ᠵᠠᠩ ᠶᠦᠩ ᠸᠧᠨ ᠨᠡᠶᠢᠭᠡᠮ ᠤᠨ ᠵᠠᠰᠠᠯᠲᠠ ᠶᠢᠨ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2025/4/15
705470.jpg
    4 ᠰᠠᠷ᠎ᠠ ᠶᠢᠨ 9 ᠤ ᠡᠳᠦᠷ᠂ ᠬᠤᠳᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠢᠨᠢᠩ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠵᠠᠩ ᠶᠦᠩ ᠸᠧᠨ ᠨᠡᠶᠢᠭᠡᠮ ᠤᠨ ᠵᠠᠰᠠᠯᠲᠠ ᠶᠢᠨ ᠠᠵᠢᠯ ᠢ ᠪᠠᠶᠢᠴᠠᠭᠠᠨ ᠰᠤᠳᠤᠯᠤᠭᠰᠠᠨ ᠪᠥᠭᠡᠳ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠶᠢ ᠵᠢᠯᠣᠭᠤᠳᠪᠠ᠃      ᠵᠠᠩ ᠶᠦᠩ ᠸᠧᠨ ᠲᠤᠭᠤᠷᠢᠭ ᠤᠨ ᠵᠠᠬᠢᠳᠠᠯ ᠰᠤᠷᠪᠤᠯᠵᠢᠯᠠᠭ᠎ᠠ ᠶᠢᠨ ᠲᠤᠪᠴᠢᠶ᠎ᠠ᠂ ᠴᠢᠤᠸᠠᠨ ᠱᠠᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠵᠡᠷᠭᠡ ᠭᠠᠵᠠᠷ ᠲᠤ ᠬᠦᠷᠴᠦ᠂ ᠶᠡᠷᠦᠩᠬᠡᠶᠢᠯᠡᠨ ᠵᠠᠰᠠᠬᠤ ᠲᠥᠪ ᠤᠨ ᠪᠦᠳᠦᠭᠡᠨ ᠪᠠᠶᠢᠭᠤᠯᠤᠯᠲᠠ ᠶᠢᠨ ᠠᠵᠢᠯᠯᠠᠭᠠᠨ ᠵᠡᠷᠭᠡ ᠪᠠᠶᠢᠳᠠᠯ ᠢ ᠨᠠᠷᠢᠨ ᠣᠶᠢᠯᠠᠭᠠᠬᠤ ᠶᠢᠨ ᠬᠠᠮᠲᠤ ᠲᠤᠬᠠᠢ ᠶᠢᠨ ᠲᠠᠯᠠᠪᠠᠢ ᠳᠤ ᠠᠯᠪᠠᠯᠠᠵᠤ᠂ ᠠᠵᠤ ᠠᠬᠤᠶᠢᠯᠠᠯ ᠤᠨ ᠤᠯᠠᠨ ᠲᠦᠮᠡᠨ ᠤ ᠰᠠᠨᠠᠯ ᠰᠠᠨᠠᠭᠤᠯᠭ᠎ᠠ ᠶᠢ ᠰᠣᠨᠣᠰᠴᠤ᠂ ᠠᠳᠠᠯ ᠠᠬᠤᠢ ᠶᠢᠨ ᠬᠠᠮᠢᠶᠠᠷᠤᠯᠲᠠ ᠵᠡᠷᠭᠡ ᠠᠰᠠᠭᠤᠳᠠᠯ ᠢ ᠰᠢᠢᠳᠪᠦᠷᠢᠯᠡᠵᠦ᠂ ᠠᠷᠠᠳ ᠤᠨ ᠠᠮᠢᠳᠤᠷᠠᠯ ᠤᠨ ᠬᠦᠰᠡᠯ ᠱᠠᠭᠠᠷᠳᠠᠯᠭ᠎ᠠ ᠶᠢ ᠨᠢᠭᠡᠳᠦᠭᠡᠷ ᠹᠷᠣᠨᠲ ᠲᠤ ᠬᠠᠷᠢᠭᠤᠯᠲᠠ ᠥᠭᠴᠦ᠂ ᠵᠥᠷᠢᠴᠡᠯ ᠢ ᠨᠢᠭᠡᠳᠦᠭᠡᠷ ᠹᠷᠣᠨᠲ ᠲᠤ ᠰᠢᠢᠳᠪᠦᠷᠢᠯᠡᠬᠦ ᠶᠢ ᠠᠬᠢᠭᠤᠯᠪᠠ᠃ ᠲᠡᠷᠡ ᠵᠢᠭᠠᠭᠰᠠᠨ ᠨᠢ᠂ ᠶᠡᠷᠦᠩᠬᠡᠶᠢᠯᠡᠨ ᠵᠠᠰᠠᠬᠤ ᠲᠥᠪ ᠪᠣᠯ ᠵᠥᠷᠢᠴᠡᠯ ᠵᠢᠭᠤᠷᠠᠯᠳᠤᠭᠠᠨ ᠢ ᠰᠡᠷᠭᠡᠶᠢᠯᠡᠨ ᠠᠷᠢᠯᠭᠠᠬᠤ ᠪᠠ ᠨᠡᠶᠢᠭᠡᠮ ᠤᠨ ᠠᠮᠤᠷ ᠲᠦᠪᠰᠢᠨ ᠤ ᠠᠶᠤᠯ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠶᠢ ᠬᠠᠮᠵᠢᠯᠴᠠᠨ ᠠᠬᠢᠭᠤᠯᠬᠤ ᠴᠢᠬᠤᠯᠠ ᠲᠠᠪᠴᠠᠩ ᠮᠥᠨ᠂ ᠲᠠᠯᠠᠪᠤᠷ ᠭᠠᠵᠠᠷ᠂ ᠠᠵᠢᠯᠲᠠᠨ ᠵᠡᠷᠭᠡ ᠡᠬᠢ ᠪᠠᠶᠠᠯᠢᠭ ᠢ ᠡᠮᠬᠢᠯᠡᠨ ᠨᠡᠶᠢᠯᠡᠭᠦᠯᠬᠦ ᠶᠢ ᠤᠯᠠᠮ ᠨᠢᠭᠡ ᠠᠯᠬᠤᠮ ᠴᠢᠩᠭᠠᠳᠬᠠᠵᠤ᠂ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠶᠡᠷᠦᠩᠬᠡᠶᠢᠯᠡᠨ ᠵᠠᠰᠠᠬᠤ ᠲᠥᠪ ᠤᠨ ᠪᠣᠳᠠᠲᠤ ᠴᠣᠭᠴᠠ ᠶᠢᠨ ᠪᠠᠶᠢᠭᠤᠯᠤᠯᠲᠠ ᠶᠢ ᠥᠷᠨᠢᠭᠦᠯᠵᠦ᠂ ᠲᠤᠰᠠᠲᠠᠶ᠂ ᠪᠣᠳᠠᠲᠤ ᠬᠡᠷᠡᠭᠴᠡᠭᠡ ᠲᠠᠢ᠂ ᠰᠠᠶᠢᠲᠤᠷ ᠬᠡᠷᠡᠭᠯᠡᠬᠦ ᠶᠡᠷᠦᠩᠬᠡᠶᠢᠯᠡᠨ ᠵᠠᠰᠠᠬᠤ ᠠᠵᠢᠯ ᠤᠨ ᠲᠠᠪᠴᠠᠩ ᠢ ᠪᠣᠶ ᠪᠣᠯᠭᠠᠬᠤ ᠬᠡᠷᠡᠭᠲᠡᠶ᠃ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠤᠯᠠᠨ ᠠᠷᠭ᠎ᠠ ᠵᠠᠮ ᠢᠶᠠᠷ ᠤᠯᠠᠨ ᠲᠦᠮᠡᠨ ᠤ ᠬᠦᠰᠡᠯ ᠱᠠᠭᠠᠷᠳᠠᠯᠭ᠎ᠠ ᠶᠢ ᠣᠶᠢᠯᠠᠭᠠᠵᠤ᠂ ᠠᠵᠢᠯ ᠤᠨ ᠠᠵᠢᠯᠯᠠᠭᠠᠨ ᠤ ᠲᠣᠭᠲᠠᠴᠠ ᠶᠢ ᠰᠢᠯᠤᠭᠤᠳᠬᠠᠵᠤ᠂ ᠵᠥᠷᠢᠴᠡᠯ ᠵᠢᠭᠤᠷᠠᠯᠳᠤᠭᠠᠨ ᠢ ᠴᠤᠬᠤᠶᠢᠵᠤ ᠪᠠᠶᠢᠭ᠎ᠠ ᠦᠶ᠎ᠡ ᠳᠤᠨᠢ ᠰᠢᠢᠳᠪᠦᠷᠢᠯᠡᠵᠦ᠂ ᠦᠨᠳᠦᠰᠦᠨ ᠱᠠᠲᠤᠨ ᠳᠤ ᠰᠢᠢᠳᠪᠦᠷᠢᠯᠡᠬᠦ ᠪᠠᠷ ᠴᠢᠷᠮᠠᠶᠢᠬᠤ ᠬᠡᠷᠡᠭᠲᠡᠢ᠃    ᠵᠠᠩ ᠶᠦᠩ ᠸᠧᠨ ᠲᠣᠭᠤᠷᠢᠭ ᠤᠨ ᠬᠤᠳᠠ ᠶᠢᠨ ᠬᠠᠮᠢᠶᠠᠷᠤᠯᠲᠠ ᠶᠢᠨ ᠲᠤᠪᠴᠢᠶ᠎ᠠ ᠳᠤ᠂ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠢ ᠥᠷᠨᠢᠭᠦᠯᠦᠭᠰᠡᠨ ᠪᠠᠶᠢᠳᠠᠯ ᠢ ᠨᠠᠷᠢᠨ ᠣᠶᠢᠯᠠᠭᠠᠵᠤ᠂ ᠲᠥᠪ ᠤᠨ ᠨᠠᠢᠮᠠᠨ ᠲᠣᠭᠲᠠᠭᠠᠯ ᠵᠢᠴᠢ ᠬᠡᠷᠡᠭᠵᠢᠭᠦᠯᠬᠦ ᠨᠠᠷᠢᠨ ᠲᠦᠷᠢᠮ ᠤᠨ ᠵᠣᠷᠢᠭ ᠰᠠᠨᠠᠭᠠᠨ ᠤ ᠭᠤᠣᠯ ᠠᠭᠤᠯᠭ᠎ᠠ᠂ ᠠᠭᠤᠯᠤᠭᠳᠠᠬᠤᠨ ᠤ ᠮᠥᠨ ᠴᠢᠨᠠᠷ ᠪᠣᠯᠤᠨ ᠦᠢᠯᠡᠳᠦᠯᠭᠡ ᠶᠢᠨ ᠱᠠᠭᠠᠷᠳᠠᠯᠭ᠎ᠠ ᠶᠢ ᠣᠨᠣᠪᠴᠢᠲᠠᠢ ᠣᠶᠢᠯᠠᠭᠠᠵᠤ᠂ ᠭᠤᠣᠯ ᠠᠵᠢᠯ ᠪᠣᠯᠤᠨ ᠰᠤᠷᠤᠯᠴᠠᠯᠭ᠎ᠠ ᠬᠥᠮᠦᠵᠢᠯ ᠢ ᠨᠢᠭᠲᠠ ᠤᠶᠠᠯᠳᠤᠭᠤᠯᠵᠤ᠂ ᠰᠤᠷᠤᠯᠴᠠᠯᠭ᠎ᠠ ᠬᠥᠮᠦᠵᠢᠯ ᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ ᠰᠤᠷᠤᠯᠴᠠᠵᠤ ᠪᠠᠶᠢᠴᠠᠭᠠᠨ ᠰᠠᠶᠢᠵᠢᠷᠠᠭᠤᠯᠬᠤ ᠶᠢ ᠨᠢᠭᠡ ᠴᠤᠭᠴᠠᠵᠢᠭᠤᠯᠤᠨ ᠠᠬᠢᠭᠤᠯᠵᠤ᠂ ᠤᠯᠠᠨ ᠲᠦᠮᠡᠨ ᠤ ᠪᠠᠴᠢᠮᠳᠠᠵᠤ ᠬᠦᠴᠢᠷᠳᠡᠵᠦ ᠵᠤᠪᠠᠨᠢᠵᠤ ᠬᠦᠰᠡᠵᠦ ᠪᠠᠶᠢᠭ᠎ᠠ ᠠᠰᠠᠭᠤᠳᠠᠯ ᠢ ᠰᠡᠳᠬᠢᠯ ᠲᠠᠯᠪᠢᠨ ᠬᠦᠴᠦ ᠲᠠᠯᠪᠢᠨ ᠰᠠᠶᠢᠲᠤᠷ ᠰᠢᠢᠳᠪᠦᠷᠢᠯᠡᠵᠦ᠂ ᠤᠯᠠᠨ ᠲᠦᠮᠡᠨ ᠳᠤ ᠰᠤᠷᠲᠠᠯ ᠢᠶᠠᠨ ᠬᠤᠪᠢᠷᠠᠭᠤᠯᠤᠭᠰᠠᠨ ᠠᠴᠠ ᠪᠣᠯᠤᠭᠰᠠᠨ ᠰᠢᠨ᠎ᠡ ᠪᠠᠶᠢᠳᠠᠯ ᠢ ᠦᠨᠡᠨᠬᠦ ᠮᠡᠳᠡᠷᠡᠭᠦᠯᠬᠦ ᠬᠡᠷᠡᠭᠲᠡᠢ᠃   
 
ᠢᠷᠡᠯᠲᠡ᠄ ᠵᠢᠨᠢᠩ ᠲᠣᠭᠤᠷᠢᠭ ᠤᠨ ᠵᠠᠰᠠᠭ ᠤᠨ ᠣᠷᠳᠣᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2