣᠬᠢ | ᠪᠠᠶᠢᠳᠠᠯ ᠤᠨ ᠵᠢᠷᠤᠭ ᠤᠨ ᠲᠣᠯᠪᠤ᠂ ᠲᠤᠬᠠᠶ ᠶᠢᠨ ᠭᠠᠵᠠᠷ ᠲᠤᠨᠢ ᠬᠠᠶᠢᠨ ᠬᠡᠮᠵᠢᠭᠰᠡᠨ ᠦᠷ᠎ᠡ ᠳ᠋ᠦᠩ ᠵᠢᠴᠢ ᠬᠠᠮᠢᠶ᠎ᠠ | ᠪᠦᠬᠦᠢ ᠲᠥᠷᠥ ᠶᠢᠨ ᠪᠣᠳᠣᠯᠭ᠎ᠠ ᠪᠠᠷ ᠦᠨᠳᠦᠰᠦᠯᠡᠯ ᠪᠣᠯᠭᠠᠨ᠎ᠠ᠃ | ᠬᠤᠶᠠᠷ᠂ ᠭᠠᠵᠠᠷ ᠰᠢᠷᠣᠶ ᠲᠠᠲᠠᠪᠤᠷᠢᠯᠠᠬᠤ ᠵᠣᠷᠢᠯᠭ᠎ᠠ | ᠲᠣᠰ ᠤᠳᠠᠭ᠎ᠠ ᠭᠠᠵᠠᠷ ᠰᠢᠷᠣᠶ ᠲᠠᠲᠠᠪᠤᠷᠢᠯᠠᠬᠤ ᠪᠠᠷ ᠪᠠᠶᠢᠭ᠎ᠠ ᠴᠠᠬᠠᠷ ᠳᠡᠭᠡᠳᠦ ᠰᠢᠨ᠎ᠡ ᠮᠡᠷᠭᠡᠵᠢᠯ ᠤᠨ | ᠨᠡᠭᠡᠭᠡᠯᠲᠡ ᠶᠢᠨ ᠲᠣᠭᠤᠷᠢᠭ ᠤᠨ ᠴᠡᠴᠡᠷᠯᠢᠭ ᠲᠤ ᠣᠷᠣᠬᠤ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠳᠤ | ᠬᠡᠷᠡᠭᠯᠡᠬᠦ ᠪᠠᠷ ᠪᠠᠶᠢᠨ᠎ᠠ᠃ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠠᠵᠠᠷ ᠰᠢᠷᠣᠶ ᠶᠢᠨ | ᠬᠠᠮᠢᠶᠠᠷᠤᠯᠲᠠ ᠶᠢᠨ ᠬᠠᠤᠯᠢ︾ ᠶᠢᠨ 45 ᠳ᠋ᠦ᠋ᠭᠡᠷ ᠵᠦᠢᠯ ᠤᠨ 6 ᠳ᠋ᠦ᠋ᠭᠡᠷ ᠪᠠᠳᠠᠭ ᠤᠨ ᠲᠣᠭᠲᠠᠭᠠᠯ ᠳᠤ ᠨᠡᠶᠢᠴᠡᠨ᠎ᠡ᠃ | ᠭᠤᠷᠪᠠ᠂ ᠭᠠᠵᠠᠷ ᠰᠢᠷᠣᠶ ᠶᠢᠨ ᠣᠳᠣᠬᠢ ᠪᠠᠶᠢᠳᠠᠯ ᠤᠨ ᠪᠠᠶᠢᠴᠠᠭᠠᠯᠲᠠ ᠶᠢᠨ ᠲᠣᠬᠢᠷᠠᠭᠤᠯᠤᠯᠲᠠ | ᠲᠣᠰ ᠠᠯᠪᠠᠨ ᠵᠠᠷ ᠢ ᠨᠡᠶᠢᠲᠡᠯᠡᠭᠰᠡᠨ ᠡᠳᠦᠷ ᠠᠴᠠ ᠡᠬᠢᠯᠡᠨ᠂ ᠵᠢᠨᠢᠩ ᠲᠣᠭᠤᠷᠢᠭ ᠤᠨ ᠠᠷᠠᠳ ᠤᠨ ᠵᠠᠰᠠᠭ ᠤᠨ | ᠣᠷᠳᠣᠨ ᠲᠠᠲᠠᠪᠤᠷᠢᠯᠠᠬᠤ ᠪᠠᠷ ᠪᠠᠶᠢᠭ᠎ᠠ ᠭᠠᠵᠠᠷ ᠰᠢᠷᠣᠶ ᠶᠢᠨ ᠣᠷᠣᠨ ᠪᠠᠶᠢᠷᠢ᠂ ᠡᠷᠬᠡ ᠶᠢᠨ ᠬᠠᠷᠢᠶ᠎ᠠ᠂ ᠭᠠᠵᠠᠷ ᠤᠨ | ᠲᠥᠷᠥᠯ᠂ ᠲᠠᠯᠠᠪᠠᠶ ᠵᠢᠴᠢ ᠬᠥᠳᠡᠭᠡ ᠲᠣᠰᠬᠤᠨ ᠤ ᠠᠷᠠᠳ ᠤᠨ ᠣᠷᠣᠨ ᠰᠠᠭᠤᠴᠠ᠂ ᠪᠤᠰᠤᠳ ᠭᠠᠵᠠᠷ ᠳᠡᠭᠡᠷᠡᠬᠢ | ᠳᠠᠭᠠᠯᠲᠠ ᠪᠣᠳᠠᠰ ᠪᠣᠯᠤᠨ ᠬᠥᠬᠡ ᠴᠢᠬᠢ ᠶᠢᠨ ᠡᠷᠬᠡ ᠶᠢᠨ ᠬᠠᠷᠢᠶᠠᠯᠠᠯ᠂ ᠲᠥᠷᠥᠯ ᠵᠦᠶᠯ ᠪᠣᠯᠤᠨ ᠲᠤᠭ᠎ᠠ ᠬᠡᠮᠵᠢᠶ᠎ᠡ | ᠵᠡᠷᠭᠡ ᠳᠤ ᠣᠳᠣᠬᠢ ᠪᠠᠶᠢᠳᠠᠯ ᠢ ᠪᠠᠶᠢᠴᠠᠭᠠᠬᠤ ᠪᠣᠯᠤᠨ᠎ᠠ᠃ ᠲᠠᠲᠠᠪᠤᠷᠢᠯᠠᠬᠤ ᠪᠠᠷ ᠪᠠᠶᠢᠭ᠎ᠠ ᠬᠡᠪᠴᠢᠶᠡᠨ ᠳᠣᠲᠣᠷᠠᠬᠢ | ᠭᠠᠵᠠᠷ ᠰᠢᠷᠣᠶ ᠶᠢᠨ ᠥᠮᠴᠢᠯᠡᠬᠦ ᠡᠷᠬᠡᠲᠦ ᠬᠥᠮᠦᠨ᠂ ᠬᠡᠷᠡᠭᠯᠡᠬᠦ ᠡᠷᠬᠡᠲᠦ ᠬᠥᠮᠦᠨ ᠵᠢᠴᠢ ᠪᠤᠰᠤᠳ ᠡᠷᠬᠡᠲᠦ | ᠬᠥᠮᠦᠨ ᠨᠢ ᠬᠠᠮᠵᠢᠯᠴᠠᠬᠤ ᠶᠢᠨ ᠬᠠᠮᠲᠤ ᠪᠠᠶᠢᠴᠠᠭᠠᠭᠰᠠᠨ ᠦᠷ᠎ᠡ ᠳ᠋ᠦᠩ ᠢᠶᠠᠨ ᠨᠤᠲᠠᠯᠠᠨ ᠲᠣᠭᠲᠠᠭᠠᠵᠤ᠂ ᠰᠢᠭᠤᠳ | ᠲᠤᠬᠠᠢ ᠶᠢᠨ ᠲᠠᠯᠠᠪᠠᠢ ᠳᠤ ᠬᠦᠷᠴᠦ ᠳᠡᠶᠢᠯᠬᠦ ᠦᠭᠡᠶ ᠪᠣᠯ ᠪᠤᠰᠤᠳ ᠲᠤ ᠨᠠᠶᠢᠳᠠᠵᠤ ᠣᠷᠣᠯᠠᠭᠤᠯᠤᠨ ᠭᠦᠢᠴᠡᠳᠬᠡᠯᠭᠡᠬᠦ | ᠬᠡᠷᠡᠭᠲᠡᠶ᠃ | ᠳᠥᠷᠪᠡ᠂ ᠭᠠᠵᠠᠷ ᠰᠢᠷᠣᠶ ᠲᠠᠲᠠᠪᠤᠷᠢᠯᠠᠬᠤ ᠪᠠᠷᠢᠮᠵᠢᠶ᠎ᠠ | ᠭᠠᠵᠠᠷ ᠰᠢᠷᠣᠶ ᠶᠢᠨ ᠨᠥᠬᠦᠪᠥᠷᠢ ᠥᠭᠴᠦ ᠲᠥᠪᠬᠢᠨᠡᠭᠦᠯᠬᠦ ᠪᠠᠷᠢᠮᠵᠢᠶ᠎ᠠ ᠶᠢ ︽ᠥᠪᠡᠷᠲᠡᠭᠡᠨ ᠵᠠᠰᠠᠬᠤ ᠣᠷᠣᠨ ᠤ | ᠰᠢᠨ᠎ᠡ ᠨᠢᠭᠡ ᠡᠭᠡᠯᠵᠢ ᠶᠢᠨ ᠭᠠᠵᠠᠷ ᠰᠢᠷᠣᠶ ᠲᠠᠲᠠᠪᠤᠷᠢᠯᠠᠬᠤ ᠣᠷᠣᠨ ᠤ ᠬᠡᠰᠡᠭ ᠤᠨ ᠶᠡᠷᠦᠩᠬᠡᠶᠢᠯᠡᠭᠰᠡᠨ ᠭᠠᠵᠠᠷ ᠤᠨ | ᠦᠨ᠎ᠡ ᠳᠤ ᠲᠣᠬᠢᠷᠠᠭᠤᠯᠤᠯᠲᠠ ᠬᠢᠵᠦ ᠰᠢᠨᠡᠳᠬᠡᠭᠰᠡᠨ ᠦᠷ᠎ᠡ ᠪᠦᠲᠦᠭᠡᠯ ᠢ ᠨᠡᠶᠢᠲᠡᠯᠡᠬᠦ ᠲᠤᠬᠠᠶ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ︾ ︵ᠥᠪᠥᠷ | ᠵᠠᠰᠠᠭ ᠠᠯᠪᠠᠨ ᠲᠠᠷᠬᠠᠭᠠᠭᠰᠠᠨ ︹2020︺ 92 ᠳ᠋ᠤᠭᠠᠷ ᠲᠣᠭᠠᠲᠤ︶ ᠶᠣᠰᠣᠭᠠᠷ ᠬᠡᠷᠡᠭᠵᠢᠭᠦᠯᠦᠨ᠎ᠡ᠃ ᠳᠠᠭᠠᠯᠲᠠ | ᠪᠣᠳᠠᠰ ᠵᠢᠴᠢ ᠬᠥᠬᠡ ᠴᠢᠬᠢ ᠶᠢᠨ ᠨᠥᠬᠦᠪᠥᠷᠢ ᠶᠢᠨ ᠪᠠᠷᠢᠮᠵᠢᠶ᠎ᠠ ᠶᠢ ︽ᠭᠠᠵᠠᠷ ᠲᠠᠲᠠᠪᠤᠷᠢᠯᠠᠬᠤ ᠣᠷᠣᠨ ᠤ ᠬᠡᠰᠡᠭ ᠤᠨ | ᠶᠡᠷᠦᠩᠬᠡᠶᠢᠯᠡᠭᠰᠡᠨ ᠭᠠᠵᠠᠷ ᠤᠨ ᠦᠨ᠎ᠡ ᠶᠢᠨ ᠲᠠᠷᠢᠶᠠᠯᠠᠩ ᠳᠤ ᠬᠡᠷᠡᠭᠯᠡᠬᠦ ᠭᠠᠵᠠᠷ ᠠᠴᠠ ᠭᠠᠳᠠᠨᠠᠬᠢ ᠪᠤᠰᠤᠳ ᠭᠠᠵᠠᠷ | ᠰᠢᠷᠣᠶ᠂ ᠬᠥᠬᠡ ᠴᠢᠬᠢ ᠪᠠ ᠭᠠᠵᠠᠷ ᠳᠡᠭᠡᠷᠡᠬᠢ ᠳᠠᠭᠠᠯᠲᠠ ᠪᠣᠳᠠᠰ ᠵᠡᠷᠭᠡ ᠨᠥᠬᠦᠪᠥᠷᠢ ᠶᠢᠨ ᠪᠠᠷᠢᠮᠵᠢᠶ᠎ᠠ ᠵᠢᠴᠢ ᠭᠠᠵᠠᠷ | ᠰᠢᠷᠣᠶ ᠶᠢᠨ ᠨᠥᠬᠦᠪᠥᠷᠢ ᠵᠠᠷᠤᠳᠠᠯ ᠪᠠ ᠲᠥᠪᠬᠢᠨᠡᠭᠦᠯᠬᠦ ᠲᠤᠰᠠᠯᠠᠮᠵᠢ ᠶᠢᠨ ᠵᠠᠷᠤᠳᠠᠯ ᠢ ᠬᠤᠪᠢᠶᠠᠷᠢᠯᠠᠬᠤ ᠬᠠᠷᠢᠴᠠᠯ ᠢ | ᠨᠡᠶᠢᠲᠡᠯᠡᠬᠦ ᠶᠢ ᠵᠥᠪᠰᠢᠶᠡᠷᠡᠬᠦ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ | ᠵᠠᠰᠠᠭ ᠤᠨ ᠣᠷᠳᠣᠨ ᠤ ᠠᠯᠪᠠᠨ ᠭᠡᠷ ᠤᠨ ᠴᠣᠬᠤᠯᠠᠪᠤᠷᠢ︾ ︵ᠥᠪᠥᠷ ᠵᠠᠰᠠᠭ ᠥᠰᠥᠭ ︹2020︺ 77 | ᠳ᠋ᠤᠭᠠᠷ ᠲᠣᠭᠠᠲᠤ︶ ᠵᠢᠴᠢ ᠤᠯᠠᠭᠠᠨᠴᠠᠪ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ︽ | ᠤᠯᠠᠭᠠᠨᠴᠠᠪ ᠬᠤᠲᠠ ᠶᠢᠨ ᠭᠠᠵᠠᠷ ᠲᠠᠲᠠᠪᠤᠷᠢᠯᠠᠬᠤ ᠣᠷᠣᠨ ᠤ ᠬᠡᠰᠡᠭ ᠤᠨ ᠶᠡᠷᠦᠩᠬᠡᠶᠢᠯᠡᠭᠰᠡᠨ ᠭᠠᠵᠠᠷ ᠤᠨ ᠦᠨ᠎ᠡ ᠪᠠᠷ | ᠲᠠᠷᠢᠶᠠᠯᠠᠩ ᠳᠤ ᠬᠡᠷᠡᠭᠯᠡᠬᠦ ᠭᠠᠵᠠᠷ ᠠᠴᠠ ᠭᠠᠳᠠᠨᠠᠬᠢ ᠪᠤᠰᠤᠳ ᠭᠠᠵᠠᠷ ᠰᠢᠷᠣᠶ᠂ ᠬᠥᠬᠡ ᠴᠢᠬᠢ ᠪᠠ ᠭᠠᠵᠠᠷ ᠳᠡᠭᠡᠷᠡᠬᠢ | ᠳᠠᠭᠠᠯᠲᠠ ᠪᠣᠳᠠᠰ ᠵᠡᠷᠭᠡ ᠨᠥᠬᠦᠪᠥᠷᠢ ᠶᠢᠨ ᠪᠠᠷᠢᠮᠵᠢᠶ᠎ᠠ ᠵᠢᠴᠢ ᠭᠠᠵᠠᠷ ᠰᠢᠷᠣᠶ ᠶᠢᠨ ᠨᠥᠬᠦᠪᠥᠷᠢ ᠵᠠᠷᠤᠳᠠᠯ ᠪᠠ | ᠲᠥᠪᠬᠢᠨᠡᠭᠦᠯᠬᠦ ᠲᠤᠰᠠᠯᠠᠮᠵᠢ ᠶᠢᠨ ᠵᠠᠷᠤᠳᠠᠯ ᠢ ᠬᠤᠪᠢᠶᠠᠷᠢᠯᠠᠬᠤ ᠬᠠᠷᠢᠴᠠᠯ︾ ᠢ ᠨᠡᠶᠢᠲᠡᠯᠡᠬᠦ ᠲᠤᠬᠠᠶ ᠮᠡᠳᠡᠭᠳᠡᠯ ︵ | ᠤᠯᠠᠭᠠᠨᠴᠠᠪ ᠵᠠᠰᠠᠭ ᠠᠯᠪᠠᠨ ᠲᠠᠷᠬᠠᠭᠠᠭᠰᠠᠨ ︹2020︺ 16 ᠳ᠋ᠤᠭᠠᠷ ᠲᠣᠭᠠᠲᠤ︶ ᠤᠨ ᠲᠣᠭᠲᠠᠭᠠᠯ ᠶᠣᠰᠣᠭᠠᠷ | ᠬᠡᠷᠡᠭᠵᠢᠭᠦᠯᠦᠨ᠎ᠡ᠃ ᠲᠠᠲᠠᠪᠤᠷᠢᠯᠠᠭᠳᠠᠭᠰᠠᠨ ᠭᠠᠵᠠᠷ ᠰᠢᠷᠣᠶ ᠲᠣᠰᠬᠤᠨ ᠤ ᠪᠣᠳᠠᠲᠠᠶ ᠭᠠᠵᠠᠷ ᠲᠠᠲᠠᠪᠤᠷᠢᠯᠠᠬᠤ ᠳᠤ | ᠨᠥᠬᠦᠪᠥᠷᠢ ᠥᠭᠴᠦ ᠲᠥᠪᠬᠢᠨᠡᠭᠦᠯᠬᠦ ᠲᠥᠰᠦᠯ ᠨᠢ ᠭᠠᠵᠠᠷ ᠰᠢᠷᠣᠶ ᠶᠢᠨ ᠣᠳᠣᠬᠢ ᠪᠠᠶᠢᠳᠠᠯ ᠢ ᠪᠠᠶᠢᠴᠠᠭᠠᠬᠤ ᠪᠠ | ᠭᠠᠵᠠᠷ ᠰᠢᠷᠣᠶ ᠲᠠᠲᠠᠪᠤᠷᠢᠯᠠᠬᠤ ᠨᠡᠶᠢᠭᠡᠮ ᠤᠨ ᠲᠣᠭᠲᠠᠭᠤᠨ ᠤ ᠲᠦᠭᠰᠢᠭᠦᠷᠢ ᠶᠢ ᠦᠨᠡᠯᠡᠨ ᠵᠢᠱᠢᠵᠦ ᠳᠠᠭᠤᠰᠤᠭᠰᠠᠨ ᠤ | ᠳᠠᠷᠠᠭ᠎ᠠ᠂ ᠵᠢᠨᠢᠩ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠠᠴᠠ ᠬᠤᠯᠪᠣᠭᠳᠠᠯ ᠪᠦᠬᠦᠢ ᠰᠠᠯᠠᠭ᠎ᠠ | ᠮᠥᠴᠢᠷ ᠢ ᠵᠣᠬᠢᠶᠠᠨ ᠪᠠᠶᠢᠭᠤᠯᠤᠨ ᠲᠤᠭᠤᠷᠪᠢᠬᠤ ᠶᠢᠨ ᠬᠠᠮᠲᠤ ᠵᠠᠷᠯᠠᠨ᠎ᠠ᠃ | ᠲᠠᠪᠤ᠂ ᠪᠤᠰᠤᠳ ᠵᠦᠢᠯ | ᠲᠣᠰ ᠠᠯᠪᠠᠨ ᠵᠠᠷ ᠢ ᠨᠡᠶᠢᠳᠡᠯᠡᠭᠰᠡᠨ ᠡᠳᠣᠷ ᠠᠴᠠ ᠡᠬᠢᠯᠡᠨ᠂ ᠶᠠᠮᠠᠷᠪᠡ ᠨᠢᠭᠡᠴᠡ ᠪᠠ ᠬᠤᠪᠢ ᠬᠦᠮᠦᠨ | ᠲᠠᠳᠡᠪᠦᠷᠢᠯᠡᠬᠦ ᠪᠠᠷ ᠪᠠᠶᠢᠭ᠎ᠠ ᠭᠡᠪᠴᠢᠶᠡᠨ ᠳᠣᠳᠣᠷ᠎ᠠ ᠵᠠᠪᠳᠤᠨ ᠳᠡᠷᠢᠵᠦ ᠪᠠᠶᠢᠭᠤᠯᠵᠦ ᠪᠤᠯᠬᠤ ᠦᠭᠡᠢ︔ | ᠲᠣᠠᠠᠳᠠᠭᠠᠯ ᠠᠴᠠ ᠵᠦᠷᠢᠴᠡᠨ ᠵᠠᠪᠳᠤᠨ ᠳᠡᠷᠢᠵᠦ ᠪᠠᠶᠢᠭᠤᠯᠥᠠᠠᠰᠠᠨ ᠪᠠᠶᠢᠪᠠᠯ᠂ ᠵᠠᠪᠳᠤᠨ ᠳᠡᠷᠢᠵᠦ ᠪᠠᠶᠢᠭᠤᠯᠥᠠᠠᠰᠠᠨ | ᠭᠡᠰᠡᠭ ᠲᠤ ᠨᠦᠬᠦᠪᠦᠷᠢ ᠦᠭᠬᠦ ᠦᠭᠡᠢ᠃ | ᠲᠣᠰ ᠠᠯᠪᠠᠨ ᠵᠠᠷ ᠢ ᠨᠡᠶᠢᠲᠡᠯᠡᠭᠰᠡᠨ ᠡᠳᠦᠷ ᠠᠴᠠ ᠡᠬᠢᠯᠡᠨ ᠵᠠᠷᠯᠠᠨ ᠨᠡᠶᠢᠲᠡᠯᠡᠬᠦ ᠬᠤᠭᠤᠴᠠᠭ᠎ᠠ ᠨᠢ 10 | ᠠᠵᠢᠯᠯᠠᠬᠤ ᠡᠳᠦᠷ ᠪᠣᠯᠤᠨ᠎ᠠ᠂ 2025 ᠣᠨ ᠤ 4 ᠰᠠᠷ᠎ᠠ ᠶᠢᠨ 9 ᠤ ᠡᠳᠦᠷ ᠠᠴᠠ ᠡᠬᠢᠯᠡᠨ 2025 ᠣᠨ ᠤ 4 | ᠰᠠᠷ᠎ᠠ ᠶᠢᠨ 19 ᠤ ᠡᠳᠦᠷ ᠪᠣᠯᠲᠠᠯ᠎ᠠ᠃ ᠭᠠᠵᠠᠷ ᠢᠶᠠᠨ ᠲᠠᠲᠠᠪᠤᠷᠢᠯᠠᠭᠤᠯᠤᠭᠰᠠᠨ ᠬᠥᠳᠡᠭᠡ ᠲᠣᠰᠬᠤᠨ ᠤ ᠬᠠᠮᠲᠤ ᠶᠢᠨ | ᠠᠵᠤ ᠠᠬᠤᠶ ᠶᠢᠨ ᠵᠣᠬᠢᠶᠠᠨ ᠪᠠᠶᠢᠭᠤᠯᠤᠯᠲᠠ᠂ ᠲᠣᠰᠬᠤᠨ ᠤ ᠠᠷᠠᠳ ᠪᠤᠶᠤ ᠬᠠᠮᠢᠶ᠎ᠠ ᠪᠦᠬᠦᠢ ᠡᠷᠬᠡᠲᠦ ᠬᠥᠮᠦᠨ ᠲᠤᠰ | ᠠᠯᠪᠠᠨ ᠵᠠᠷ ᠲᠤ ᠣᠨᠳᠣᠤ ᠰᠠᠨᠠᠯ ᠲᠠᠢ ᠪᠣᠯ᠂ ᠲᠤᠰ ᠠᠯᠪᠠᠨ ᠵᠠᠷ ᠢ ᠨᠡᠶᠢᠲᠡᠯᠡᠬᠦ ᠬᠤᠭᠤᠴᠠᠭ᠎ᠠ ᠨᠢ ᠳᠦᠭᠦᠷᠬᠦ ᠠᠴᠠ | ᠡᠮᠦᠨ᠎ᠡ ᠵᠢᠨᠢᠩ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠳᠤ ᠪᠢᠴᠢᠭᠯᠡᠭᠰᠡᠨ ᠭᠤᠶᠤᠴᠢᠯᠠᠯ ᠢᠶᠠᠨ | ᠳᠡᠪᠰᠢᠭᠦᠯᠵᠦ ᠪᠣᠯᠤᠨ᠎ᠠ︔ ᠭᠠᠵᠠᠷ ᠰᠢᠷᠣᠶ ᠶᠢᠨ ᠣᠳᠣᠬᠢ ᠪᠠᠶᠢᠳᠠᠯ ᠢ ᠪᠠᠶᠢᠴᠠᠭᠠᠭᠰᠠᠨ ᠦᠷ᠎ᠡ ᠳ᠋ᠦᠩ ᠳᠤ ᠣᠨᠳᠣᠤ | ᠰᠠᠨᠠᠯ ᠲᠠᠢ ᠪᠣᠯ᠂ ᠭᠠᠵᠠᠷ ᠰᠢᠷᠣᠶ ᠶᠢᠨ ᠪᠠᠶᠢᠴᠠᠭᠠᠯᠲᠠ ᠳᠠᠭᠤᠰᠤᠭᠰᠠᠨ ᠤ ᠳᠠᠷᠠᠭ᠎ᠠ 5 ᠡᠳᠦᠷ ᠤᠨ ᠳᠣᠲᠣᠷ᠎ᠠ᠂ | ᠵᠢᠨᠢᠩ ᠲᠣᠭᠤᠷᠢᠭ ᠤᠨ ᠪᠠᠶᠢᠭᠠᠯᠢ ᠶᠢᠨ ᠡᠬᠢ ᠪᠠᠶᠠᠯᠢᠭ ᠤᠨ ᠬᠤᠪᠢᠶᠠᠷᠢ ᠲᠣᠪᠴᠢᠶ᠎ᠠ ᠳᠤ ᠪᠢᠴᠢᠭᠯᠡᠭᠰᠡᠨ | ᠭᠤᠶᠤᠴᠢᠯᠠᠯ ᠢᠶᠠᠨ ᠳᠤᠷᠠᠳᠴᠤ᠂ ᠰᠢᠶᠳᠪᠦᠷᠢᠯᠡᠭᠰᠡᠨ ᠤ ᠳᠠᠷᠠᠭ᠎ᠠ ᠦᠷ᠎ᠡ ᠳ᠋ᠦᠩ ᠳᠤ ᠮᠥᠨ ᠣᠨᠳᠣᠤ ᠰᠠᠨᠠᠯ ᠲᠠᠢ ᠪᠣᠯ | ᠰᠢᠶᠳᠪᠦᠷᠢᠯᠡᠭᠰᠡᠨ ᠦᠷ᠎ᠡ ᠳ᠋ᠦᠩ ᠢ ᠣᠯᠤᠭᠰᠠᠨ ᠡᠳᠦᠷ ᠠᠴᠠ ᠡᠬᠢᠯᠡᠨ 5 ᠠᠵᠢᠯᠯᠠᠬᠤ ᠡᠳᠦᠷ ᠤᠨ ᠳᠣᠲᠣᠷ᠎ᠠ | ᠭᠡᠷᠡᠴᠢᠯᠡᠭᠡ ᠰᠣᠨᠣᠰᠬᠤ ᠪᠠᠷ ᠭᠤᠶᠤᠴᠢᠯᠠᠵᠤ ᠪᠣᠯᠤᠨ᠎ᠠ᠂ ᠬᠤᠭᠤᠴᠠᠭ᠎ᠠ ᠥᠩᠭᠡᠷᠡᠲᠡᠯ᠎ᠡ ᠲᠤᠰᠢᠶᠠᠭᠰᠠᠨ ᠪᠤᠶᠤ | ᠪᠢᠴᠢᠭᠯᠡᠭᠰᠡᠨ ᠭᠤᠶᠤᠴᠢᠯᠠᠯ ᠢᠶᠠᠨ ᠲᠤᠰᠢᠶᠠᠭᠰᠠᠨ ᠦᠭᠡᠶ ᠪᠣᠯ ᠴᠥᠮ ᠬᠠᠮᠢᠶ᠎ᠠ ᠪᠦᠬᠦᠢ ᠡᠷᠬᠡ ᠪᠠᠨ ᠬᠠᠶᠠᠭᠰᠠᠨ ᠢᠶᠠᠷ | ᠦᠵᠡᠨ᠎ᠡ᠃ ᠵᠢᠨᠢᠩ ᠲᠣᠭᠤᠷᠢᠭ ᠤᠨ ᠪᠠᠶᠢᠭᠠᠯᠢ ᠶᠢᠨ ᠡᠬᠢ ᠪᠠᠶᠠᠯᠢᠭ ᠤᠨ ᠬᠤᠪᠢᠶᠠᠷᠢ ᠲᠣᠪᠴᠢᠶ᠎ᠠ ᠬᠤᠯᠪᠣᠭᠳᠠᠯ | ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠭᠠᠵᠠᠷ ᠢᠶᠠᠨ ᠲᠠᠲᠠᠪᠤᠷᠢᠯᠠᠭᠤᠯᠤᠭᠰᠠᠨ ᠬᠥᠳᠡᠭᠡ ᠲᠣᠰᠬᠤᠨ ᠤ | ᠬᠠᠮᠲᠤ ᠶᠢᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ᠂ ᠲᠣᠰᠬᠤᠨ ᠤ ᠠᠷᠠᠳ ᠪᠤᠶᠤ ᠬᠠᠮᠢᠶ᠎ᠠ ᠪᠦᠬᠦᠢ ᠡᠷᠬᠡᠲᠦ | ᠬᠥᠮᠦᠨ ᠤ ᠳᠤᠷᠠᠳᠤᠭᠰᠠᠨ ᠬᠠᠤᠯᠢ ᠶᠣᠰᠣᠨ ᠤ ᠬᠦᠰᠡᠯ ᠱᠠᠭᠠᠷᠳᠠᠯᠭ᠎ᠠ ᠶᠢ ᠨᠠᠷᠢᠨ ᠬᠢᠨᠠᠮᠠᠭᠠᠶ ᠳᠠᠬᠢᠨ ᠬᠢᠨᠠᠬᠤ ᠶᠢᠨ | ᠬᠠᠮᠲᠤ ᠲᠣᠬᠢᠲᠠᠶ ᠰᠢᠢᠳᠪᠦᠷᠢᠯᠡᠬᠦ ᠬᠡᠷᠡᠭᠲᠡᠶ᠃ | 2025 ᠣᠨ ᠤ 4 ᠰᠠᠷ᠎ᠠ ᠶᠢᠨ 9 ᠤ ᠡᠳᠦᠷ | |