| | ᠠᠵᠢᠯ ᠣᠯᠭᠤᠯᠲᠠ ᠶᠢ ᠠᠬᠢᠭᠤᠯᠬᠤ ᠠᠵᠢᠯᠯᠠᠭ᠎ᠠ ᠶᠢ ᠭᠦᠨᠵᠡᠭᠡᠶ ᠠᠬᠢᠭᠤᠯᠵᠤ᠂ ᠪᠥᠬᠦ ᠣᠷᠣᠨ ᠤ ᠴᠡᠷᠢᠭ ᠤᠨ | ᠠᠯᠪᠠ ᠠᠴᠠ ᠬᠠᠯᠠᠭᠳᠠᠭᠰᠠᠳ ᠤᠨ ᠠᠵᠢᠯ ᠤᠯᠬᠤ ᠠᠷᠭ᠎ᠠ ᠵᠠᠮ ᠢ ᠤᠯᠠᠮ ᠨᠢᠭᠡ ᠠᠯᠬᠤᠮ ᠥᠷᠭᠡᠳᠬᠡᠬᠦ ᠶᠢᠨ | ᠲᠥᠯᠥᠭᠡ᠂ 4 ᠰᠠᠷ᠎ᠠ ᠶᠢᠨ 8 ᠤ ᠡᠳᠦᠷ ᠤᠨ ᠦᠳᠡ ᠶᠢᠨ ᠬᠤᠶᠢᠨ᠎ᠠ᠂ ᠲᠣᠭᠤᠷᠢᠭ ᠤᠨ ᠴᠡᠷᠢᠭ ᠤᠨ ᠠᠯᠪᠠ ᠠᠴᠠ | ᠬᠠᠯᠠᠭᠳᠠᠭᠰᠠᠳ ᠤᠨ ᠬᠡᠷᠡᠭ ᠶᠠᠪᠤᠳᠠᠯ ᠤᠨ ᠲᠣᠪᠴᠢᠶ᠎ᠠ ᠳ᠋ᠦᠩ ᠯᠠᠶ ᠱᠦᠨ ᠮᠢᠬᠠᠨ ᠤ ᠵᠦᠢᠯ ᠢ ᠡᠳ᠋ᠰᠢᠭᠦᠯᠬᠦ | ᠬᠢᠵᠠᠭᠠᠷᠲᠤ ᠺᠣᠮᠫᠠᠨᠢ ᠲᠠᠢ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠠᠵᠢᠯ ᠣᠯᠭᠤᠯᠲᠠ ᠶᠢ ᠠᠬᠢᠭᠤᠯᠬᠤ | ᠵᠣᠯᠭᠠᠭᠤᠯᠬᠤ ᠵᠥᠪᠳᠡᠯᠴᠡᠬᠡᠷ ᠤᠨ ᠬᠤᠷᠠᠯ ᠬᠢᠪᠠ᠃ | ᠬᠤᠷᠠᠯ ᠤᠨ ᠵᠣᠷᠢᠯᠭ᠎ᠠ ᠨᠢ ᠨᠢᠭᠡᠨ ᠥᠨᠳᠥᠷ ᠪᠦᠲᠦᠮᠵᠢᠲᠡᠶ ᠪᠥᠭᠡᠳ ᠨᠠᠷᠢᠯᠢᠭ ᠣᠨᠣᠴᠠᠲᠠᠶ ᠬᠠᠩᠭᠠᠯᠭ᠎ᠠ | ᠬᠡᠷᠡᠭᠴᠡᠭᠡ ᠶᠢ ᠵᠣᠯᠭᠠᠭᠤᠯᠬᠤ ᠲᠠᠪᠴᠠᠩ ᠢ ᠪᠠᠶᠢᠭᠤᠯᠬᠤ ᠪᠠᠷ ᠳᠠᠮᠵᠢᠭᠤᠯᠤᠨ᠂ ᠴᠡᠷᠢᠭ ᠠᠴᠠ ᠬᠠᠯᠠᠭᠳᠠᠭᠰᠠᠳ ᠢ | ᠬᠠᠪᠰᠤᠷᠤᠨ ᠨᠡᠶᠢᠭᠡᠮ ᠳᠤ ᠤᠷᠤᠭᠰᠢᠲᠠᠶ ᠠᠭᠤᠰᠤᠯᠴᠠᠭᠤᠯᠵᠤ᠂ ᠴᠢᠨᠠᠷ ᠰᠠᠶᠢᠲᠠᠶ ᠠᠵᠢᠯ ᠣᠯᠭᠤᠯᠲᠠ ᠶᠢ | ᠪᠡᠶᠡᠯᠡᠭᠦᠯᠬᠦ ᠶᠢᠨ ᠲᠥᠯᠥᠭᠡ ᠶᠤᠮ᠃ ᠵᠥᠪᠳᠡᠯᠴᠡᠬᠡᠷ ᠤᠨ ᠬᠤᠷᠠᠯ ᠳᠡᠭᠡᠷ᠎ᠡ᠂ ᠲᠣᠭᠤᠷᠢᠭ ᠤᠨ ᠴᠡᠷᠢᠭ ᠠᠴᠠ | ᠬᠠᠯᠠᠭᠳᠠᠭᠰᠠᠳ ᠤᠨ ᠬᠡᠷᠡᠭ ᠶᠠᠪᠤᠳᠠᠯ ᠤᠨ ᠲᠣᠪᠴᠢᠶ᠎ᠠ ᠠᠵᠤ ᠠᠬᠤᠶᠢᠯᠠᠯ ᠪᠡᠶ᠎ᠡ ᠪᠠᠨ ᠳᠠᠭᠠᠭᠠᠵᠤ ᠠᠵᠢᠯ ᠣᠯᠬᠤ | ᠴᠡᠷᠢᠭ ᠠᠴᠠ ᠬᠠᠯᠠᠭᠳᠠᠭᠰᠠᠳ ᠢ ᠡᠯᠰᠡᠬᠦ ᠭᠠᠶᠢᠯᠢ ᠲᠠᠲᠠᠪᠤᠷᠢ ᠶᠢ ᠬᠠᠰᠤᠵᠤ ᠬᠡᠯᠲᠦᠷᠢᠭᠦᠯᠬᠦ ᠵᠡᠷᠭᠡ ᠬᠠᠷᠠᠭᠠᠯᠵᠠᠯ ᠤᠨ | ᠲᠥᠷᠥ ᠶᠢᠨ ᠪᠣᠳᠣᠯᠭ᠎ᠠ ᠶᠢ ᠳᠠᠶᠢᠯᠪᠤᠷᠢᠯᠡᠵᠤ ᠦᠭᠪᠡ᠃ ᠡᠭᠦᠨ ᠤ ᠬᠠᠮᠲᠤ ᠠᠵᠤ ᠠᠬᠤᠶᠢᠯᠠᠯ ᠤᠨ ᠬᠠᠷᠢᠭᠤᠴᠠᠯᠭᠠᠲᠠᠨ | ᠠᠵᠤ ᠠᠬᠤᠶᠢᠯᠠᠯ ᠤᠨ ᠦᠨᠳᠦᠰᠦᠨ ᠪᠠᠶᠢᠳᠠᠯ᠂ ᠠᠵᠢᠯ ᠤᠨ ᠪᠠᠶᠢᠷᠢ ᠶᠢᠨ ᠪᠠᠶᠢᠷᠢᠯᠠᠭᠤᠯᠤᠯᠲᠠ ᠵᠢᠴᠢ ᠠᠰᠠᠷᠠᠮᠵᠢ ᠶᠢᠨ | ᠬᠠᠷᠠᠭᠠᠯᠵᠠᠯ ᠵᠡᠷᠭᠡ ᠠᠭᠤᠯᠭ᠎ᠠ ᠶᠢ ᠲᠠᠨᠢᠯᠴᠠᠭᠤᠯᠵᠤ᠂ ᠦᠷᠭᠦᠯᠵᠢᠯᠡᠨ ᠭᠦᠨᠵᠡᠭᠡᠶ ᠬᠠᠮᠲᠤᠷᠠᠯᠴᠠᠭ᠎ᠠ ᠥᠷᠨᠢᠭᠦᠯᠬᠦ᠂ | ᠴᠡᠷᠢᠭ ᠠᠴᠠ ᠬᠠᠯᠠᠭᠳᠠᠭᠰᠠᠳ ᠤᠨ ᠠᠵᠢᠯ ᠤᠯᠬᠤ ᠠᠷᠭ᠎ᠠ ᠵᠠᠮ ᠢ ᠦᠨᠡᠨ ᠬᠦ ᠥᠷᠭᠡᠳᠬᠡᠬᠦ ᠳᠤ ᠰᠠᠭᠤᠷᠢ ᠲᠠᠯᠪᠢᠵᠤ | ᠥᠭᠴᠡᠶ᠃ ᠲᠠᠷᠠᠭᠠᠴᠢ ᠶᠢᠨ ᠠᠯᠬᠤᠮ ᠳᠤ᠂ ᠵᠢᠨᠢᠩ ᠲᠣᠭᠤᠷᠢᠭ ᠤᠨ ᠴᠡᠷᠢᠭ ᠠᠴᠠ ᠬᠠᠯᠠᠭᠳᠠᠭᠰᠠᠳ ᠤᠨ ᠬᠡᠷᠡᠭ | ᠶᠠᠪᠤᠳᠠᠯ ᠤᠨ ᠲᠣᠪᠴᠢᠶ᠎ᠠ ᠦᠷᠭᠦᠯᠵᠢᠯᠡᠨ ᠲᠥᠷᠥ ᠶᠢᠨ ᠪᠣᠳᠣᠯᠭ᠎ᠠ ᠶᠢ ᠤᠬᠠᠭᠤᠯᠤᠨ ᠲᠠᠶᠢᠯᠪᠤᠷᠢᠯᠠᠬᠤ᠂ | ᠰᠤᠷᠤᠯᠭ᠎ᠠ ᠶᠢᠨ ᠨᠠᠮᠲᠠᠷ ᠢ ᠳᠡᠭᠡᠭᠰᠢᠯᠡᠭᠦᠯᠬᠦ᠂ ᠪᠣᠯᠪᠠᠰᠤᠷᠠᠭᠤᠯᠵᠤ ᠡᠨᠧᠷᠭᠢ ᠣᠯᠭᠤᠬᠤ᠂ ᠠᠵᠤ ᠠᠬᠤᠶᠢᠯᠠᠯ ᠢ | ᠰᠤᠷᠪᠤᠯᠵᠢᠯᠠᠵᠤ ᠠᠵᠢᠯ ᠤᠨ ᠪᠠᠶᠢᠷᠢ ᠶᠢ ᠥᠷᠭᠡᠳᠬᠡᠬᠦ ᠵᠡᠷᠭᠡ ᠬᠡᠳᠦᠨ ᠲᠠᠯ᠎ᠠ ᠶᠢᠨ ᠠᠵᠢᠯ ᠤᠨ ᠲᠣᠭᠤᠷᠢᠨ ᠳᠤ᠂ | ᠴᠡᠷᠢᠭ ᠠᠴᠠ ᠬᠠᠯᠠᠭᠳᠠᠭᠰᠠᠳ ᠤᠨ ᠴᠢᠨᠠᠷ ᠰᠠᠶᠢᠲᠠᠶ ᠭᠦᠢᠴᠡᠳ ᠠᠵᠢᠯ ᠣᠯᠭᠤᠯᠲᠠ ᠶᠢ ᠠᠬᠢᠭᠤᠯᠵᠤ᠂ ᠬᠥᠭᠦᠷᠭᠡ | ᠬᠤᠯᠪᠣᠭᠠᠰᠤ ᠶᠢᠨ ᠦᠢᠯᠡᠳᠦᠯ ᠢᠶᠠᠨ ᠪᠠᠳᠠᠷᠠᠭᠤᠯᠵᠤ᠂ ᠬᠠᠮᠲᠤᠷᠠᠯᠴᠠᠭᠠᠨ ᠤ ᠬᠦᠷᠢᠶ᠎ᠡ ᠪᠠᠨ ᠦᠷᠭᠦᠯᠵᠢᠯᠡᠨ | ᠥᠷᠭᠡᠳᠬᠡᠵᠦ᠂ ᠡᠯ᠎ᠡ ᠲᠠᠯ᠎ᠠ ᠶᠢᠨ ᠳᠠᠪᠠᠭᠤᠯᠢᠭ ᠡᠬᠢ ᠪᠠᠶᠠᠯᠢᠭ ᠢ ᠨᠡᠶᠢᠳᠬᠡᠵᠦ᠂ ᠪᠥᠬᠦ ᠲᠤᠭᠤᠷᠢᠭ ᠤᠨ ᠴᠡᠷᠢᠭ ᠠᠴᠠ | ᠬᠠᠯᠠᠭᠳᠠᠭᠰᠠᠳ ᠲᠤ ᠴᠢᠨᠠᠷ ᠰᠠᠶᠢᠲᠠᠶ ᠠᠵᠢᠯ ᠣᠯᠭᠤᠬᠤ ᠲᠠᠪᠴᠠᠩ ᠢ ᠪᠥᠬᠦ ᠬᠦᠴᠦᠨ ᠢᠶᠠᠷ ᠢᠶᠠᠨ ᠪᠠᠶᠢᠭᠤᠯᠵᠤ | ᠥᠭᠭᠦᠨ᠎ᠡ᠃ |