| 4 ᠰᠠᠷ᠎ᠠ ᠶᠢᠨ 16 ᠤ ᠡᠳᠦᠷ᠂ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ | ᠣᠷᠳᠣᠨ ᠤ ᠳᠠᠷᠤᠭ᠎ᠠ ᠺᠠᠩ ᠬᠠᠶ ᠷᠦᠢ ᠲᠣᠭᠤᠷᠢᠭ ᠤᠨ ᠵᠠᠰᠠᠭ ᠤᠨ ᠣᠷᠳᠣᠨ ᠤ 2025 ᠣᠨ ᠤ 9 ᠳ᠋ᠦ᠋ᠭᠡᠷ | ᠤᠳᠠᠭᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠵᠢᠴᠢ 6 ᠳ᠋ᠤᠭᠠᠷ ᠤᠳᠠᠭᠠᠨ ᠤ ᠪᠠᠶᠢᠩᠭᠤ ᠶᠢᠨ | ᠬᠤᠷᠠᠯ ᠢ ᠡᠷᠭᠢᠯᠡᠨ ᠬᠤᠷᠠᠯᠳᠤᠭᠤᠯᠪᠠ᠃ | ᠬᠤᠷᠠᠯ ᠠᠴᠠ ︽ᠦᠨᠡᠨ︾ ᠰᠡᠳᠬᠦᠯ ᠤᠨ ᠨᠡᠶᠢᠲᠡᠯᠡᠭᠰᠡᠨ ᠶᠡᠷᠦᠩᠬᠡᠢ ᠱᠦᠵᠢ ᠰᠢ ᠶᠢᠨ ᠫᠢᠩ ᠤᠨ ︽ᠰᠢᠨᠵᠢᠯᠡᠬᠦ | ᠤᠬᠠᠭᠠᠨ ᠮᠡᠷᠭᠡᠵᠢᠯ ᠤᠨ ᠬᠦᠴᠦᠷᠬᠡᠭ ᠤᠯᠤᠰ ᠢ ᠪᠠᠶᠢᠭᠤᠯᠬᠤ ᠠᠤᠭ᠎ᠠ ᠬᠠᠷᠠᠯᠲᠠ ᠲᠡᠶᠢᠰᠢ ᠡᠷᠡᠯᠬᠡᠭᠯᠡᠨ ᠤᠷᠤᠭᠰᠢᠯᠠᠶ᠎ᠠ | ︾ ᠭᠡᠬᠦ ᠴᠢᠬᠤᠯᠠ ᠵᠣᠬᠢᠶᠠᠯ ᠢ ᠭᠦᠨᠵᠡᠭᠡᠢ ᠰᠤᠷᠤᠯᠴᠠᠵᠤ᠂ ︽ᠡᠷᠬᠡ ᠲᠡᠭᠰᠢ ᠥᠷᠢᠰᠥᠯᠳᠦᠭᠡᠨ ᠢ ᠬᠢᠨᠠᠨ ᠪᠠᠶᠢᠴᠠᠭᠠᠬᠤ | ᠲᠦᠷᠢᠮ︾᠂ ︽ᠡᠷᠬᠡ ᠲᠡᠭᠰᠢ ᠥᠷᠢᠰᠥᠯᠳᠦᠭᠡᠨ ᠢ ᠬᠢᠨᠠᠨ ᠪᠠᠶᠢᠴᠠᠭᠠᠬᠤ ᠲᠦᠷᠢᠮ ᠢ ᠬᠡᠷᠡᠭᠵᠢᠭᠦᠯᠬᠦ ᠠᠷᠭ᠎ᠠ︾ ᠶᠢᠨ | ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠬᠤᠯᠪᠣᠭᠳᠠᠯ ᠪᠦᠬᠦᠢ ᠠᠵᠢᠯ ᠢ | ᠲᠤᠬᠢᠷᠠᠭᠤᠯᠤᠨ ᠪᠠᠶᠢᠷᠢᠯᠠᠭᠤᠯᠵᠠᠢ᠃ | ᠬᠤᠷᠠᠯ ᠠᠴᠠ ᠴᠢᠬᠤᠯᠠᠴᠢᠯᠠᠭᠰᠠᠨ ᠨᠢ᠂ ᠡᠷᠬᠡ ᠲᠡᠭᠰᠢ ᠪᠠᠷ ᠥᠷᠢᠰᠥᠯᠳᠦᠬᠦ ᠶᠢ ᠬᠢᠨᠠᠨ ᠪᠠᠶᠢᠴᠠᠭᠠᠬᠤ ᠪᠣᠯ | ᠬᠤᠳᠠᠯᠳᠤᠭ᠎ᠠ ᠡᠷᠬᠢᠯᠡᠬᠦ ᠣᠷᠴᠢᠨ ᠨᠦᠭᠦᠴᠡᠯ ᠢ ᠰᠢᠯᠢᠳᠡᠭᠵᠢᠭᠦᠯᠬᠦ᠂ ᠵᠠᠬ᠎ᠠ ᠳᠡᠯᠭᠡᠭᠦᠷ ᠤᠨ ᠠᠮᠢᠵᠢᠷᠠᠯ ᠤᠨ | ᠬᠦᠴᠦᠨ ᠢ ᠬᠥᠭᠵᠢᠭᠡᠬᠦ ᠵᠠᠩᠭᠢᠯᠠᠭ᠎ᠠ ᠶᠢᠨ ᠠᠷᠭ᠎ᠠ ᠬᠡᠮᠵᠢᠶ᠎ᠡ ᠮᠥᠨ᠂ ᠡᠯ᠎ᠡ ᠰᠠᠯᠠᠭ᠎ᠠ ᠮᠥᠴᠢᠷ ᠤᠳ ᠡᠷᠬᠡ ᠲᠡᠭᠰᠢ ᠪᠠᠷ | ᠥᠷᠢᠰᠥᠯᠳᠦᠬᠦ ᠶᠢ ᠬᠢᠨᠠᠨ ᠪᠠᠶᠢᠴᠠᠭᠠᠬᠤ ᠠᠵᠢᠯ ᠥᠷᠨᠢᠭᠦᠯᠬᠦ ᠶᠢᠨ ᠴᠢᠬᠤᠯᠠ ᠶᠡᠭᠡ ᠠᠴᠢ ᠬᠤᠯᠪᠣᠭᠳᠠᠯ ᠢ ᠭᠦᠢᠴᠡᠳ | ᠲᠠᠨᠢᠵᠤ᠂ ᠬᠢᠨᠠᠨ ᠪᠠᠶᠢᠴᠠᠭᠠᠬᠤ ᠪᠠᠷᠢᠮᠵᠢᠶ᠎ᠠ ᠶᠢ ᠣᠨᠣᠪᠴᠢᠲᠠᠶ ᠡᠵᠡᠮᠳᠡᠨ᠂ ᠲᠣᠭᠲᠠᠭᠠᠭᠰᠠᠨ ᠱᠠᠭᠠᠷᠳᠠᠯᠭ᠎ᠠ ᠲᠠᠢ | ᠴᠢᠩᠭ᠎ᠠ ᠬᠠᠷᠢᠴᠠᠭᠤᠯᠵᠤ᠂ ᠭᠤᠣᠯᠳᠠᠯᠭ᠎ᠠ ᠲᠠᠢ ᠬᠦᠷᠢᠶ᠎ᠡ ᠴᠠᠷᠠᠭ᠎ᠠ ᠪᠠ ᠵᠠᠩᠭᠢᠯᠠᠭ᠎ᠠ ᠶᠢᠨ ᠭᠤᠭᠴᠤᠭ᠎ᠠ ᠶᠢ | ᠳᠣᠪᠤᠶᠢᠯᠭᠠᠨ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠠᠵᠤ ᠠᠬᠤᠢ ᠶᠢᠨ ᠠᠵᠢᠯᠯᠠᠭ᠎ᠠ ᠳᠤ ᠬᠤᠯᠪᠣᠭᠳᠠᠬᠤ | ᠲᠦᠷᠦ ᠶᠢᠨ ᠪᠤᠳᠤᠯᠭ᠎ᠠ ᠶᠢᠨ ᠠᠷᠭ᠎ᠠ ᠬᠡᠮᠵᠢᠶ᠎ᠡ ᠶᠢ ᠪᠦᠬᠦ ᠲᠠᠯ᠎ᠠ ᠪᠠᠷ ᠬᠢᠨᠠᠨ ᠪᠠᠶᠢᠴᠠᠭᠠᠵᠤ᠂ ᠬᠢᠨᠠᠨ ᠪᠠᠶᠢᠴᠠᠭᠠᠬᠤ ᠳᠤ | ᠥᠨᠴᠥᠭ ᠪᠤᠯᠤᠩ ᠦᠭᠡᠢ᠂ ᠣᠷᠬᠢᠭᠳᠠᠭᠤᠯᠬᠤ ᠦᠭᠡᠢ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠢ᠃ ᠵᠣᠬᠢᠶᠠᠨ | ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠨᠢᠭᠲᠠ ᠬᠠᠮᠵᠢᠯᠴᠠᠨ᠂ ᠬᠠᠮᠵᠢᠯᠴᠠᠨ ᠠᠬᠢᠭᠤᠯᠵᠤ᠂ | ᠠᠵᠢᠯ ᠤᠨ ᠵᠣᠬᠢᠴᠠᠭᠤᠯᠬᠤ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠠᠵᠢᠯ ᠤᠨ ᠨᠡᠶᠢᠯᠡᠮᠡᠯ ᠬᠦᠴᠦᠨ ᠢ | ᠪᠦᠷᠢᠯᠳᠦᠭᠦᠯᠵᠦ᠂ ᠭᠤᠤᠯᠴᠢ ᠥᠷᠢᠰᠥᠯᠳᠦᠭᠡᠨ ᠤ ᠬᠢᠨᠠᠨ ᠪᠠᠶᠢᠴᠠᠭᠠᠯᠲᠠ ᠶᠢᠨ ᠪᠣᠳᠠᠲᠤ ᠦᠷ᠎ᠡ ᠪᠦᠲᠦᠮᠵᠢ ᠤᠯᠬᠤ ᠶᠢ | ᠦᠨᠡᠨᠬᠦ ᠪᠠᠲᠤᠯᠠᠬᠤ ᠬᠡᠷᠡᠭᠲᠡᠶ᠃ | ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃ | |