| ᠤᠢᠢᠷ᠎ᠠ ᠳᠤ ᠂ ᠬᠤᠳᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠢᠨᠢᠩ ᠲᠣᠭᠤᠷᠢᠭ ᠤᠨ | ᠨᠠᠮ ᠤᠨ ᠬᠤᠷᠢᠶᠠᠨ ᠤ ᠱᠦᠵᠢ ᠵᠠᠩ ᠶᠦᠩ ᠸᠧᠨ ᠲᠤᠰᠬᠠᠢ ᠰᠡᠳᠦᠪᠲᠦ ᠬᠤᠷᠠᠯ ᠢ ᠡᠷᠬᠢᠯᠡᠨ ᠬᠤᠷᠠᠯᠳᠤᠭᠤᠯᠵᠤ᠂ | ᠮᠠᠨ ᠤ ᠲᠣᠭᠤᠷᠢᠭ ᠤᠨ ᠭᠡᠷ ᠪᠠᠶᠢᠰᠢᠩ ᠭᠠᠵᠠᠷ ᠬᠦᠷᠦᠩᠭᠡ ᠶᠢᠨ ᠬᠦᠷᠢᠶᠡᠨ ᠳᠠᠬᠢ ︽ᠭᠤᠷᠪᠠᠨ ᠬᠦᠴᠢᠷ︾ | ᠠᠰᠠᠭᠤᠳᠠᠯ ᠢ ᠰᠤᠳᠤᠯᠤᠨ ᠰᠢᠢᠳᠪᠦᠷᠢᠯᠡᠪᠡ᠃ | ᠬᠤᠷᠠᠯ ᠠᠴᠠ ᠮᠠᠨ ᠤ ᠲᠤᠭᠤᠷᠢᠭ ᠤᠨ ᠬᠡᠷ ᠪᠠᠶᠢᠰᠢᠩ ᠭᠠᠵᠠᠷ ᠬᠥᠷᠥᠩᠭᠡ ᠶᠢᠨ ᠬᠦᠷᠢᠶᠡᠨ ᠳᠠᠬᠢ ︽ᠭᠤᠷᠪᠠᠨ | ᠬᠦᠴᠢᠷ︾ ᠠᠰᠠᠭᠤᠳᠠᠯ ᠢ ᠰᠢᠢᠳᠪᠦᠷᠢᠯᠡᠬᠦ ᠶᠢ ᠠᠬᠢᠭᠤᠯᠤᠭᠰᠠᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ | ᠂ ᠬᠠᠮᠢᠶ᠎ᠠ ᠪᠥᠬᠦᠶ ᠠᠵᠢᠯ ᠢ ᠳᠣᠭᠢᠷᠠᠭᠤᠯᠤᠨ ᠪᠠᠶᠢᠷᠢᠯᠠᠭᠤᠯᠪᠠ᠃ | ᠬᠤᠷᠠᠯ ᠠᠴᠠ᠂ ᠬᠡᠷ ᠪᠠᠶᠢᠰᠢᠩ ᠭᠠᠵᠠᠷ ᠬᠥᠷᠥᠩᠭᠡ ᠶᠢᠨ ᠬᠦᠷᠢᠶᠡᠨ ᠳᠠᠬᠢ ︽ᠭᠤᠷᠪᠠᠨ ᠬᠦᠴᠢᠷ︾ | ᠠᠰᠠᠭᠤᠳᠠᠯ ᠨᠢ ᠣᠯᠠᠨ ᠲᠦᠮᠡᠨ ᠤ ᠲᠣᠰ ᠪᠡᠶ᠎ᠡ ᠶᠢᠨ ᠠᠰᠢᠭ ᠲᠤᠰᠠ ᠲᠠᠢ ᠬᠤᠯᠪᠣᠭᠳᠠᠵᠤ ᠪᠠᠶᠢᠳᠠᠭ᠂ ᠡᠯ᠎ᠡ ᠱᠠᠲᠤ | ᠡᠯ᠎ᠡ ᠰᠠᠯᠠᠭ᠎ᠠ ᠮᠥᠴᠢᠷ ᠤᠨ ᠬᠢᠨ ᠪᠠᠶᠢᠳᠠᠯ ᠢ ᠲᠣᠳᠣᠷᠬᠠᠶ ᠲᠠᠨᠢᠵᠤ᠂ ᠤᠯᠤᠰ ᠲᠥᠷᠥ ᠶᠢᠨ ᠵᠣᠭᠰᠣᠴᠠ ᠪᠠᠨ ᠤᠯᠠᠮ | ᠨᠢᠭᠡ ᠠᠯᠬᠤᠮ ᠳᠡᠭᠡᠭᠰᠢᠯᠡᠭᠦᠯᠵᠦ᠂ ᠬᠠᠷᠢᠭᠤᠴᠠᠯᠭ᠎ᠠ ᠪᠠᠨ ᠦᠨᠡᠨ ᠬᠦ ᠪᠠᠲᠤ ᠡᠭᠦᠷᠭᠡᠯᠡᠵᠦ᠂ ᠢᠳᠡᠪᠬᠢᠲᠡᠶ ᠪᠠᠷ | ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠵᠤ᠂ ᠨᠠᠩ ᠪᠣᠳᠠᠲᠠᠶ ᠶᠢ ᠡᠷᠬᠢᠮᠯᠡᠬᠦ ᠰᠤᠷᠲᠠᠯ᠂ ᠨᠠᠩ | ᠯᠠᠪᠳᠠᠭᠤᠨ ᠪᠠᠲᠤᠲᠠᠶ ᠠᠷᠭ᠎ᠠ ᠬᠡᠮᠵᠢᠶ᠎ᠡ ᠪᠠᠷ ᠠᠰᠠᠭᠤᠳᠠᠯ ᠢ ᠰᠢᠢᠳᠪᠦᠷᠢᠯᠡᠬᠦ ᠶᠢ ᠠᠬᠢᠭᠤᠯᠬᠤ ᠬᠡᠷᠡᠭᠲᠡᠶ᠃ ︽ | ᠲᠠᠶᠢᠯᠪᠤᠷᠢᠯᠠᠬᠤ ᠰᠡᠳᠬᠢᠬᠦᠶ︾ ᠶᠢ ᠪᠠᠷᠢᠮᠲᠠᠯᠠᠵᠤ᠂ ᠠᠵᠢᠯ ᠤᠨ ᠴᠢᠭᠯᠡᠯ ᠢᠶᠠᠨ ᠲᠣᠳᠣᠷᠬᠠᠶᠢᠯᠠᠵᠤ᠂ ᠤᠯᠠᠨ ᠲᠦᠮᠡᠨ ᠤ | ︽ᠪᠤᠴᠠᠵᠤ ᠨᠡᠭᠦᠬᠦ ᠳᠤ ᠬᠦᠴᠢᠷ︾᠂ ︽ᠣᠷᠣᠵᠤ ᠰᠠᠭᠤᠬᠤ ᠳᠤ ᠬᠦᠴᠢᠷ︾ ᠵᠡᠷᠭᠡ ᠠᠰᠠᠭᠤᠳᠠᠯ ᠢ | ᠰᠢᠢᠳᠪᠦᠷᠢᠯᠡᠬᠦ ᠶᠢ ᠠᠵᠢᠯ ᠢᠶᠠᠨ ᠥᠷᠨᠢᠭᠦᠯᠬᠦ ᠶᠢᠨ ᠵᠣᠷᠢᠯᠲᠠ ᠪᠠ ᠲᠤᠰᠤᠯᠲᠠ ᠪᠣᠯᠭᠠᠵᠤ᠂ ᠬᠦᠴᠦᠨ ᠢᠶᠠᠨ | ᠲᠥᠪᠯᠡᠷᠡᠭᠦᠯᠦᠨ᠂ ᠤᠨᠢᠨ ᠳᠡᠭᠡᠷ᠎ᠡ ᠨᠢ ᠲᠦᠷᠦ ᠶᠢᠨ ᠪᠤᠳᠤᠯᠭ᠎ᠠ ᠶᠢ ᠬᠡᠷᠡᠭᠵᠢᠭᠦᠯᠵᠦ᠂ ᠪᠦᠬᠦ ᠬᠦᠴᠦᠨ ᠢᠶᠠᠷ ᠢᠶᠠᠨ | ᠪᠣᠭᠤᠮᠲᠠ ᠰᠢᠪᠲᠤᠯᠵᠤ᠂ ᠤᠯᠠᠨ ᠲᠦᠮᠡᠨ ᠢ ᠡᠷᠲᠡᠬᠡᠨ ᠰᠠᠭᠤᠬᠤ ᠠᠴᠠ ᠣᠷᠣᠨ ᠰᠠᠭᠤᠴᠠ ᠲᠠᠢ ᠪᠣᠯᠭᠠᠬᠤ ᠶᠢ | ᠪᠡᠶᠡᠯᠡᠭᠦᠯᠬᠦ ᠬᠡᠷᠡᠭᠲᠡᠢ᠃ ᠬᠡᠷ ᠪᠠᠶᠢᠰᠢᠩ ᠭᠠᠵᠠᠷ ᠬᠥᠷᠥᠩᠭᠡ ᠶᠢᠨ ᠵᠠᠬ᠎ᠠ ᠳᠡᠯᠭᠡᠭᠦᠷ ᠤᠨ ᠡᠮᠬᠢ ᠳᠢᠭᠯᠢᠮ ᠢ | ᠵᠢᠷᠤᠮᠵᠢᠭᠤᠯᠵᠤ᠂ ᠠᠵᠢᠯ ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ᠂ ᠠᠵᠢᠯ ᠤᠨ ᠬᠠᠮᠲᠤᠷᠠᠯ ᠬᠦᠴᠦᠨ ᠢ | ᠪᠦᠷᠢᠯᠳᠦᠭᠦᠯᠵᠦ᠂ ᠠᠰᠠᠭᠤᠳᠠᠯ ᠢ ᠦᠨᠡᠨ ᠬᠦ ᠪᠣᠳᠠᠲᠠᠶ ᠰᠢᠢᠳᠪᠦᠷᠢᠯᠡᠨ᠂ ᠣᠯᠠᠨ ᠲᠦᠮᠡᠨ ᠤ ︽ᠪᠠᠴᠢᠮ ᠪᠡᠷᠬᠡ | ᠵᠣᠪᠠᠨᠢᠯ︾ ᠢ ᠦᠨᠡᠨ ᠬᠦ ᠪᠣᠳᠠᠲᠠᠶ ᠰᠢᠢᠳᠪᠦᠷᠢᠯᠡᠵᠦ᠂ ᠣᠯᠠᠨ ᠲᠦᠮᠡᠨ ᠤ ᠬᠦᠷᠲᠡᠮᠵᠢ ᠶᠢᠨ ᠲᠥᠷᠥᠭᠳᠡᠯ ᠪᠠ | ᠬᠠᠨᠤᠮᠵᠢ ᠶᠢᠨ ᠬᠡᠮᠵᠢᠶ᠎ᠡ ᠶᠢ ᠲᠠᠰᠤᠷᠠᠯᠲᠠ ᠥᠬᠡᠶ ᠳᠡᠭᠡᠭᠰᠢᠯᠡᠭᠦᠯᠬᠦ ᠬᠡᠷᠡᠭᠲᠡᠶ ᠭᠡᠵᠦ ᠴᠢᠬᠤᠯᠠᠴᠢᠯᠠᠪᠠ᠃ | ᠤᠷᠴᠢᠭᠤᠯᠤᠭᠴᠢ᠄ ᠲᠤᠶᠠᠭ᠎ᠠ | | |