| ᠵᠢᠨᠢᠩ ᠲᠣᠭᠤᠷᠢᠭ ᠤᠨ ᠣᠶ ᠰᠢᠭᠤᠶ ᠡᠪᠡᠰᠦ ᠪᠡᠯᠴᠢᠭᠡᠷ ᠤᠨ ᠡᠬᠢ ᠪᠠᠶᠠᠯᠢᠭ ᠤᠨ ᠬᠠᠮᠠᠭᠠᠯᠠᠯᠲᠠ | ᠬᠠᠮᠢᠶᠠᠷᠤᠯᠲᠠ ᠶᠢ ᠦᠨᠡᠨ ᠬᠦ ᠴᠢᠩᠭᠠᠳᠬᠠᠵᠤ᠂ ᠣᠶ ᠰᠢᠭᠤᠶ ᠡᠪᠡᠰᠦ ᠪᠡᠯᠴᠢᠭᠡᠷ ᠤᠨ ᠨᠤᠭᠤ ᠭᠠᠵᠠᠷ ᠤᠨ ᠡᠬᠢ | ᠪᠠᠶᠠᠯᠢᠭ ᠢ ᠡᠪᠳᠡᠭᠰᠡᠨ ᠡᠯ᠎ᠡ ᠲᠥᠷᠥᠯ ᠤᠨ ᠦᠢᠯᠡ ᠠᠵᠢᠯᠯᠠᠭ᠎ᠠ ᠶᠢ ᠴᠠᠭ ᠲᠤᠬᠠᠶ ᠳᠤᠨᠢ ᠢᠯᠡᠷᠡᠭᠦᠯᠬᠦ ᠪᠠ ᠬᠠᠤᠯᠢ | ᠶᠣᠰᠣᠭᠠᠷ ᠪᠠᠶᠢᠴᠠᠭᠠᠨ ᠰᠢᠢᠳᠪᠦᠷᠢᠯᠡᠬᠦ ᠶᠢᠨ ᠲᠤᠰᠠᠳᠠ᠂ ᠵᠢᠨᠢᠩ ᠲᠣᠭᠤᠷᠢᠭ ᠤᠨ ᠣᠶ ᠰᠢᠭᠤᠶ ᠡᠪᠡᠰᠦ ᠪᠡᠯᠴᠢᠭᠡᠷ ᠢ | ᠰᠦᠢᠳᠭᠡᠬᠦ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠲᠥᠪᠯᠡᠷᠡᠭᠦᠯᠦᠨ ᠴᠡᠭᠴᠡᠯᠡᠨ ᠵᠠᠰᠠᠬᠤ | ᠠᠵᠢᠯ ᠤᠨ ᠬᠤᠯᠪᠣᠭᠳᠠᠯ ᠪᠥᠬᠦᠶ ᠱᠠᠭᠠᠷᠳᠠᠯᠭ᠎ᠠ ᠶᠣᠰᠣᠭᠠᠷ᠂ ᠣᠶ ᠰᠢᠭᠤᠶ ᠡᠪᠡᠰᠦ ᠪᠡᠯᠴᠢᠭᠡᠷ ᠢ ᠡᠪᠳᠡᠬᠦ᠂ | ᠳᠤᠷ᠎ᠠ ᠪᠠᠷ ᠢᠶᠠᠨ ᠠᠲᠠᠷ ᠬᠠᠭᠠᠯᠪᠤᠷᠢᠯᠠᠬᠤ ᠵᠡᠷᠭᠡ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ | ᠴᠢᠩᠭ᠎ᠠ ᠴᠣᠬᠢᠯᠲᠠ ᠥᠭᠴᠦ᠂ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠤᠨ ᠪᠣᠳᠠᠲᠤ ᠦᠷ᠎ᠡ ᠪᠦᠲᠦᠮᠵᠢ | ᠤᠯᠬᠤ ᠶᠢ ᠦᠨᠡᠨ ᠬᠦ ᠪᠠᠲᠤᠯᠠᠵᠤ᠂ ᠡᠳᠦᠭᠡ ᠠᠰᠠᠭᠤᠳᠠᠯ ᠤᠨ ᠰᠦᠪᠡᠭᠴᠢ ᠶᠢ ᠢᠯᠡᠴᠢᠯᠡᠨ ᠮᠡᠳᠡᠭᠦᠯᠬᠦ ᠠᠷᠭ᠎ᠠ ᠵᠠᠮ ᠢ | ᠳᠣᠤᠷᠠᠬᠢ ᠮᠡᠲᠦ ᠵᠠᠷᠯᠠᠶ᠎ᠠ᠄ | ᠨᠢᠭᠡ᠂ ᠢᠯᠡᠴᠢᠯᠡᠨ ᠮᠡᠳᠡᠭᠦᠯᠦᠭᠰᠡᠨ ᠢ ᠬᠦᠯᠢᠶᠡᠨ ᠠᠪᠴᠤ ᠰᠢᠢᠳᠪᠦᠷᠢᠯᠡᠬᠦ ᠬᠡᠪᠴᠢᠶ᠎ᠡ | ︵ᠨᠢᠭᠡ︶ ᠤᠢ ᠰᠢᠭᠤᠶ ᠨᠤᠲᠤᠭ ᠪᠡᠯᠴᠢᠭᠡᠷ ᠢ ᠬᠠᠤᠯᠢ ᠲᠣᠭᠲᠠᠭᠠᠯ ᠠᠴᠠ ᠵᠥᠷᠢᠴᠡᠨ ᠬᠠᠭᠠᠯᠪᠤᠷᠢᠯᠠᠪᠠᠯ᠂ | ᠬᠤᠯᠪᠣᠭᠳᠠᠯ ᠪᠦᠬᠦᠢ ᠲᠦᠷᠦ ᠶᠢᠨ ᠪᠤᠳᠤᠯᠭ᠎ᠠ ᠶᠢᠨ ᠶᠣᠰᠣᠭᠠᠷ ᠤᠷᠭᠤᠮᠠᠯ ᠤᠨ ᠬᠤᠴᠢᠯᠭ᠎ᠠ ᠪᠠ ᠤᠢ ᠰᠢᠭᠤᠶ ᠡᠪᠡᠰᠦ | ᠪᠡᠯᠴᠢᠭᠡᠷ ᠤᠨ ᠦᠢᠯᠡᠳᠪᠦᠷᠢᠯᠡᠯ ᠤᠨ ᠨᠥᠬᠦᠴᠡᠯ ᠢ ᠴᠠᠭ ᠲᠤᠬᠠᠶ ᠳᠤᠨᠢ ᠰᠡᠷᠭᠦᠭᠡᠭᠰᠡᠨ ᠦᠭᠡᠶ᠃ | ︵ᠬᠤᠶᠠᠷ︶ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ᠂ ᠠᠭᠤᠷᠬᠠᠶ ᠶᠢᠨ ᠭᠠᠷᠤᠯᠲᠠ ᠶᠢᠨ ᠡᠬᠢ | ᠪᠠᠶᠠᠯᠢᠭ ᠢ ᠨᠡᠭᠡᠭᠡᠬᠦ᠂ ᠡᠯ᠎ᠡ ᠲᠥᠷᠥᠯ ᠤᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠬᠠᠤᠯᠢ ᠲᠣᠭᠲᠠᠭᠠᠯ ᠠᠴᠠ | ᠵᠥᠷᠢᠴᠡᠨ ᠣᠶᠢᠲᠤ ᠭᠠᠵᠠᠷ ᠨᠤᠲᠤᠭ ᠪᠡᠯᠴᠢᠭᠡᠷ ᠢ ᠡᠵᠡᠯᠡᠨ ᠬᠡᠷᠡᠭᠯᠡᠵᠦ᠂ ᠳᠤᠲᠠᠭᠤ ᠵᠥᠪᠰᠢᠶᠡᠷᠡᠭᠦᠯᠦᠭᠡᠳ ᠣᠶᠢᠲᠤ | ᠭᠠᠵᠠᠷ ᠨᠤᠲᠤᠭ ᠪᠡᠯᠴᠢᠭᠡᠷ ᠢ ᠡᠵᠡᠯᠡᠨ ᠬᠡᠷᠡᠭᠯᠡᠭᠰᠡᠨ ᠦᠭᠡᠶ᠂ ᠵᠥᠪᠰᠢᠶᠡᠷᠡᠭᠰᠡᠨ ᠬᠡᠪᠴᠢᠶ᠎ᠡ ᠶᠣᠰᠣᠭᠠᠷ ᠣᠶ ᠰᠢᠭᠤᠶ | ᠨᠤᠲᠤᠭ ᠪᠡᠯᠴᠢᠭᠡᠷ ᠢ ᠡᠵᠡᠯᠡᠨ ᠬᠡᠷᠡᠭᠯᠡᠭᠰᠡᠨ ᠦᠭᠡᠶ᠃ | ︵ᠭᠤᠷᠪᠠ︶ ᠲᠦᠷ ᠴᠠᠭ ᠡᠵᠡᠯᠡᠨ ᠬᠡᠷᠡᠭᠯᠡᠬᠦ ᠨᠡᠷ᠎ᠡ ᠪᠠᠷ ᠣᠶᠢᠲᠤ ᠭᠠᠵᠠᠷ ᠨᠤᠲᠤᠭ ᠪᠡᠯᠴᠢᠭᠡᠷ ᠢ ᠬᠡᠷᠡᠭᠯᠡᠬᠦ | ᠭᠠᠷᠳᠠᠮ ᠭᠦᠢᠴᠡᠳᠬᠡᠵᠦ᠂ ᠬᠤᠭᠤᠴᠠᠭ᠎ᠠ ᠶᠢ ᠥᠩᠭᠡᠷᠡᠲᠡᠯ᠎ᠡ ᠪᠤᠴᠠᠭᠠᠵᠤ ᠥᠭᠬᠦ ᠦᠭᠡᠶ᠃ | ︵ᠲᠦᠷᠪᠡ︶ ᠣᠭᠲᠣᠯᠬᠤ ᠭᠠᠷᠳᠠᠮ ᠭᠦᠢᠴᠡᠳᠬᠡᠭᠡᠳᠦᠶ ᠪᠠᠶᠢᠵᠤ᠂ ᠣᠶ ᠲᠠᠢ ᠭᠠᠵᠠᠷ ᠳᠡᠭᠡᠷᠡᠬᠢ ᠣᠶ ᠮᠣᠳᠣ ᠶᠢ | ᠳᠤᠷ᠎ᠠ ᠪᠠᠷ ᠢᠶᠠᠨ ᠬᠤᠯᠠᠭᠠᠶᠢᠯᠠᠨ ᠣᠭᠲᠣᠯᠬᠤ᠂ ᠳᠤᠷ᠎ᠠ ᠪᠠᠷ ᠢᠶᠠᠨ ᠣᠭᠲᠣᠯᠬᠤ᠂ ᠰᠦᠢᠳᠬᠡᠬᠦ᠂ ᠣᠭᠲᠣᠯᠤᠭᠰᠠᠨ | ᠭᠠᠵᠠᠷ ᠢ ᠴᠠᠭ ᠲᠤᠬᠠᠶ ᠳᠤᠨᠢ ᠰᠢᠨᠡᠳᠬᠡᠭᠡᠳᠦᠶ ᠵᠡᠷᠭᠡ ᠦᠢᠯᠡ ᠠᠵᠢᠯᠯᠠᠭ᠎ᠠ ᠃ | ︵ᠲᠠᠪᠤ︶ ᠣᠶᠢᠲᠤ ᠭᠠᠵᠠᠷ ᠨᠤᠲᠤᠭ ᠪᠡᠯᠴᠢᠭᠡᠷ ᠲᠤ ᠠᠶᠤᠯ ᠲᠠᠢ ᠪᠣᠳᠠᠰ ᠭᠠᠳᠠᠭᠰᠢᠯᠠᠭᠤᠯᠬᠤ᠂ ᠬᠤᠭ ᠨᠣᠪᠰᠢ | ᠴᠢᠳᠬᠤᠬᠤ᠂ ᠣᠶ ᠮᠣᠳᠣᠨ ᠤ ᠭᠠᠵᠠᠷ ᠨᠤᠲᠤᠭ ᠪᠡᠯᠴᠢᠭᠡᠷ ᠢ ᠪᠣᠬᠢᠷᠲᠤᠭᠤᠯᠬᠤ ᠵᠡᠷᠭᠡ ᠦᠢᠯᠡ ᠠᠵᠢᠯᠯᠠᠭ᠎ᠠ᠃ | ᠬᠤᠶᠠᠷ᠂ ᠢᠯᠡᠴᠢᠯᠡᠨ ᠮᠡᠳᠡᠭᠦᠯᠬᠦ ᠠᠷᠭ᠎ᠠ ᠵᠠᠮ | ︵ᠨᠢᠭᠡ᠂ ᠢᠯᠡᠴᠢᠯᠡᠨ ᠮᠡᠳᠡᠭᠦᠯᠬᠦ ᠤᠲᠠᠰᠤ᠄ 0474 - 8250399 | ︵ᠬᠤᠶᠠᠷ︶ ᠢᠯᠡᠴᠢᠯᠡᠨ ᠮᠡᠳᠡᠭᠦᠯᠬᠦ ᠢᠮᠧᠯ᠄ jnqlc@163.com | ︵ᠭᠤᠷᠪᠠ᠂ ᠢᠯᠡᠴᠢᠯᠡᠨ ᠮᠡᠳᠡᠭᠦᠯᠦᠭᠰᠡᠨ ᠵᠠᠬᠢᠳᠠᠯ ︵ᠵᠠᠬᠢᠳᠠᠯ︶ ᠤᠨ ᠬᠠᠶ᠋ᠢᠭ᠄ ᠤᠯᠠᠭᠠᠨᠴᠠᠪ ᠬᠤᠲᠠ ᠶᠢᠨ | ᠵᠢᠨᠢᠩ ᠲᠣᠭᠤᠷᠢᠭ ᠤᠨ ᠳᠦᠷᠪᠡᠳ ᠪᠠᠷᠠᠭᠤᠨ ᠵᠡᠭᠡᠯᠢ ᠶᠢᠨ 18 ᠳ᠋ᠤᠭᠠᠷ ᠲᠣᠭᠠᠲᠤ ︵ᠬᠦᠷᠢᠶᠡᠨ ᠳᠣᠲᠣᠷᠠᠬᠢ ᠵᠡᠭᠦᠨ | ᠠᠰᠠᠷ ᠤᠨ ᠭᠤᠷᠪᠠᠳᠤᠭᠠᠷ ᠳᠠᠪᠬᠤᠷᠭ᠎ᠠ᠂ ᠡᠬᠢ ᠪᠠᠶᠠᠯᠢᠭ ᠤᠨ ᠬᠠᠮᠢᠶᠠᠷᠤᠯᠲᠠ ᠶᠢᠨ ᠲᠠᠰᠤᠭ︶ | ᠥᠷᠭᠡᠨ ᠣᠯᠠᠨ ᠠᠷᠠᠳ ᠲᠦᠮᠡᠨ ᠤ ᠬᠢᠨᠠᠯᠲᠠ ᠲᠠᠯᠪᠢᠬᠤ ᠶᠢ ᠪᠠᠶᠠᠷᠯᠠᠨ ᠤᠭᠲᠤᠵᠤ᠂ ᠣᠢ ᠰᠢᠭᠤᠢ ᠡᠪᠡᠰᠦ | ᠪᠡᠯᠴᠢᠭᠡᠷ ᠢ ᠰᠦᠢᠳᠬᠡᠭᠰᠡᠨ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠢᠳᠡᠪᠬᠢᠲᠡᠢ | ᠢᠯᠡᠴᠢᠯᠡᠨ ᠮᠡᠳᠡᠭᠦᠯᠬᠦ ᠶᠢᠨ ᠬᠠᠮᠲᠤ ᠠᠰᠠᠭᠤᠳᠠᠯ ᠢ ᠦᠨᠡᠨ ᠪᠣᠳᠠᠲᠠᠢ ᠪᠠᠷ ᠲᠤᠰᠬᠠᠵᠤ᠂ ᠠᠯᠢ ᠴᠢᠳᠠᠬᠤ ᠪᠠᠷ ᠪᠣᠳᠠᠲᠠᠢ | ᠠᠰᠠᠭᠤᠳᠠᠯ ᠤᠨ ᠪᠣᠳᠠᠲᠠᠢ ᠦᠢᠯᠡ ᠪᠠᠶᠢᠳᠠᠯ ᠪᠠ ᠭᠡᠷᠡᠴᠢ ᠪᠠᠷᠢᠮᠲᠠ ᠶᠢ ᠬᠠᠩᠭᠠᠬᠤ ᠬᠡᠷᠡᠭᠲᠡᠢ᠂ ᠬᠡᠷᠪᠡ ᠡᠭᠦᠰᠦᠭᠰᠡᠨ | ᠴᠠᠭ᠂ ᠭᠠᠵᠠᠷ᠂ ᠬᠤᠯᠪᠣᠭᠳᠠᠭᠰᠠᠨ ᠨᠢᠭᠡᠴᠡ ᠶᠢᠨ ᠬᠤᠪᠢ ᠬᠥᠮᠦᠨ᠂ ᠪᠠᠶᠢᠳᠠᠯ ᠢ ᠮᠡᠳᠡᠬᠦ ᠬᠥᠮᠥᠨ ᠵᠢᠴᠢ ᠪᠣᠳᠠᠰ ᠤᠨ | ᠭᠡᠷᠡᠴᠢ ᠵᠡᠷᠭᠡ ᠶᠢ ᠪᠣᠳᠠᠲᠠᠢ ᠬᠠᠩᠭᠠᠬᠤ ᠬᠡᠷᠡᠭᠲᠡᠢ᠃ ᠢᠯᠡᠴᠢᠯᠡᠨ ᠮᠡᠳᠡᠭᠦᠯᠦᠭᠴᠢ ᠲᠤᠰᠬᠠᠭᠰᠠᠨ ᠠᠰᠠᠭᠤᠳᠠᠯ ᠤᠨ | ᠦᠨᠡᠨ ᠪᠣᠳᠠᠲᠤ ᠴᠢᠨᠠᠷ ᠢ ᠠᠷᠭᠠᠴᠠᠬᠤ ᠳᠤ ᠬᠠᠷᠢᠭᠤᠴᠠᠵᠤ᠂ ᠥᠰᠬᠡᠨ ᠶᠡᠬᠡᠳᠬᠡᠬᠦ ᠪᠤᠶᠤ ᠪᠣᠳᠠᠲᠤ ᠶᠠᠪᠤᠳᠠᠯ ᠢ | ᠭᠠᠵᠢᠭᠤᠳᠠᠭᠤᠯᠵᠤ ᠪᠣᠯᠬᠤ ᠦᠭᠡᠶ᠂ ᠮᠠᠲ᠋ᠧᠷᠢᠶᠠᠯ ᠵᠣᠬᠢᠶᠠᠵᠤ ᠪᠤᠰᠤᠳ ᠢ ᠭᠦᠳᠬᠡᠨ ᠵᠠᠭᠠᠯᠳᠤᠵᠤ ᠪᠣᠯᠬᠤ ᠦᠭᠡᠶ᠃ | ᠢᠯᠡᠴᠢᠯᠡᠨ ᠮᠡᠳᠡᠭᠦᠯᠬᠦ ᠪᠠᠷ ᠳᠠᠮᠵᠢᠨ ᠵᠣᠷᠢᠭᠤᠳᠠ ᠬᠡᠷᠡᠭ ᠵᠣᠬᠢᠶᠠᠵᠤ ᠪᠤᠰᠤᠳ ᠢ ᠭᠦᠳᠬᠡᠨ ᠵᠠᠭᠠᠯᠳᠤᠭᠰᠠᠨ ᠪᠣᠯ | ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠴᠢᠩᠭ᠎ᠠ ᠰᠢᠶ᠋ᠳᠪᠦᠷᠢᠯᠡᠬᠦ ᠬᠡᠷᠡᠭᠲᠡᠶ᠃ | | ᠤᠯᠠᠭᠠᠨᠴᠠᠪ ᠬᠤᠲᠠ ᠶᠢᠨ ᠣᠢ ᠰᠢᠭᠤᠢ ᠪᠠ ᠨᠤᠲᠤᠭ ᠪᠡᠯᠴᠢᠭᠡᠷ ᠤᠨ | ᠲᠣᠪᠴᠢᠶ᠎ᠠ ᠶᠢᠨ ᠵᠢᠨᠢᠩ ᠲᠣᠭᠤᠷᠢᠭ ᠤᠨ ᠬᠤᠪᠢᠶᠠᠷᠢ ᠲᠣᠪᠴᠢᠶ᠎ᠠ | 2025 ᠣᠨ ᠤ 4 ᠰᠠᠷ᠎ᠠ ᠶᠢᠨ 12 ᠤᠨ ᠡᠳᠦᠷ | | |