4 ᠰᠠᠷ᠎ᠠ ᠶᠢᠨ 21 ᠤ ᠡᠳᠦᠷ᠂ ᠲᠤᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠬᠤᠷᠠᠯ | ᠬᠤᠷᠠᠯᠳᠤᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ ᠴᠢᠬᠤᠯᠠ ᠶᠠᠷᠢᠶ᠎ᠠ᠂ | ᠴᠢᠬᠤᠯᠠ ᠵᠣᠬᠢᠶᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠵᠤ᠂ ᠲᠣᠭᠤᠷᠢᠨ ᠪᠠᠶᠢᠴᠠᠭᠠᠵᠤ ᠴᠡᠭᠴᠡᠯᠡᠨ | ᠰᠠᠶᠢᠵᠢᠷᠠᠭᠤᠯᠬᠤ᠂ ᠠᠵᠤ ᠠᠬᠤᠶ ᠶᠢᠨ ᠠᠵᠢᠯᠯᠠᠭᠠᠨ ᠵᠡᠷᠭᠡ ᠠᠵᠢᠯ ᠢ ᠰᠤᠳᠤᠯᠤᠨ ᠪᠠᠶᠢᠷᠢᠯᠠᠭᠤᠯᠪᠠ᠃ | ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠢᠨᠢᠩ ᠲᠣᠭᠤᠷᠢᠭ ᠤᠨ ᠨᠠᠮ ᠤᠨ ᠬᠤᠷᠢᠶᠠᠨ ᠤ | ᠱᠦᠵᠢ ᠵᠠᠩ ᠶᠦᠩ ᠸᠧᠨ ᠬᠤᠷᠠᠯ ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠶ᠃ | ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠳᠤᠷᠠᠳᠤᠭᠰᠠᠨ ︽ᠨᠣᠭᠤᠭᠠᠷᠠᠭᠤᠯᠤᠯᠲᠠ ᠶᠢ ᠨᠡᠮᠡᠭᠳᠡᠭᠦᠯᠬᠦ | ᠪᠣᠯ ᠳᠠᠷᠤᠢ ᠳᠠᠪᠠᠭᠤᠯᠢᠭ ᠢ ᠨᠡᠮᠡᠭᠳᠡᠭᠦᠯᠬᠦ᠂ ᠮᠣᠳᠣ ᠲᠠᠷᠢᠬᠤ ᠪᠣᠯ ᠳᠠᠷᠤᠢ ᠢᠷᠡᠭᠡᠳᠦᠢ ᠶᠢ ᠲᠠᠷᠢᠵᠤ ᠪᠠᠶᠢᠭ᠎ᠠ ᠶᠠᠪᠤᠳᠠᠯ | ᠮᠥᠨ︾ ᠭᠡᠬᠦ ᠣᠶᠢᠯᠠᠭᠠᠭᠳᠠᠬᠤᠨ ᠢ ᠪᠠᠲᠤ ᠴᠡᠭᠡᠵᠢᠯᠡᠵᠦ᠂ ᠨᠣᠭᠤᠭᠠᠷᠠᠭᠤᠯᠤᠯᠲᠠ ᠶᠢ ᠥᠷᠭᠡᠳᠬᠡᠬᠦ᠂ | ᠨᠣᠭᠤᠭᠠᠷᠠᠭᠤᠯᠤᠯᠲᠠ ᠶᠢ ᠬᠥᠭᠵᠢᠭᠦᠯᠬᠦ᠂ ᠨᠣᠭᠤᠭᠠᠷᠠᠭᠤᠯᠤᠯᠲᠠ ᠶᠢ ᠬᠠᠮᠠᠭᠠᠯᠠᠬᠤ ︽ᠭᠤᠷᠪᠠᠨ ᠨᠣᠭᠤᠭᠠᠷᠠᠭᠤᠯᠤᠯᠲᠠ︾ | ᠶᠢ ᠵᠡᠷᠭᠡᠪᠡᠷ ᠠᠳᠬᠤᠬᠤ ᠶᠢ ᠪᠠᠷᠢᠮᠲᠠᠯᠠᠵᠤ᠂ ︽ᠭᠤᠷᠪᠠᠨ ᠠᠭᠤᠯᠠ ᠬᠤᠶᠠᠷ ᠭᠤᠣᠯ︾ ᠵᠡᠷᠭᠡ ᠭᠤᠣᠯᠳᠠᠯᠭ᠎ᠠ ᠲᠠᠢ | ᠣᠷᠣᠨ ᠪᠦᠰᠡ ᠶᠢᠨ ᠤᠢ ᠰᠢᠭᠤᠢ ᠡᠪᠡᠰᠦ ᠪᠡᠯᠴᠢᠭᠡᠷ ᠤᠨ ᠡᠬᠢ ᠪᠠᠶᠠᠯᠢᠭ ᠤᠨ ᠬᠠᠮᠢᠶᠠᠷᠤᠯᠲᠠ ᠬᠠᠮᠠᠭᠠᠯᠠᠯᠲᠠ ᠶᠢ | ᠴᠢᠩᠭᠠᠳᠬᠠᠵᠤ᠂ ᠪᠡᠯᠴᠢᠭᠡᠷᠯᠡᠭᠦᠯᠬᠦ ᠶᠢ ᠴᠠᠭᠠᠵᠠᠯᠠᠵᠤ ᠪᠡᠯᠴᠢᠭᠡᠷ ᠰᠡᠷᠭᠦᠭᠡᠬᠦ ᠲᠦᠷᠦ ᠶᠢᠨ ᠪᠤᠳᠤᠯᠭ᠎ᠠ ᠶᠢ ᠴᠢᠩᠭ᠎ᠠ | ᠨᠠᠶᠢᠳᠠᠪᠤᠷᠢᠵᠢᠭᠤᠯᠵᠤ᠂ ᠪᠣᠳᠠᠲᠤ ᠠᠵᠢᠯᠯᠠᠭ᠎ᠠ ᠪᠠᠷ ᠢᠶᠠᠨ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ | ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠬᠢᠵᠢᠭᠦᠯᠬᠦ ᠬᠡᠷᠡᠭᠲᠡᠢ᠃ ᠶᠡᠷᠦᠩᠬᠡᠢ ᠱᠦᠵᠢ ᠰᠢ ᠶᠢᠨ ᠫᠢᠩ ᠤᠨ | ᠨᠡᠶᠢᠲᠡᠯᠡᠭᠰᠡᠨ ᠨᠡᠷ᠎ᠡ ᠪᠢᠴᠢᠭᠰᠡᠨ ᠵᠣᠬᠢᠶᠠᠯ ᠪᠣᠯᠤᠨ ᠪᠢᠴᠢᠭ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ | ᠰᠤᠷᠤᠯᠴᠠᠨ ᠲᠤᠤᠱᠯᠠᠭᠤᠯᠵᠤ᠂ ᠣᠷᠣᠨ ᠪᠦᠰᠡ ᠶᠢᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠬᠦ ᠠᠵᠢᠯᠯᠠᠭ᠎ᠠ ᠶᠢ ᠪᠦᠬᠦ | ᠲᠠᠯ᠎ᠠ ᠪᠠᠷ ᠨᠠᠶᠢᠳᠠᠪᠤᠷᠢᠵᠢᠭᠤᠯᠵᠤ᠂ ᠨᠡᠩ ᠤᠯᠠᠨ ᠪᠡᠯᠡ ᠮᠥᠩᠭᠦ᠂ ᠮᠡᠷᠭᠡᠵᠢᠯ᠂ ᠬᠥᠮᠦᠨ ᠠᠮᠠ ᠵᠡᠷᠭᠡ ᠡᠬᠢ | ᠪᠠᠶᠠᠯᠢᠭ ᠤᠨ ᠡᠯᠧᠮᠧᠨ᠋ᠲ ᠢ ᠲᠠᠲᠠᠵᠤ᠂ ᠣᠷᠣᠨ ᠪᠦᠰᠡ ᠶᠢᠨ ᠬᠤᠯᠪᠣᠭᠠᠯᠠᠨ ᠬᠥᠳᠡᠯᠦᠯᠴᠡᠬᠦ᠂ ᠬᠠᠷᠢᠯᠴᠠᠨ ᠠᠰᠢᠭᠲᠠᠢ | ᠬᠠᠮᠲᠤᠪᠠᠷ ᠠᠰᠢᠭ ᠬᠦᠷᠳᠡᠬᠦ ᠶᠢ ᠪᠡᠶᠡᠯᠡᠭᠦᠯᠬᠦ ᠬᠡᠷᠡᠭᠲᠡᠢ ᠭᠡᠪᠡ᠃ | ᠬᠤᠷᠠᠯ ᠠᠴᠠ ᠮᠠᠨ ᠤ ᠲᠤᠭᠤᠷᠢᠭ ᠤᠨ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠤᠨ | ᠬᠠᠷᠢᠭᠤ ᠮᠡᠳᠡᠭᠦᠯᠦᠯᠲᠡ ᠶᠢ ᠰᠣᠨᠣᠰᠴᠤ᠂ ᠳᠡᠭᠡᠳᠦ ᠱᠠᠲᠤᠨ ᠤ ᠲᠣᠭᠤᠷᠢᠨ ᠪᠠᠶᠢᠴᠠᠭᠠᠬᠤ ᠠᠵᠢᠯ ᠤᠨ ᠬᠤᠷᠠᠯ ᠤᠨ | ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠲᠤᠭᠤᠰᠢᠯᠠᠭᠤᠯᠵᠤ᠂ ᠲᠥᠪ ᠤᠨ ᠨᠠᠢᠮᠠᠨ ᠲᠣᠭᠲᠠᠭᠠᠯ ᠤᠨ ᠵᠣᠷᠢᠭ | ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠪᠣᠯᠤᠨ ᠤᠯᠠᠨ ᠲᠦᠮᠡᠨ ᠤ ᠳᠡᠷᠭᠡᠳᠡᠬᠢ ᠲᠥᠪ | ᠪᠤᠰᠤ ᠰᠤᠷᠲᠠᠯ ᠪᠣᠯᠤᠨ ᠢᠯᠵᠠᠷᠠᠯ ᠤᠨ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠲᠠᠢ ᠤᠶᠠᠯᠳᠤᠭᠤᠯᠵᠤ᠂ | ᠲᠣᠭᠤᠷᠢᠨ ᠪᠠᠶᠢᠴᠠᠭᠠᠬᠤ ᠪᠠᠷ ᠴᠡᠭᠴᠡᠯᠡᠨ ᠰᠠᠶᠢᠵᠢᠷᠠᠭᠤᠯᠬᠤ ᠶᠢ ᠠᠬᠢᠭᠤᠯᠬᠤ᠂ ᠲᠣᠭᠤᠷᠢᠨ ᠪᠠᠶᠢᠴᠠᠭᠠᠬᠤ ᠪᠠᠷ | ᠪᠦᠳᠦᠭᠡᠨ ᠪᠠᠶᠢᠭᠤᠯᠬᠤ ᠶᠢ ᠠᠬᠢᠭᠤᠯᠬᠤ᠂ ᠲᠣᠭᠤᠷᠢᠨ ᠪᠠᠶᠢᠴᠠᠭᠠᠬᠤ ᠪᠠᠷ ᠵᠠᠰᠠᠬᠤ ᠶᠢ ᠠᠬᠢᠭᠤᠯᠬᠤ ᠶᠢ ᠲᠠᠰᠤᠷᠠᠯᠳᠠ | ᠦᠭᠡᠢ ᠭᠦᠨᠵᠡᠭᠡᠶᠢᠷᠡᠭᠦᠯᠵᠦ᠂ ᠮᠠᠨ ᠤ ᠲᠤᠭᠤᠷᠢᠭ ᠤᠨ ᠤᠯᠤᠰ ᠲᠦᠷᠦ ᠶᠢᠨ ᠠᠮᠢ ᠠᠬᠤᠢ ᠶᠢ ᠤᠯᠠᠮ ᠴᠢᠨᠠᠭᠰᠢᠳᠠ | ᠰᠢᠯᠢᠳᠡᠭᠵᠢᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ ᠮᠠᠨ ᠤ ᠲᠤᠭᠤᠷᠢᠭ ᠤᠨ 2025 ᠣᠨ ᠤ ᠨᠢᠭᠡᠳᠦᠭᠡᠷ ᠤᠯᠠᠷᠢᠯ ᠤᠨ ᠠᠵᠤ ᠠᠬᠤᠶ ᠶᠢᠨ | ᠪᠠᠶᠢᠳᠠᠯ ᠤᠨ ᠵᠠᠳᠠᠯᠤᠯᠲᠠ ᠶᠢᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ︽ᠬᠦᠯᠢᠶᠡᠵᠦ ᠳᠡᠶᠢᠯᠬᠦ | ᠥᠬᠡᠶ᠂ ᠤᠳᠠᠭᠠᠰᠢᠷᠠᠭᠤᠯᠵᠤ ᠪᠣᠯᠬᠤ ᠥᠬᠡᠶ︾ ᠲᠤᠯᠭᠠᠮ᠎ᠠ ᠰᠡᠳᠬᠢᠯᠭᠡ ᠪᠠ ᠬᠠᠷᠢᠭᠤᠴᠠᠯᠭᠠᠲᠤ ᠰᠡᠳᠬᠢᠯᠭᠡ ᠪᠠᠷ | ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠶᠡᠬᠡᠪᠡᠷ ᠠᠳᠬᠤᠵᠤ᠂ ᠪᠠᠷᠢᠯᠭ᠎ᠠ ᠶᠢᠨ ᠠᠵᠢᠯ ᠤᠨ ︽ᠰᠢᠵᠢᠷ | ᠠᠯᠲᠠᠨ ᠬᠤᠭᠤᠴᠠᠭ᠎ᠠ︾ ᠶᠢ ᠠᠮᠵᠢᠨ ᠠᠳᠬᠤᠵᠤ᠂ ᠪᠥᠬᠦ ᠵᠢᠯ ᠤᠨ ᠬᠠᠷᠠᠯᠲᠠ ᠡᠭᠦᠷᠭᠡ ᠶᠢ ᠪᠡᠶᠡᠯᠡᠭᠦᠯᠬᠦ ᠳᠤ ᠪᠠᠲᠤ | ᠪᠠᠬᠢ ᠰᠠᠭᠤᠷᠢ ᠲᠠᠯᠪᠢᠬᠤ ᠬᠡᠷᠡᠭᠲᠡᠶ ᠭᠡᠵᠦ ᠴᠢᠬᠤᠯᠠᠴᠢᠯᠠᠪᠠ᠃ | ᠬᠤᠷᠠᠯ ᠠᠴᠠ᠂ ᠶᠡᠷᠦᠩᠬᠡᠶ ᠱᠦᠵᠢ ᠰᠢ ᠶᠢᠨ ᠫᠢᠩ ᠤᠨ ᠲᠥᠪ ᠤᠨ ᠡᠷᠬᠢᠨ ᠲᠣᠭᠤᠷᠢᠨ ᠤ ᠠᠵᠢᠯ ᠤᠨ ᠬᠤᠷᠠᠯ | ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠨᠠᠷᠢᠨ ᠬᠢᠨᠠᠮᠠᠭᠠᠶ ᠰᠤᠷᠤᠯᠴᠠᠵᠤ᠂ ᠬᠠᠮᠤᠭ ᠤᠨ ᠰᠢᠨ᠎ᠡ | ᠪᠠᠶᠢᠷᠢᠯᠠᠭᠤᠯᠤᠯᠲᠠ ᠱᠠᠭᠠᠷᠳᠠᠯᠭ᠎ᠠ ᠶᠣᠰᠣᠭᠠᠷ ᠭᠠᠳᠠᠭᠠᠳᠤ ᠶᠠᠪᠤᠳᠠᠯ ᠤᠨ ᠠᠵᠢᠯ ᠢ ᠠᠬᠢᠭᠤᠯᠵᠤ᠂ ᠮᠠᠨ ᠤ | ᠲᠤᠭᠤᠷᠢᠭ ᠤᠨ ᠭᠠᠳᠠᠭᠠᠳᠤ ᠶᠠᠪᠤᠳᠠᠯ ᠤᠨ ᠠᠵᠢᠯ ᠤᠨ ᠢᠮᠠᠭᠲᠠ ᠵᠥᠪ ᠴᠢᠭᠯᠡᠯ ᠢᠶᠠᠷ ᠤᠷᠤᠭᠰᠢᠯᠠᠬᠤ ᠶᠢ ᠪᠠᠲᠤᠯᠠᠬᠤ | ᠬᠡᠷᠡᠭᠲᠡᠶ ᠭᠡᠪᠡ᠃ | | ᠣᠷᠴᠢᠭᠤᠯᠤᠭᠴᠢ᠄ ᠳ᠋ᠥᠩ ᠾᠦᠢ |