| 4 ᠰᠠᠷ᠎ᠠ ᠶᠢᠨ 15 ᠤ ᠡᠳᠦᠷ᠂ ᠵᠢᠨᠢᠩ ᠲᠣᠭᠤᠷᠢᠭ 2025 ᠣᠨ ᠤ ᠨᠢᠭᠡᠳᠦᠭᠡᠷ ᠤᠯᠠᠷᠢᠯ ᠤᠨ 12345 | ᠬᠠᠯᠠᠮᠰᠢᠯ ᠤᠲᠠᠰᠤ ᠶᠢᠨ ᠠᠵᠢᠯ ᠢ ᠦᠨᠡᠯᠡᠬᠦ ᠬᠤᠷᠠᠯ ᠬᠤᠷᠠᠯᠳᠤᠭᠤᠯᠵᠤ᠂ ᠨᠢᠭᠡᠳᠦᠭᠡᠷ ᠤᠯᠠᠷᠢᠯ ᠤᠨ ᠬᠠᠯᠠᠮᠰᠢᠯ | ᠤᠲᠠᠰᠤ ᠶᠢᠨ ᠠᠵᠢᠯ ᠤᠨ ᠲᠤᠷᠰᠢᠯᠭ᠎ᠠ ᠪᠣᠯᠤᠨ ᠦᠷ᠎ᠡ ᠪᠦᠲᠦᠭᠡᠯ ᠢ ᠳ᠋ᠦᠩᠨᠡᠵᠦ᠂ ᠣᠳᠣᠬᠠᠨ ᠳᠤ ᠣᠷᠣᠰᠢᠵᠤ | ᠪᠠᠶᠢᠭ᠎ᠠ ᠠᠰᠠᠭᠤᠳᠠᠯ ᠪᠣᠯᠤᠨ ᠬᠦᠷᠦᠯᠴᠡᠬᠦ ᠦᠭᠡᠢ ᠲᠠᠯ᠎ᠠ ᠶᠢ ᠵᠠᠳᠠᠯᠬᠤ ᠶᠢᠨ ᠬᠠᠮᠲᠤ ᠳᠠᠷᠠᠭᠠᠴᠢ ᠶᠢᠨ ᠱᠠᠲᠤᠨ ᠤ | ᠠᠵᠢᠯ ᠢ ᠪᠠᠶᠢᠷᠢᠯᠠᠭᠤᠯᠤᠨ ᠲᠤᠬᠢᠷᠠᠭᠤᠯᠪᠠ᠃ | ᠵᠢᠨᠢᠩ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠲᠣᠭᠤᠷᠢᠭ ᠤᠨ | ᠳᠠᠷᠤᠭ᠎ᠠ ᠺᠠᠩ ᠬᠠᠢ ᠷᠦᠢ ᠬᠤᠷᠠᠯ ᠳᠤ ᠣᠷᠣᠯᠴᠠᠵᠤ ᠶᠠᠷᠢᠶ᠎ᠠ ᠲᠠᠯᠪᠢᠵᠠᠢ᠃ ᠲᠣᠭᠤᠷᠢᠭ ᠤᠨ ᠨᠠᠮ ᠤᠨ ᠬᠤᠷᠢᠶᠠᠨ ᠤ | ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠪᠠᠶᠢᠩᠭᠤ ᠶᠢᠨ ᠳᠡᠳ᠋ ᠳᠠᠷᠤᠭ᠎ᠠ ᠯᠢ ᠵᠢᠩ ᠬᠤᠷᠠᠯ ᠢ ᠡᠷᠭᠢᠯᠡᠪᠡ᠃ | | ᠬᠤᠷᠠᠯ ᠠᠴᠠ ᠨᠢᠭᠡᠳᠦᠭᠡᠷ ᠤᠯᠠᠷᠢᠯ ᠤᠨ ᠵᠢᠨᠢᠩ ᠲᠣᠭᠤᠷᠢᠭ ᠤᠨ 12345 ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠬᠠᠯᠠᠮᠰᠢᠯ ᠤᠲᠠᠰᠤ ᠶᠢ ᠰᠢᠢᠳᠪᠦᠷᠢᠯᠡᠭᠰᠡᠨ ᠪᠠᠶᠢᠳᠠᠯ ᠢ ᠮᠡᠳᠡᠭᠳᠡᠵᠦ᠂ ᠬᠠᠮᠢᠶ᠎ᠠ ᠪᠦᠬᠦᠢ ᠰᠠᠯᠠᠭ᠎ᠠ | ᠮᠥᠴᠢᠷ ᠤᠨ ᠬᠠᠷᠢᠭᠤᠴᠠᠯᠭᠠᠲᠠᠨ ᠨᠡᠶᠢᠲᠡᠯᠢᠭ ᠶᠠᠷᠢᠶ᠎ᠠ ᠪᠤᠶᠤ ᠣᠪᠣᠷ ᠢᠶᠠᠨ ᠢᠯᠡᠳᠬᠡᠬᠦ ᠶᠠᠷᠢᠶ᠎ᠠ ᠲᠠᠯᠪᠢᠪᠠ᠃ | ᠬᠤᠷᠠᠯ ᠠᠴᠠ ᠴᠢᠬᠤᠯᠠᠴᠢᠯᠠᠭᠰᠠᠨ ᠨᠢ ᠂ ᠱᠠᠳᠤ ᠦᠶ᠎ᠡ ᠶᠢᠨ ᠭᠤᠣᠯᠳᠠᠯᠭ᠎ᠠ ᠲᠠᠢ ᠠᠵᠢᠯ ᠢ ᠴᠢᠩᠭ᠎ᠠ ᠠᠩᠬᠠᠷᠴᠤ᠂ | ᠬᠦᠴᠦᠨ ᠤ ᠪᠠᠲᠤᠯᠠᠭ᠎ᠠ ᠶᠢ ᠴᠢᠩᠭᠠᠳᠬᠠᠵᠤ᠂ ᠠᠵᠢᠯ ᠤᠨ ᠪᠠᠷᠢᠮᠵᠢᠶ᠎ᠠ ᠶᠢ ᠳᠡᠭᠡᠭᠰᠢᠯᠡᠭᠦᠯᠵᠦ᠂ ᠬᠠᠮᠤᠭ ᠤᠨ | ᠲᠡᠷᠢᠭᠦᠨ ᠳᠤ ᠤᠯᠠᠨ ᠲᠦᠮᠡᠨ ᠲᠠᠢ ᠰᠠᠨᠠᠭᠠᠴᠢᠯᠠᠭ᠎ᠠ ᠠᠴᠠ ᠪᠠᠨ ᠨᠡᠪᠲᠡᠷᠡᠯᠴᠡᠵᠦ᠂ ᠤᠯᠠᠨ ᠲᠦᠮᠡᠨ ᠤ ᠵᠦᠢ | ᠶᠣᠰᠣᠨ ᠤ ᠬᠦᠰᠡᠯ ᠱᠠᠭᠠᠷᠳᠠᠯᠭ᠎ᠠ ᠶᠢ ᠰᠠᠶᠢᠲᠤᠷ ᠰᠢᠢᠳᠪᠦᠷᠢᠯᠡᠬᠦ ᠬᠡᠷᠡᠭᠲᠡᠢ᠃ ᠡᠯ᠎ᠡ ᠱᠠᠲᠤᠨ ᠤ ᠬᠠᠷᠢᠭᠤᠴᠠᠯᠭ᠎ᠠ ᠶᠢ | ᠨᠠᠶᠢᠳᠠᠪᠤᠷᠢᠵᠢᠭᠤᠯᠬᠤ ᠶᠢ ᠴᠢᠩᠭᠠᠳᠬᠠᠵᠤ᠂ ︽ᠬᠦᠯᠢᠶᠡᠨ ᠠᠪᠬᠤ - ᠰᠢᠢᠳᠪᠦᠷᠢᠯᠡᠬᠦ - ᠬᠠᠷᠢᠭᠤ ᠲᠤᠰᠬᠠᠬᠤ - | ᠬᠠᠷᠢᠭᠤ ᠰᠤᠷᠪᠤᠯᠵᠢᠯᠠᠬᠤ︾ ᠴᠠᠭᠠᠷᠢᠭ ᠤᠨ ᠬᠠᠮᠢᠶᠠᠷᠤᠯᠲᠠ ᠶᠢᠨ ᠰᠢᠰᠲ᠋ᠧᠮ ᠢ ᠪᠦᠷᠢᠯᠳᠦᠭᠦᠯᠵᠦ᠂ ᠭᠤᠮᠣᠳᠠᠯ | ᠱᠠᠭᠠᠷᠳᠠᠯᠭ᠎ᠠ ᠶᠢ ᠰᠢᠢᠳᠪᠦᠷᠢᠯᠡᠬᠦ ᠶᠠᠪᠤᠳᠠᠯ ᠪᠦᠬᠦᠨ ᠳᠤ ᠬᠠᠷᠢᠭᠤᠯᠲᠠ ᠥᠭᠴᠦ᠂ ᠶᠠᠪᠤᠳᠠᠯ ᠪᠦᠬᠦᠨ ᠳᠤ ᠪᠣᠳᠠᠲᠤ | ᠦᠷ᠎ᠡ ᠪᠦᠲᠦᠮᠵᠢ ᠤᠯᠬᠤ ᠶᠢ ᠪᠠᠲᠤᠯᠠᠬᠤ ᠬᠡᠷᠡᠭᠲᠡᠢ᠃ ᠵᠠᠭᠠᠯᠳᠤᠯᠭ᠎ᠠ ᠶᠢ ᠭᠥᠯᠢᠶᠡᠨ ᠠᠪᠴᠤ ᠰᠢᠢᠳᠪᠦᠷᠢᠯᠡᠬᠦ | ᠲᠥᠪ ᠨᠢ ᠮᠠᠨ ᠤ ᠲᠤᠭᠤᠷᠢᠭ ᠤᠨ ᠬᠠᠯᠠᠮᠰᠢᠯ ᠤᠲᠠᠰᠤ 12345 ᠶᠢᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ | ᠪᠣᠯᠤᠭᠰᠠᠨ ᠤ ᠬᠤᠪᠢ ᠳᠤ᠂ ᠲᠣᠭᠲᠠᠮᠠᠯ ᠬᠤᠭᠤᠴᠠᠭ᠎ᠠ ᠲᠠᠢ ᠪᠠᠷ ᠪᠥᠬᠦ ᠲᠤᠭᠤᠷᠢᠭ ᠤᠨ ᠠᠵᠢᠯ ᠤᠨ ᠬᠠᠭᠤᠳᠠᠰᠤ ᠶᠢ | ᠰᠢᠢᠳᠪᠦᠷᠢᠯᠡᠭᠰᠡᠨ ᠪᠠᠶᠢᠳᠠᠯ ᠢ ᠡᠮᠬᠢᠯᠡᠵᠦ᠂ ᠣᠷᠣᠰᠢᠵᠤ ᠪᠠᠶᠢᠭ᠎ᠠ ᠠᠰᠠᠭᠤᠳᠠᠯ ᠳᠤ ᠴᠢᠭᠯᠡᠭᠦᠯᠦᠨ᠂ ᠪᠣᠳᠠᠲᠠᠶ | ᠰᠢᠢᠳᠪᠦᠷᠢᠯᠡᠬᠦ ᠠᠷᠭ᠎ᠠ ᠬᠡᠮᠵᠢᠶ᠎ᠡ ᠠᠪᠴᠤ᠂ ᠰᠢᠢᠳᠪᠦᠷᠢᠯᠡᠬᠦ ᠬᠤᠷᠳᠤᠴᠠ ᠶᠢ ᠦᠨᠡᠨ ᠬᠦ ᠳᠡᠭᠡᠭᠰᠢᠯᠡᠭᠦᠯᠵᠦ᠂ | ᠰᠢᠢᠳᠪᠦᠷᠢᠯᠡᠬᠦ ᠶᠠᠰᠤ ᠴᠢᠨᠠᠷ ᠢ ᠳᠡᠭᠡᠭᠰᠢᠯᠡᠭᠦᠯᠬᠦ ᠬᠡᠷᠡᠭᠲᠡᠶ᠃ ᠲᠣᠭᠤᠷᠢᠭ ᠤᠨ ᠬᠤᠯᠪᠣᠭᠳᠠᠯ ᠪᠦᠬᠦᠢ ᠤᠳᠤᠷᠢᠳᠬᠤ | ᠨᠥᠬᠦᠳ᠂ ᠲᠣᠭᠤᠷᠢᠭ ᠤᠨ ᠰᠢᠭᠤᠳ ᠬᠠᠷᠢᠶ᠎ᠠ ᠬᠤᠯᠪᠣᠭᠳᠠᠯ ᠪᠦᠬᠦᠢ ᠰᠠᠯᠠᠭ᠎ᠠ ᠮᠥᠴᠢᠷ ᠪᠣᠯᠤᠨ ᠰᠢᠶᠠᠩ ᠪᠠᠯᠭᠠᠰᠤ | ᠵᠡᠭᠡᠯᠢ ᠭᠤᠳᠤᠮᠵᠢ ᠶᠢᠨ ᠭᠤᠣᠯ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃ |