ᠵᠢᠨᠢᠩ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠢᠳᠡᠭᠡᠨ ᠤ ᠠᠮᠤᠷ ᠲᠦᠪᠰᠢᠨ ᠤ ᠠᠵᠢᠯ ᠤᠨ ᠲᠣᠭᠲᠠᠭᠤᠨ ᠪᠥᠭᠡᠳ ᠡᠮᠬᠢ ᠵᠢᠷᠤᠮ ᠲᠠᠢ ᠪᠠᠶᠢᠬᠤ ᠶᠢ ᠪᠠᠲᠤᠯᠠᠪᠠ
ᠨᠡᠶᠢᠲᠡᠯᠡᠭᠰᠡᠨ ᠴᠠᠭ᠄
2025/4/14
     ᠢᠳᠡᠭᠡᠨ ᠤ ᠠᠮᠤᠷ ᠲᠦᠪᠰᠢᠨ ᠨᠢ ᠠᠷᠠᠳ ᠤᠨ ᠠᠮᠢᠳᠤᠷᠠᠯ ᠤᠨ ᠶᠡᠭᠡ ᠶᠠᠪᠤᠳᠠᠯ ᠳᠤ ᠬᠤᠯᠪᠣᠭᠳᠠᠵᠤ᠂ ᠨᠠᠩ ᠴᠤ ᠥᠷᠭᠡᠨ ᠣᠯᠠᠨ ᠬᠡᠷᠡᠭᠯᠡᠭᠴᠢᠳ ᠤᠨ ᠪᠡᠶ᠎ᠡ ᠮᠠᠬᠠᠪᠣᠳ ᠤᠨ ᠡᠷᠡᠭᠦᠯ ᠮᠡᠨᠳᠦ ᠪᠠ ᠠᠮᠢ ᠨᠠᠰᠤᠨ ᠤ ᠠᠮᠤᠷ ᠲᠦᠪᠰᠢᠨ ᠲᠠᠢ ᠨᠢᠭᠲᠠ ᠬᠤᠯᠪᠣᠭ᠎ᠠ ᠲᠠᠢ ᠪᠠᠶᠢᠳᠠᠭ᠂ ᠡᠭᠦᠨ ᠳᠤ ᠵᠢᠨᠢᠩ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠢᠳᠡᠭᠡᠨ ᠤ ᠠᠮᠤᠷ ᠲᠦᠪᠰᠢᠨ ᠤ ᠭᠤᠤᠯ ᠰᠡᠳᠦᠪ ᠤᠨ ᠲᠣᠭᠤᠷᠢᠨ ᠳᠤ ︽ᠳᠥᠷᠪᠡᠨ ᠬᠠᠮᠤᠭ ᠤᠨ ᠴᠢᠩᠭ᠎ᠠ︾ ᠱᠠᠭᠠᠷᠳᠠᠯᠭ᠎ᠠ ᠶᠢ ᠢᠮᠠᠭᠲᠠ ᠪᠠᠷᠢᠮᠲᠠᠯᠠᠵᠤ᠂ ᠪᠥᠬᠦ ᠲᠤᠭᠤᠷᠢᠭ ᠤᠨ ᠢᠳᠡᠭᠡᠨ ᠤ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠠᠵᠢᠯ ᠢ ᠪᠥᠬᠦ ᠬᠦᠴᠦᠨ ᠢᠶᠠᠷ ᠢᠶᠠᠨ ᠴᠢᠩᠭ᠎ᠠ ᠠᠳᠬᠤᠨ ᠪᠣᠳᠠᠲᠠᠶ ᠠᠳᠬᠤᠵᠤ᠂ ᠢᠳᠡᠭᠡᠨ ᠤ ᠠᠮᠤᠷ ᠲᠦᠪᠰᠢᠨ ᠤ ᠠᠵᠢᠯ ᠤᠨ ᠲᠣᠭᠲᠠᠭᠤᠨ ᠪᠥᠭᠡᠳ ᠡᠮᠬᠢ ᠵᠢᠷᠤᠮ ᠲᠠᠢ ᠪᠠᠶᠢᠬᠤ ᠶᠢ ᠦᠨᠡᠨ ᠬᠦ ᠪᠠᠲᠤᠯᠠᠪᠠ᠃     ᠨᠢᠭᠡ᠂ ᠢᠳᠡᠭᠡᠨ ᠤ ᠠᠮᠤᠷ ᠲᠥᠪᠰᠢᠨ ᠤ ᠳᠥᠷᠢᠮ ᠢ ᠨᠠᠶᠢᠳᠠᠪᠤᠷᠢᠵᠢᠭᠤᠯᠵᠤ ᠠᠮᠤᠷ ᠲᠥᠪᠰᠢᠨ ᠤ ᠬᠠᠷᠢᠭᠤᠴᠠᠯᠭ᠎ᠠ ᠶᠢᠨ ᠤᠬᠠᠮᠰᠠᠷ ᠢ ᠪᠠᠲᠤ ᠪᠣᠢ ᠪᠣᠯᠭᠠᠨ᠎ᠠ    ᠬᠠᠤᠯᠢ ᠬᠡᠷᠡᠭᠵᠢᠭᠦᠯᠬᠦ ᠠᠵᠢᠯᠲᠠᠨ ︽ᠴᠢᠩᠭ᠎ᠠ ᠬᠢᠨᠠᠨ ᠬᠠᠮᠢᠶᠠᠷᠬᠤ᠂ ᠠᠮᠤᠷ ᠲᠦᠪᠰᠢᠨ ᠢ ᠪᠠᠲᠤᠯᠠᠬᠤ᠂ ᠦᠢᠯᠡᠴᠢᠯᠡᠭᠡ ᠶᠢ ᠰᠢᠯᠢᠳᠡᠭᠵᠢᠭᠦᠯᠬᠦ᠂ ᠬᠥᠭᠵᠢᠯᠲᠡ ᠶᠢ ᠠᠬᠢᠭᠤᠯᠬᠤ︾ ᠠᠵᠢᠯ ᠤᠨ ᠣᠨᠣᠯᠵᠢᠬᠤᠨ ᠢ ᠪᠠᠷᠢᠮᠲᠠᠯᠠᠵᠤ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠢᠳᠡᠭᠡᠨ ᠤ ᠠᠮᠤᠷ ᠲᠦᠪᠰᠢᠨ ᠤ ᠬᠠᠤᠯᠢ︾᠂ ︽ᠢᠳᠡᠭᠡᠨ ᠤᠮᠳᠠᠭᠠᠨ ᠤ ᠦᠢᠯᠡᠴᠢᠯᠡᠭᠡᠨ ᠤ ᠢᠳᠡᠭᠡᠨ ᠤ ᠠᠮᠤᠷ ᠲᠦᠪᠰᠢᠨ ᠤ ᠠᠵᠢᠯᠯᠠᠭᠠᠨ ᠤ ᠵᠢᠷᠤᠮᠵᠢᠯ ᠤᠨ ᠤᠬᠠᠭᠤᠯᠭ᠎ᠠ ᠶᠢᠨ ᠳᠡᠪᠲᠡᠷ︾ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠲᠠᠢ ᠴᠢᠩᠭ᠎ᠠ ᠬᠠᠷᠢᠴᠠᠭᠤᠯᠤᠨ᠂ ᠬᠠᠷᠢᠶ᠎ᠠ ᠣᠷᠣᠨ ᠤ ᠳᠣᠲᠣᠷᠠᠬᠢ ᠢᠳᠡᠭᠡᠨ ᠤᠮᠳᠠᠭᠠᠨ ᠤ ᠬᠤᠳᠠᠯᠳᠤᠭᠠᠴᠢᠨ ᠡᠷᠦᠬᠡ᠂ ᠭᠦᠢᠯᠭᠡᠭᠡᠨ ᠤ ᠬᠤᠳᠠᠯᠳᠤᠭᠠᠴᠢᠨ ᠡᠷᠦᠬᠡ᠂ ᠦᠢᠯᠡᠳᠪᠦᠷᠢᠯᠡᠯ ᠤᠨ ᠵᠢᠵᠢᠭ ᠦᠢᠯᠡᠳᠬᠡᠯ ᠤᠨ ᠭᠠᠵᠠᠷ ᠵᠡᠷᠭᠡ ᠡᠯ᠎ᠡ ᠲᠥᠷᠥᠯ ᠤᠨ ᠡᠵᠡᠩᠨᠡᠯᠲᠡ ᠶᠢᠨ ᠭᠤᠤᠯ ᠴᠣᠭᠴᠠ ᠳᠤ ᠢᠳᠡᠭᠡᠨ ᠤ ᠠᠮᠤᠷ ᠲᠦᠪᠰᠢᠨ ᠤ ᠬᠢᠨᠠᠯᠲᠠ ᠪᠠᠶᠢᠴᠠᠭᠠᠯᠲᠠ ᠶᠢ ᠥᠷᠨᠢᠭᠦᠯᠵᠦ᠂ ᠲᠡᠭᠦᠨ ᠤ ᠭᠡᠷᠡᠴᠢ ᠪᠠᠷᠢᠮᠲᠠ ᠠᠪᠬᠤ ᠲᠦᠷᠢᠮ᠂ ᠪᠠᠷᠠᠭ᠎ᠠ ᠣᠷᠣᠭᠤᠯᠬᠤ ᠪᠠᠶᠢᠴᠠᠭᠠᠨ ᠰᠢᠯᠭᠠᠬᠤ ᠲᠦᠷᠢᠮ᠂ ᠢᠳᠡᠭᠡᠨ ᠤ ᠠᠮᠤᠷ ᠲᠦᠪᠰᠢᠨ ᠤ ᠥᠪᠡᠰᠦᠪᠡᠨ ᠪᠠᠶᠢᠴᠠᠭᠠᠬᠤ ᠲᠦᠷᠢᠮ ᠵᠡᠷᠭᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠲᠤᠬᠠᠶ ᠶᠢᠨ ᠭᠠᠵᠠᠷ ᠲᠤᠨᠢ ᠪᠠᠶᠢᠴᠠᠭᠠᠬᠤ᠂ ᠲᠤᠬᠠᠶ ᠶᠢᠨ ᠲᠠᠯᠠᠪᠤᠷ ᠤᠨ ᠤᠬᠠᠭᠤᠯᠭ᠎ᠠ᠂ ᠬᠤᠷᠠᠯ ᠤᠨ ᠪᠣᠯᠪᠠᠰᠤᠷᠠᠭᠤᠯᠤᠯ᠂ ᠬᠡᠷᠡᠭ ᠤᠨ ᠵᠢᠱᠢᠶ᠎ᠡ ᠶᠢ ᠵᠠᠳᠠᠯᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠡᠵᠡᠩᠨᠡᠯᠲᠡ ᠶᠢᠨ ᠭᠤᠤᠯ ᠴᠣᠭᠴᠠ ᠶᠢᠨ ᠥᠪᠡᠰᠦᠪᠡᠨ ᠬᠠᠮᠢᠶᠠᠷᠬᠤ ᠴᠢᠳᠠᠪᠤᠷᠢ ᠪᠠ ᠬᠢᠷᠢ ᠬᠡᠮᠵᠢᠶ᠎ᠡ ᠶᠢ ᠲᠠᠰᠤᠷᠠᠯᠲᠠ ᠥᠬᠡᠶ ᠳᠡᠭᠡᠭᠰᠢᠯᠡᠭᠦᠯᠵᠦ᠂ ᠠᠮᠤᠷ ᠲᠦᠪᠰᠢᠨ ᠤ ᠬᠠᠷᠢᠭᠤᠴᠠᠯᠭ᠎ᠠ ᠶᠢᠨ ᠤᠬᠠᠮᠰᠠᠷ ᠢ ᠪᠠᠲᠤ ᠪᠠᠬᠢ ᠪᠣᠶ ᠪᠣᠯᠭᠠᠪᠠ᠃     ᠬᠤᠶᠠᠷ᠂ ᠠᠵᠢᠯᠲᠠᠨ ᠤ ᠬᠠᠮᠢᠶᠠᠷᠤᠯᠲᠠ ᠶᠢᠨ ᠲᠦᠷᠢᠮ ᠢ ᠵᠢᠷᠤᠮᠵᠢᠭᠤᠯᠵᠤ ᠢᠳᠡᠭᠡᠨ ᠤᠮᠳᠠᠭᠠᠨ ᠤ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠪᠠᠲᠤ ᠴᠣᠭᠴᠠᠯᠠᠨ᠎ᠠ     ᠠᠵᠢᠯᠲᠠᠨ ᠤ ᠰᠢᠯᠵᠢᠯᠲᠡ ᠪᠠᠷ ᠶᠡᠭᠡ᠂ ᠰᠤᠷᠤᠯᠴᠠᠯᠭ᠎ᠠ ᠶᠢ ᠬᠦᠯᠢᠶᠡᠨ ᠠᠪᠬᠤ ᠴᠢᠳᠠᠪᠤᠷᠢ ᠶᠢᠨ ᠬᠢᠷᠢ ᠬᠡᠮᠵᠢᠶ᠎ᠡ ᠪᠠᠷ ᠪᠠᠷᠤᠭᠲᠠᠶ ᠪᠠᠶᠢᠬᠤ ᠪᠣᠯ ᠣᠳᠣᠬᠠᠨ ᠤ ᠢᠳᠡᠭᠡᠨ ᠤᠮᠳᠠᠭᠠᠨ ᠤ ᠦᠢᠯᠡᠴᠢᠯᠡᠭᠡᠨ ᠤ ᠨᠢᠭᠡᠴᠡ ᠶᠢᠨ ᠨᠡᠶᠢᠲᠡᠴᠢ ᠴᠢᠨᠠᠷᠲᠠᠶ ᠠᠰᠠᠭᠤᠳᠠᠯ ᠪᠣᠯᠤᠨ᠎ᠠ᠂ ᠭᠡᠪᠡᠴᠦ ᠠᠵᠢᠯᠯᠠᠵᠤ ᠪᠠᠶᠢᠭ᠎ᠠ ᠬᠥᠮᠦᠰ ᠤᠨ ︽ᠦᠨᠡᠮᠯᠡᠯ ᠢᠶᠠᠨ ᠢᠯᠡ ᠨᠡᠶᠢᠲᠡᠯᠡᠵᠦ᠂ ᠦᠨᠡᠮᠯᠡᠯ ᠢᠶᠠᠨ ᠠᠪᠴᠤ ᠳᠠᠬᠢᠨ ᠠᠵᠢᠯ ᠤᠨ ᠪᠠᠶᠢᠷᠢ ᠳᠤ ᠭᠠᠷᠬᠤ︾ ᠪᠣᠯ ᠰᠢᠭᠤᠳ ᠣᠷᠣᠬᠤ ᠢᠳᠡᠭᠡᠨ ᠲᠠᠢ ᠤᠶᠢᠷᠠᠲᠤᠬᠤ ᠠᠵᠢᠯᠲᠠᠨ ᠤ ᠦᠨᠳᠦᠰᠦᠨ ᠤᠷᠢᠲᠠᠯ ᠮᠥᠨ᠂ ᠪᠠᠰᠠ ᠴᠤ ᠢᠳᠡᠭᠡᠨ ᠤᠮᠳᠠᠭᠠᠨ ᠤ ᠠᠮᠤᠷ ᠲᠦᠪᠰᠢᠨ ᠢ ᠪᠠᠲᠤᠯᠠᠬᠤ ᠲᠡᠷᠢᠭᠦᠨ ᠴᠢᠬᠤᠯᠠ ᠰᠡᠷᠭᠡᠶᠢᠯᠡᠯᠲᠡ ᠶᠢᠨ ᠱᠤᠭᠤᠮ ᠮᠥᠨ᠂ ᠡᠭᠦᠨ ᠳᠤ ᠰᠠᠭᠤᠷᠢᠯᠠᠨ᠂ ᠪᠢᠳᠡ ᠢᠳᠡᠭᠡᠨ ᠤᠮᠳᠠᠭᠠᠨ ᠤ ᠦᠢᠯᠡᠴᠢᠯᠡᠭᠡᠨ ᠤ ᠨᠢᠭᠡᠴᠡ ᠶᠢᠨ ᠠᠵᠢᠯ ᠡᠷᠭᠢᠯᠡᠭᠰᠡᠳ ᠤᠨ ᠡᠷᠡᠭᠦᠯ ᠮᠡᠨᠳᠦ ᠶᠢᠨ ᠬᠠᠮᠢᠶᠠᠷᠤᠯᠲᠠ ᠶᠢᠨ ᠲᠦᠷᠢᠮ ᠢ ᠬᠡᠷᠡᠭᠵᠢᠭᠦᠯᠦᠭᠰᠡᠨ ᠪᠠᠶᠢᠳᠠᠯ ᠢ ᠴᠢᠩᠭ᠎ᠠ ᠠᠩᠬᠠᠷᠴᠤ᠂ ᠠᠵᠢᠯ ᠡᠷᠭᠢᠯᠡᠭᠰᠡᠳ ᠤᠨ ᠡᠷᠡᠭᠦᠯ ᠮᠡᠨᠳᠦ ᠶᠢᠨ ᠬᠠᠮᠢᠶᠠᠷᠤᠯᠲᠠ ᠶᠢᠨ ᠦᠨᠡᠮᠯᠡᠯ ᠤᠨ ᠬᠦᠴᠦᠨ ᠲᠠᠢ ᠬᠤᠭᠤᠴᠠᠭ᠎ᠠ ᠶᠢ ᠨᠠᠷᠢᠨ ᠨᠢᠮᠪᠠᠶ ᠪᠠᠶᠢᠴᠠᠭᠠᠬᠤ ᠶᠢᠨ ᠬᠠᠮᠲᠤ ᠬᠡᠰᠡᠭ ᠳᠡᠯᠭᠡᠭᠦᠷ ᠤᠨ ᠠᠵᠢᠯ ᠡᠷᠭᠢᠯᠡᠭᠰᠡᠳ ᠢ ᠲᠠᠰᠢᠷᠠᠮ ᠢᠶᠠᠷ ᠬᠤᠪᠢ ᠬᠥᠮᠦᠨ ᠤ ᠡᠷᠡᠭᠦᠯ ᠬᠠᠮᠠᠭᠠᠯᠠᠯ ᠤᠨ ᠪᠠᠶᠢᠴᠠᠭᠠᠯᠲᠠ ᠬᠢᠵᠦ᠂ ᠡᠷᠡᠭᠦᠯ ᠮᠡᠨᠳᠦ ᠶᠢᠨ ᠦᠨᠡᠮᠯᠡᠯ ᠤᠨ ᠬᠤᠭᠤᠴᠠᠭ᠎ᠠ ᠳᠦᠭᠦᠷᠦᠭᠰᠡᠨ ᠬᠥᠮᠦᠰ ᠢ ᠤᠷᠢᠳᠴᠢᠯᠠᠨ ᠭᠦᠶᠴᠡᠳᠬᠡᠵᠦ᠂ ᠴᠠᠭ ᠲᠤᠬᠠᠶ ᠳᠤᠨᠢ ᠰᠣᠯᠢᠬᠤ ᠶᠢ ᠰᠠᠨᠠᠭᠤᠯᠵᠤ᠂ ᠢᠳᠡᠭᠡᠨ ᠤ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠲᠦᠷ ᠪᠠᠬᠢᠵᠢᠭᠦᠯᠬᠦ ᠬᠡᠷᠡᠭᠲᠡᠶ ᠭᠡᠵᠦ ᠱᠠᠭᠠᠷᠳᠠᠪᠠ᠃     ᠭᠤᠷᠪᠠ᠂ ︽ᠫᠢᠯᠠ ᠪᠠᠨ ᠬᠤᠭᠤᠰᠣᠯᠠᠬᠤ ᠠᠵᠢᠯᠯᠠᠭ᠎ᠠ︾ ᠶᠢ ᠰᠠᠨᠠᠭᠠᠴᠢᠯᠠᠵᠤ ᠪᠣᠯᠪᠠᠰᠤᠨ ᠢᠶᠠᠷ ᠬᠤᠭᠤᠯᠠᠯᠠᠬᠤ ᠠᠭᠤᠷ ᠠᠮᠢᠰᠬᠤᠯ ᠢ ᠪᠣᠶ ᠪᠣᠯᠭᠠᠬᠤ ᠬᠡᠷᠡᠭᠲᠡᠶ     ᠰᠦᠯᠵᠢᠶᠡᠨ ᠳᠡᠭᠡᠷ᠎ᠡ ᠪᠠ ᠰᠦᠯᠵᠢᠶᠡᠨ ᠭᠠᠳᠠᠨ᠎ᠠ ︽ᠫᠢᠯᠠ ᠪᠠᠨ ᠬᠤᠭᠤᠰᠣᠯᠠᠬᠤ ᠠᠵᠢᠯᠯᠠᠭ᠎ᠠ︾ ᠶᠢ ᠵᠡᠷᠭᠡᠪᠡᠷ ᠥᠷᠨᠢᠭᠦᠯᠵᠦ᠂ ᠣᠯᠠᠨ ᠢᠶᠠᠷ ᠢᠶᠠᠨ ᠠᠯᠢ ᠴᠢᠳᠠᠬᠤ ᠪᠠᠷ ᠠᠷᠪᠢᠯᠠᠨ ᠭᠠᠮᠨᠠᠬᠤ᠂ ᠪᠦᠷᠢᠯᠭᠡᠬᠦ ᠶᠢ ᠡᠰᠡᠷᠭᠦᠴᠡᠬᠦ ᠶᠢ ᠰᠠᠨᠠᠭᠠᠴᠢᠯᠠᠵᠤ᠂ ᠰᠦᠯᠵᠢᠶᠡᠨ ᠳᠡᠭᠡᠷ᠎ᠡ ᠸᠢᠴᠠᠲ ᠤᠨ ᠣᠯᠠᠨ ᠨᠡᠶᠢᠲᠡ ᠶᠢᠨ ᠳ᠋ᠤᠭᠠᠷ᠂ ᠴᠤᠤᠷᠢᠶ᠎ᠠ ᠸᠢᠳᠢᠤ᠋ ᠶᠢᠨ ᠳ᠋ᠤᠭᠠᠷ ᠵᠡᠷᠭᠡ ᠰᠢᠨ᠎ᠡ ᠵᠠᠭᠤᠴᠢᠯᠠᠭᠤᠷ ᠢ ᠠᠰᠢᠭᠯᠠᠨ ︽ᠢᠳᠡᠭᠡᠨ ᠤᠮᠳᠠᠭᠠᠨ ᠢ ᠪᠦᠷᠢᠯᠭᠡᠨ ᠰᠦᠢᠳᠬᠡᠬᠦ ᠶᠢ ᠬᠤᠷᠢᠭᠯᠠᠬᠤ ᠰᠠᠨᠠᠭᠠᠴᠢᠯᠠᠭ᠎ᠠ ᠶᠢᠨ ᠪᠢᠴᠢᠭ︾᠂ ︽ᠰᠦᠯᠵᠢᠶᠡᠨ ᠤ ᠢᠳᠡᠭᠡᠨ ᠤᠮᠳᠠᠭᠠᠨ ᠢ ᠪᠦᠷᠢᠯᠭᠡᠨ ᠰᠦᠢᠳᠬᠡᠬᠦ ᠶᠢ ᠬᠤᠷᠢᠭᠯᠠᠬᠤ ᠰᠠᠨᠠᠭᠠᠴᠢᠯᠠᠭ᠎ᠠ ᠶᠢᠨ ᠪᠢᠴᠢᠭ︾ ᠵᠡᠷᠭᠡ ᠶᠢ ᠨᠡᠶᠢᠲᠡᠯᠡᠵᠦ᠂ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠢᠳᠡᠭᠡᠨ ᠤ ᠵᠦᠢᠯ ᠢ ᠪᠦᠷᠢᠯᠭᠡᠨ ᠰᠦᠢᠳᠬᠡᠬᠦ ᠶᠢ ᠡᠰᠡᠷᠭᠦᠴᠡᠬᠦ︾ ᠤᠬᠠᠮᠰᠠᠷ ᠢ ᠲᠠᠰᠤᠷᠠᠯᠲᠠ ᠥᠬᠡᠶ ᠴᠢᠩᠭᠠᠳᠬᠠᠵᠤ᠂ ᠥᠷᠭᠡᠨ ᠣᠯᠠᠨ ᠡᠵᠡᠩᠨᠡᠭᠴᠢ᠂ ᠬᠡᠷᠡᠭᠯᠡᠭᠴᠢᠳ ᠤᠨ ᠢᠳᠡᠭᠡᠨ ᠤ ᠵᠦᠢᠯ ᠢ ᠪᠦᠷᠢᠯᠭᠡᠨ ᠰᠦᠢᠳᠬᠡᠬᠦ ᠶᠢ ᠡᠰᠡᠷᠭᠦᠴᠡᠬᠦ ᠤᠬᠠᠮᠰᠠᠷ ᠢ ᠲᠠᠰᠤᠷᠠᠯᠲᠠ ᠥᠬᠡᠶ ᠴᠢᠩᠭᠠᠳᠬᠠᠵᠤ᠂ ᠪᠣᠯᠪᠠᠰᠤᠨ ᠤ ︽ᠢᠳᠡᠭᠡᠨ ᠤ ᠵᠦᠢᠯ ᠢ ᠡᠷᠬᠢᠮᠯᠡᠬᠦ︾ ᠶᠢ ᠦᠢᠯᠡᠳᠦᠯᠭᠡᠵᠢᠭᠦᠯᠪᠡ᠃ 2024 ᠣᠨ ᠳᠤ ᠢᠳᠡᠭᠡᠨ ᠤᠮᠳᠠᠭᠠᠨ ᠢ ᠪᠦᠷᠢᠯᠭᠡᠨ ᠰᠦᠢᠳᠬᠡᠬᠦ ︽ᠤᠯᠠᠭᠠᠨ ᠬᠠᠷ᠎ᠠ ᠰᠠᠮᠪᠠᠷ᠎ᠠ︾ ᠶᠢᠨ 4 ᠬᠤᠭᠤᠴᠠᠭ᠎ᠠ ᠶᠢ ᠨᠡᠶᠢᠲᠡᠯᠡᠨ ᠬᠤᠷᠢᠭᠯᠠᠨ ᠵᠣᠭᠰᠣᠭᠠᠵᠤ᠂ 26 ᠨᠡᠷᠡᠰ ᠬᠤᠳᠠᠯᠳᠤᠭᠠᠨ ᠤ ᠡᠷᠦᠬᠡ᠂ 19 ᠬᠠᠷ᠎ᠠ ᠰᠠᠮᠪᠠᠷ᠎ᠠ ᠶᠢᠨ ᠬᠤᠳᠠᠯᠳᠤᠭᠠᠨ ᠤ ᠡᠷᠦᠬᠡ ᠶᠢ ᠬᠠᠮᠤᠷᠤᠭᠰᠠᠨ ᠪᠥᠭᠡᠳ ᠢᠳᠡᠭᠡᠨ ᠤᠮᠳᠠᠭᠠᠨ ᠢ ᠪᠦᠷᠢᠯᠭᠡᠨ ᠰᠦᠢᠳᠬᠡᠭᠰᠡᠨ ᠬᠠᠷ᠎ᠠ ᠰᠠᠮᠪᠠᠷ᠎ᠠ ᠶᠢᠨ ᠬᠤᠳᠠᠯᠳᠤᠭᠠᠨ ᠤ ᠡᠷᠦᠬᠡ ᠶᠢᠨ ᠵᠢᠷᠤᠮᠵᠢᠯ ᠦᠭᠡᠢ ᠡᠵᠡᠩᠨᠡᠯᠲᠡ ᠶᠢᠨ ᠠᠵᠢᠯᠯᠠᠭ᠎ᠠ ᠶᠢ ᠲᠤᠬᠠᠶ ᠶᠢᠨ ᠲᠠᠯᠠᠪᠤᠷ ᠲᠤᠨᠢ ᠴᠡᠭᠴᠡᠯᠡᠨ ᠰᠠᠶᠢᠵᠢᠷᠠᠭᠤᠯᠵᠤ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠪᠣᠳᠠᠲᠤ ᠦᠷ᠎ᠡ ᠪᠦᠲᠦᠮᠵᠢ ᠣᠯᠵᠤ᠂ ᠦᠷ᠎ᠡ ᠪᠦᠲᠦᠮᠵᠢ ᠤᠯᠬᠤ ᠶᠢ ᠦᠨᠡᠨᠬᠦ ᠪᠠᠲᠤᠯᠠᠨ᠎ᠠ᠃ ᠰᠦᠯᠵᠢᠶᠡᠨ ᠭᠠᠳᠠᠨ᠎ᠠ ᠡᠳᠦᠷ ᠲᠤᠲᠤᠮ ᠤᠨ ᠬᠢᠨᠠᠯᠲᠠ ᠬᠠᠮᠢᠶᠠᠷᠤᠯᠲᠠ ᠪᠠ ᠲᠤᠰᠬᠠᠶ ᠪᠠᠶᠢᠴᠠᠭᠠᠯᠲᠠ ᠪᠠᠷ ᠳᠠᠮᠵᠢᠭᠤᠯᠤᠨ ᠬᠠᠷᠢᠶ᠎ᠠ ᠣᠷᠣᠨ ᠤ ᠪᠠᠨ ᠢᠳᠡᠭᠡᠨ ᠤᠮᠳᠠᠭᠠᠨ ᠤ ᠦᠢᠯᠡᠴᠢᠯᠡᠭᠡᠨ ᠤ ᠨᠢᠭᠡᠴᠡ ᠳᠤ ᠪᠠᠶᠢᠴᠠᠭᠠᠯᠲᠠ ᠬᠢᠵᠦ᠂ ᠡᠯ᠎ᠡ ᠡᠵᠡᠩᠨᠡᠯᠲᠡ ᠶᠢᠨ ᠭᠤᠤᠯ ᠴᠣᠭᠴᠠ ᠶᠢᠨ ᠢᠳᠡᠭᠡᠨ ᠤᠮᠳᠠᠭᠠᠨ ᠢ ᠦᠢᠯᠡᠳᠪᠦᠷᠢᠯᠡᠬᠦ᠂ ᠡᠳ᠋ᠰᠢᠭᠦᠯᠬᠦ᠂ ᠦᠢᠯᠡᠴᠢᠯᠡᠬᠦ ᠪᠥᠬᠦ ᠶᠠᠪᠤᠴᠠ ᠳᠤ ᠣᠷᠣᠭᠤᠯᠤᠭᠰᠠᠨ ᠡᠰᠡᠬᠦ ᠶᠢ ᠭᠤᠤᠯᠳᠠᠯᠭ᠎ᠠ ᠲᠠᠢ ᠪᠠᠶᠢᠴᠠᠭᠠᠨ ᠦᠵᠡᠬᠦ ᠶᠢᠨ ᠬᠠᠮᠲᠤ᠂ ᠢᠳᠡᠭᠡᠨ ᠤᠮᠳᠠᠭᠠᠨ ᠤ ᠦᠢᠯᠡᠴᠢᠯᠡᠭᠡᠨ ᠤ ᠡᠵᠡᠩᠨᠡᠯᠲᠡ ᠶᠢᠨ ᠨᠢᠭᠡᠴᠡ ᠶᠢᠨ ᠬᠠᠷᠢᠭᠤᠴᠠᠯᠭᠠᠲᠠᠨ ᠲᠠᠢ ︽ᠢᠳᠡᠭᠡᠨ ᠤ ᠪᠦᠷᠢᠯᠭᠡᠬᠦ ᠶᠢ ᠡᠰᠡᠷᠭᠦᠴᠡᠬᠦ ᠠᠮᠠᠯᠠᠯᠲᠠ ᠶᠢᠨ ᠪᠢᠴᠢᠭ︾ ᠲᠤ ᠭᠠᠷ ᠤᠨ ᠥᠰᠥᠭ ᠵᠢᠷᠤᠵᠤ᠂ ᠡᠵᠡᠩᠨᠡᠭᠴᠢᠳ ᠤᠨ ᠲᠣᠭᠤᠭᠠᠨ ᠬᠡᠷ ᠤᠨ ᠬᠤᠭ ᠨᠣᠪᠰᠢ ᠶᠢ ᠪᠠᠭᠠᠰᠬᠠᠬᠤ ᠶᠢ ᠰᠠᠨᠠᠭᠠᠴᠢᠯᠠᠵᠤ᠂ ᠬᠡᠷᠡᠭᠯᠡᠭᠴᠢᠳ ᠢ ᠰᠠᠨᠠᠭᠠᠴᠢᠯᠠᠭ᠎ᠠ ᠠᠴᠠ ᠪᠠᠨ ᠬᠥᠲᠥᠯᠦᠨ ᠵᠢᠯᠣᠭᠤᠳᠴᠤ ᠪᠠᠶᠢᠭᠠᠳ ︽ᠬᠡᠷᠡᠭᠴᠡᠭᠡ ᠶᠣᠰᠣᠭᠠᠷ ᠬᠤᠭᠤᠯᠠᠯᠠᠬᠤ︾ ᠶᠢ ᠰᠠᠨᠠᠭᠠᠴᠢᠯᠠᠭ᠎ᠠ ᠠᠴᠠ ᠪᠠᠨ ᠬᠥᠲᠥᠯᠦᠨ ᠵᠢᠯᠣᠭᠤᠳᠴᠤ᠂ ᠪᠣᠯᠪᠠᠰᠤᠨ ᠢᠶᠠᠷ ᠬᠤᠭᠤᠯᠠᠯᠠᠬᠤ᠂ ᠠᠮᠤ ᠪᠤᠳᠠᠭ᠎ᠠ ᠶᠢ ᠠᠷᠪᠢᠯᠠᠬᠤ ᠨᠡᠶᠢᠭᠡᠮ ᠤᠨ ᠠᠭᠤᠷ ᠠᠮᠢᠰᠬᠤᠯ ᠢ ᠢᠳᠡᠪᠬᠢᠲᠡᠶ ᠪᠠᠷ ᠪᠣᠶ ᠪᠣᠯᠭᠠᠬᠤ ᠬᠡᠷᠡᠭᠲᠡᠶ᠃     ᠬᠢᠨᠠᠯᠲᠠ ᠬᠠᠮᠢᠶᠠᠷᠤᠯᠲᠠ ᠶᠢᠨ ᠳᠠᠪᠠᠭᠤᠯᠢᠭ ᠢᠶᠠᠨ ᠬᠡᠷᠬᠢᠨ ᠪᠠᠳᠠᠷᠠᠭᠤᠯᠵᠤ᠂ ᠡᠵᠡᠩᠨᠡᠯᠲᠡ ᠶᠢᠨ ᠭᠤᠤᠯ ᠴᠣᠭᠴᠠ ᠶᠢ ᠬᠥᠲᠥᠯᠦᠨ ᠵᠢᠯᠣᠭᠤᠳᠴᠤ ᠪᠠᠶᠢᠭᠠᠳ ᠨᠡᠶᠢᠭᠡᠮ ᠤᠨ ᠬᠠᠷᠢᠭᠤᠴᠠᠯᠭ᠎ᠠ ᠶᠢ ᠤᠬᠠᠮᠰᠠᠷ ᠠᠴᠠ ᠪᠠᠨ ᠡᠭᠦᠷᠭᠡᠯᠡᠭᠦᠯᠬᠦ ᠪᠣᠯ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠡᠮᠬᠢ ᠳᠢᠭᠯᠢᠮ ᠢ ᠬᠠᠮᠠᠭᠠᠯᠠᠬᠤ ᠴᠢᠬᠤᠯᠠ ᠭᠠᠷᠳᠠᠴᠠ ᠮᠥᠨ᠂ ᠪᠠᠰᠠ ᠴᠤ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠥᠪᠡᠰᠦᠪᠡᠨ ᠬᠠᠮᠢᠶᠠᠷᠬᠤ ᠶᠢ ᠠᠬᠢᠭᠤᠯᠬᠤ ᠵᠠᠩᠭᠢᠯᠠᠭ᠎ᠠ ᠶᠢᠨ ᠭᠤᠭᠴᠤᠭ᠎ᠠ ᠮᠥᠨ᠃ ᠵᠠᠯᠭᠠᠭᠠᠳ᠂ ᠵᠢᠨᠢᠩ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠬᠢᠨᠠᠯᠲᠠ ᠬᠠᠮᠢᠶᠠᠷᠤᠯᠲᠠ ᠶᠢᠨ ᠡᠭᠦᠷᠭᠡ ᠴᠢᠳᠠᠪᠤᠷᠢ ᠳᠠᠭᠠᠨ ᠰᠠᠭᠤᠷᠢᠯᠠᠨ᠂ ᠢᠳᠡᠭᠡᠨ ᠤ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠠᠵᠢᠯ ᠤᠨ ᠳᠤᠮᠳᠠ ᠦᠷᠭᠦᠯᠵᠢᠯᠡᠨ ᠬᠦᠴᠦᠯᠡᠵᠦ᠂ ᠡᠳᠦᠷ ᠲᠤᠲᠤᠮ ᠤᠨ ᠬᠢᠨᠠᠯᠲᠠ ᠬᠠᠮᠢᠶᠠᠷᠤᠯᠲᠠ ᠪᠠᠷ ᠠᠵᠠ ᠲᠣᠬᠢᠶᠠᠯ ᠪᠣᠯᠭᠠᠨ᠂ ᠣᠯᠠᠨ ᠵᠦᠶᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠢᠳᠡᠭᠡᠨ ᠤ ᠠᠮᠤᠷ ᠲᠦᠪᠰᠢᠨ ᠤ ᠲᠤᠰᠬᠠᠶ ᠬᠢᠨᠠᠯᠲᠠ ᠪᠠᠶᠢᠴᠠᠭᠠᠯᠲᠠ ᠶᠢᠨ ᠠᠵᠢᠯᠯᠠᠭ᠎ᠠ ᠶᠢ ᠥᠷᠨᠢᠭᠦᠯᠵᠦ᠂ ᠬᠠᠷᠢᠶᠠᠲᠤ ᠣᠷᠣᠨ ᠤ ᠣᠯᠠᠨ ᠲᠦᠮᠡᠨ ᠤ ︽ᠢᠳᠡᠭᠡᠨ ᠤᠮᠳᠠᠭᠠᠨ ᠤ ᠠᠮᠤᠷ ᠲᠦᠪᠰᠢᠨ︾ ᠢ ᠪᠥᠬᠦ ᠲᠠᠯ᠎ᠠ ᠪᠠᠷ ᠬᠠᠮᠠᠭᠠᠯᠠᠨ᠎ᠠ᠃        ᠣᠷᠴᠢᠭᠤᠯᠤᠭᠴᠢ᠄ ᠳ᠋ᠥᠩ ᠾᠦᠢ
 
ᠢᠷᠡᠯᠲᠡ᠄ ᠵᠢᠨᠢᠩ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2