| ᠤᠢᠢᠷ᠎ᠠ ᠳᠤ ᠂ ᠬᠤᠳᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠢᠨᠢᠩ ᠲᠣᠭᠤᠷᠢᠭ ᠤᠨ | ᠨᠠᠮ ᠤᠨ ᠬᠤᠷᠢᠶᠠᠨ ᠤ ᠱᠦᠵᠢ ᠵᠠᠩ ᠶᠦᠩ ᠸᠧᠨ ᠲᠤᠰᠬᠠᠢ ᠰᠡᠳᠦᠪᠲᠦ ᠬᠤᠷᠠᠯ ᠢ ᠡᠷᠬᠢᠯᠡᠨ ᠬᠤᠷᠠᠯᠳᠤᠭᠤᠯᠵᠤ᠂ | ᠮᠠᠨ ᠤ ᠲᠣᠭᠤᠷᠢᠭ ᠤᠨ ᠭᠡᠷ ᠪᠠᠶᠢᠰᠢᠩ ᠭᠠᠵᠠᠷ ᠬᠦᠷᠦᠩᠭᠡ ᠶᠢᠨ ᠬᠦᠷᠢᠶᠡᠨ ᠳᠠᠬᠢ ︽ᠭᠤᠷᠪᠠᠨ ᠬᠦᠴᠢᠷ︾ | ᠠᠰᠠᠭᠤᠳᠠᠯ ᠢ ᠰᠤᠳᠤᠯᠤᠨ ᠰᠢᠢᠳᠪᠦᠷᠢᠯᠡᠪᠡ᠃ | ᠬᠤᠷᠠᠯ ᠠᠴᠠ ᠮᠠᠨ ᠤ ᠲᠤᠭᠤᠷᠢᠭ ᠤᠨ ᠬᠡᠷ ᠪᠠᠶᠢᠰᠢᠩ ᠭᠠᠵᠠᠷ ᠬᠥᠷᠥᠩᠭᠡ ᠶᠢᠨ ᠬᠦᠷᠢᠶᠡᠨ ᠳᠠᠬᠢ ︽ᠭᠤᠷᠪᠠᠨ | ᠬᠦᠴᠢᠷ︾ ᠠᠰᠠᠭᠤᠳᠠᠯ ᠢ ᠰᠢᠢᠳᠪᠦᠷᠢᠯᠡᠬᠦ ᠶᠢ ᠠᠬᠢᠭᠤᠯᠤᠭᠰᠠᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ | ᠂ ᠬᠠᠮᠢᠶ᠎ᠠ ᠪᠥᠬᠦᠶ ᠠᠵᠢᠯ ᠢ ᠳᠣᠭᠢᠷᠠᠭᠤᠯᠤᠨ ᠪᠠᠶᠢᠷᠢᠯᠠᠭᠤᠯᠪᠠ᠃ | ᠬᠤᠷᠠᠯ ᠠᠴᠠ᠂ ᠬᠡᠷ ᠪᠠᠶᠢᠰᠢᠩ ᠭᠠᠵᠠᠷ ᠬᠥᠷᠥᠩᠭᠡ ᠶᠢᠨ ᠬᠦᠷᠢᠶᠡᠨ ᠳᠠᠬᠢ ︽ᠭᠤᠷᠪᠠᠨ ᠬᠦᠴᠢᠷ︾ ᠠᠰᠠᠭᠤᠳᠠᠯ ᠨᠢ | ᠣᠯᠠᠨ ᠲᠦᠮᠡᠨ ᠤ ᠲᠣᠰ ᠪᠡᠶ᠎ᠡ ᠶᠢᠨ ᠠᠰᠢᠭ ᠲᠤᠰᠠ ᠲᠠᠢ ᠬᠤᠯᠪᠣᠭᠳᠠᠵᠤ ᠪᠠᠶᠢᠳᠠᠭ᠂ ᠡᠯ᠎ᠡ ᠱᠠᠲᠤ ᠡᠯ᠎ᠡ ᠰᠠᠯᠠᠭ᠎ᠠ | ᠮᠥᠴᠢᠷ ᠤᠨ ᠬᠢᠨ ᠪᠠᠶᠢᠳᠠᠯ ᠢ ᠲᠣᠳᠣᠷᠬᠠᠶ ᠲᠠᠨᠢᠵᠤ᠂ ᠤᠯᠤᠰ ᠲᠥᠷᠥ ᠶᠢᠨ ᠵᠣᠭᠰᠣᠴᠠ ᠪᠠᠨ ᠤᠯᠠᠮ ᠨᠢᠭᠡ ᠠᠯᠬᠤᠮ | ᠳᠡᠭᠡᠭᠰᠢᠯᠡᠭᠦᠯᠵᠦ᠂ ᠬᠠᠷᠢᠭᠤᠴᠠᠯᠭ᠎ᠠ ᠪᠠᠨ ᠦᠨᠡᠨ ᠬᠦ ᠪᠠᠲᠤ ᠡᠭᠦᠷᠭᠡᠯᠡᠵᠦ᠂ ᠢᠳᠡᠪᠬᠢᠲᠡᠶ ᠪᠠᠷ ᠬᠠᠷᠢᠭᠤᠴᠠᠯᠭ᠎ᠠ | ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠵᠤ᠂ ᠨᠠᠩ ᠪᠣᠳᠠᠲᠠᠶ ᠶᠢ ᠡᠷᠬᠢᠮᠯᠡᠬᠦ ᠰᠤᠷᠲᠠᠯ᠂ ᠨᠠᠩ ᠯᠠᠪᠳᠠᠭᠤᠨ ᠪᠠᠲᠤᠲᠠᠶ | ᠠᠷᠭ᠎ᠠ ᠬᠡᠮᠵᠢᠶ᠎ᠡ ᠪᠠᠷ ᠠᠰᠠᠭᠤᠳᠠᠯ ᠢ ᠰᠢᠢᠳᠪᠦᠷᠢᠯᠡᠬᠦ ᠶᠢ ᠠᠬᠢᠭᠤᠯᠬᠤ ᠬᠡᠷᠡᠭᠲᠡᠶ᠃ ︽ᠲᠠᠶᠢᠯᠪᠤᠷᠢᠯᠠᠬᠤ ᠰᠡᠳᠬᠢᠬᠦᠶ︾ | ᠶᠢ ᠪᠠᠷᠢᠮᠲᠠᠯᠠᠵᠤ᠂ ᠠᠵᠢᠯ ᠤᠨ ᠴᠢᠭᠯᠡᠯ ᠢᠶᠠᠨ ᠲᠣᠳᠣᠷᠬᠠᠶᠢᠯᠠᠵᠤ᠂ ᠤᠯᠠᠨ ᠲᠦᠮᠡᠨ ᠤ ︽ᠪᠤᠴᠠᠵᠤ ᠨᠡᠭᠦᠬᠦ ᠳᠤ | ᠬᠦᠴᠢᠷ︾᠂ ︽ᠣᠷᠣᠵᠤ ᠰᠠᠭᠤᠬᠤ ᠳᠤ ᠬᠦᠴᠢᠷ︾ ᠵᠡᠷᠭᠡ ᠠᠰᠠᠭᠤᠳᠠᠯ ᠢ ᠰᠢᠢᠳᠪᠦᠷᠢᠯᠡᠬᠦ ᠶᠢ ᠠᠵᠢᠯ ᠢᠶᠠᠨ | ᠥᠷᠨᠢᠭᠦᠯᠬᠦ ᠶᠢᠨ ᠵᠣᠷᠢᠯᠲᠠ ᠪᠠ ᠲᠤᠰᠤᠯᠲᠠ ᠪᠣᠯᠭᠠᠵᠤ᠂ ᠬᠦᠴᠦᠨ ᠢᠶᠠᠨ ᠲᠥᠪᠯᠡᠷᠡᠭᠦᠯᠦᠨ᠂ ᠤᠨᠢᠨ ᠳᠡᠭᠡᠷ᠎ᠡ ᠨᠢ | ᠲᠦᠷᠦ ᠶᠢᠨ ᠪᠤᠳᠤᠯᠭ᠎ᠠ ᠶᠢ ᠬᠡᠷᠡᠭᠵᠢᠭᠦᠯᠵᠦ᠂ ᠪᠦᠬᠦ ᠬᠦᠴᠦᠨ ᠢᠶᠠᠷ ᠢᠶᠠᠨ ᠪᠣᠭᠤᠮᠲᠠ ᠰᠢᠪᠲᠤᠯᠵᠤ᠂ ᠤᠯᠠᠨ | ᠲᠦᠮᠡᠨ ᠢ ᠡᠷᠲᠡᠬᠡᠨ ᠰᠠᠭᠤᠬᠤ ᠠᠴᠠ ᠣᠷᠣᠨ ᠰᠠᠭᠤᠴᠠ ᠲᠠᠢ ᠪᠣᠯᠭᠠᠬᠤ ᠶᠢ ᠪᠡᠶᠡᠯᠡᠭᠦᠯᠬᠦ ᠬᠡᠷᠡᠭᠲᠡᠢ᠃ ᠬᠡᠷ ᠪᠠᠶᠢᠰᠢᠩ | ᠭᠠᠵᠠᠷ ᠬᠥᠷᠥᠩᠭᠡ ᠶᠢᠨ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠵᠢᠷᠤᠮᠵᠢᠭᠤᠯᠵᠤ᠂ ᠠᠵᠢᠯ ᠤᠨ ᠬᠠᠷᠢᠭᠤᠴᠠᠯᠭ᠎ᠠ ᠶᠢ | ᠪᠣᠳᠠᠲᠠᠶᠢᠵᠢᠭᠤᠯᠤᠨ᠂ ᠠᠵᠢᠯ ᠤᠨ ᠬᠠᠮᠲᠤᠷᠠᠯ ᠬᠦᠴᠦᠨ ᠢ ᠪᠦᠷᠢᠯᠳᠦᠭᠦᠯᠵᠦ᠂ ᠠᠰᠠᠭᠤᠳᠠᠯ ᠢ ᠦᠨᠡᠨ ᠬᠦ ᠪᠣᠳᠠᠲᠠᠶ | ᠰᠢᠢᠳᠪᠦᠷᠢᠯᠡᠨ᠂ ᠣᠯᠠᠨ ᠲᠦᠮᠡᠨ ᠤ ︽ᠪᠠᠴᠢᠮ ᠪᠡᠷᠬᠡ ᠵᠣᠪᠠᠨᠢᠯ︾ ᠢ ᠦᠨᠡᠨ ᠬᠦ ᠪᠣᠳᠠᠲᠠᠶ ᠰᠢᠢᠳᠪᠦᠷᠢᠯᠡᠵᠦ᠂ ᠣᠯᠠᠨ | ᠲᠦᠮᠡᠨ ᠤ ᠬᠦᠷᠲᠡᠮᠵᠢ ᠶᠢᠨ ᠲᠥᠷᠥᠭᠳᠡᠯ ᠪᠠ ᠬᠠᠨᠤᠮᠵᠢ ᠶᠢᠨ ᠬᠡᠮᠵᠢᠶ᠎ᠡ ᠶᠢ ᠲᠠᠰᠤᠷᠠᠯᠲᠠ ᠥᠬᠡᠶ ᠳᠡᠭᠡᠭᠰᠢᠯᠡᠭᠦᠯᠬᠦ | ᠬᠡᠷᠡᠭᠲᠡᠶ ᠭᠡᠵᠦ ᠴᠢᠬᠤᠯᠠᠴᠢᠯᠠᠪᠠ᠃ | ᠤᠷᠴᠢᠭᠤᠯᠤᠭᠴᠢ᠄ ᠲᠤᠶᠠᠭ᠎ᠠ | | |