ᠬᠠᠪᠤᠷ ᠤᠨ ᠲᠠᠷᠢᠶᠠᠯᠠᠭ᠎ᠠ ᠶᠢᠨ ︽ᠰᠠᠨᠠᠭᠠᠴᠢᠯᠠᠭᠠᠲᠤ ᠳᠠᠶᠢᠯᠠᠯᠳᠤᠭᠠᠨ︾ ᠢ ᠰᠠᠶᠢᠲᠤᠷ ᠬᠢᠵᠦ ᠲᠠᠷᠢᠶᠠᠯᠠᠩ ᠤᠨ ︽ᠰᠠᠶᠢᠨ ᠡᠬᠢᠯᠡᠯᠲᠡ︾ ᠶᠢ ᠠᠬᠢᠭᠤᠯᠤᠨ᠎ᠠ
ᠨᠡᠶᠢᠲᠡᠯᠡᠭᠰᠡᠨ ᠴᠠᠭ᠄
2025/4/28
    ᠰᠣᠷᠪᠣᠯᠵᠢᠯᠠᠭᠰᠠᠨ ᠴᠠᠭ᠄ 2025-04 - 14 09᠄ 51    ᠰᠣᠷᠪᠣᠯᠵᠢᠯᠠᠭᠰᠠᠨ ᠵᠣᠴᠢᠨ᠄ ᠵᠢᠨᠢᠩ ᠲᠣᠭᠤᠷᠢᠭ ᠤᠨ ᠲᠠᠷᠢᠶᠠᠯᠠᠩ ᠮᠠᠯ ᠠᠵᠤ ᠠᠬᠤᠶ ᠤᠰᠤᠨ ᠠᠰᠢᠭᠯᠠᠯᠲᠠ ᠶᠢᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠰᠢᠶᠠᠩ ᠢᠦᠶ    ᠲᠣᠪᠴᠢᠯᠠᠯ᠄ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ ᠪᠣᠯ ᠪᠥᠬᠦ ᠵᠢᠯ ᠤᠨ ᠲᠠᠷᠢᠶᠠᠯᠠᠩ ᠤᠨ ᠦᠢᠯᠡᠳᠪᠦᠷᠢᠯᠡᠯ ᠤᠨ ᠵᠠᠩᠭᠢᠯᠠᠭ᠎ᠠ ᠶᠢᠨ ᠭᠤᠭᠴᠤᠭ᠎ᠠ ᠮᠥᠨ᠂ ᠠᠮᠤ ᠪᠤᠳᠠᠭᠠᠨ ᠤ ᠠᠮᠤᠷ ᠲᠦᠪᠰᠢᠨ ᠪᠠ ᠲᠠᠷᠢᠶᠠᠴᠢᠳ ᠤᠨ ᠣᠷᠣᠯᠭ᠎ᠠ ᠶᠢᠨ ᠨᠡᠮᠡᠭᠳᠡᠯ ᠲᠠᠢ ᠰᠢᠭᠤᠳ ᠬᠤᠯᠪᠣᠭᠳᠠᠵᠤ ᠪᠠᠶᠢᠳᠠᠭ᠃ ᠵᠢᠨᠢᠩ ᠲᠣᠭᠤᠷᠢᠭ ᠤᠨ ᠲᠠᠷᠢᠶᠠᠯᠠᠩ ᠮᠠᠯ ᠠᠵᠤ ᠠᠬᠤᠶ ᠤᠰᠤᠨ ᠠᠰᠢᠭᠯᠠᠯᠲᠠ ᠶᠢᠨ ᠲᠣᠪᠴᠢᠶ᠎ᠠ ᠣᠯᠠᠨ ᠵᠦᠶᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠵᠦ᠂ ᠬᠠᠪᠤᠷ ᠤᠨ ᠲᠠᠷᠢᠶᠠᠯᠠᠭ᠎ᠠ ᠶᠢᠨ ᠦᠶᠯᠡᠳᠪᠦᠷᠢᠯᠡᠯ ᠤᠨ ᠤᠷᠤᠭᠰᠢᠲᠠᠶ ᠶᠠᠪᠤᠭᠳᠠᠬᠤ ᠶᠢ ᠦᠨᠡᠨ ᠬᠦ ᠪᠠᠲᠤᠯᠠᠵᠤ᠂ ᠪᠥᠬᠦ ᠵᠢᠯ ᠤᠨ ᠲᠠᠷᠢᠶᠠᠯᠠᠩ ᠤᠨ ᠭᠠᠷᠤᠯᠲᠠ ᠶᠢ ᠨᠡᠮᠡᠭᠳᠡᠭᠦᠯᠬᠦ᠂ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ ᠬᠠᠷᠠᠯᠲᠠ ᠶᠢ ᠪᠡᠶᠡᠯᠡᠭᠦᠯᠬᠦ ᠳᠤ ᠪᠠᠲᠤ ᠪᠠᠬᠢ ᠰᠠᠭᠤᠷᠢ ᠶᠢ ᠲᠠᠯᠪᠢᠪᠠ᠃   ᠰᠢᠶᠠᠩ ᠢᠦᠶ ᠢᠯᠡᠷᠬᠡᠶᠢᠯᠡᠬᠦ ᠳᠡᠭᠡᠨ᠂ 2024 ᠣᠨ ᠳᠤ ᠵᠢᠨᠢᠩ ᠲᠣᠭᠤᠷᠢᠭ ᠠᠮᠤ ᠪᠤᠳᠠᠭᠠᠨ ᠤ ᠦᠢᠯᠡᠳᠪᠦᠷᠢᠯᠡᠯ ᠳᠡᠭᠡᠷ᠎ᠡ ᠱᠠᠲᠤᠨ ᠠᠴᠠ ᠪᠠᠭᠤᠯᠭᠠᠭᠰᠠᠨ ᠠᠮᠤ ᠪᠤᠳᠠᠭ᠎ᠠ ᠳᠠᠷᠢᠬᠤ ᠲᠠᠯᠠᠪᠠᠶ ᠶᠢᠨ ᠡᠭᠦᠷᠭᠡ ᠶᠢ ᠪᠡᠶᠡᠯᠡᠭᠦᠯᠵᠦ᠂ ᠠᠮᠤ ᠪᠤᠳᠠᠭᠠᠨ ᠤ ᠤᠨᠠᠯᠲᠠ ᠶᠢ ᠲᠣᠭᠲᠠᠭᠤᠨ ᠢᠶᠠᠷ ᠨᠡᠮᠡᠭᠳᠡᠭᠦᠯᠬᠦ ᠶᠢ ᠪᠡᠶᠡᠯᠡᠭᠦᠯᠪᠡ᠃ ᠲᠠᠷᠢᠶᠠᠴᠢᠳ ᠲᠤ ᠠᠰᠢᠭ ᠬᠦᠷᠲᠡᠭᠡᠬᠦ ᠡᠯ᠎ᠡ ᠲᠥᠷᠥᠯ ᠤᠨ ᠨᠥᠬᠦᠪᠥᠷᠢ ᠣᠯᠭᠤᠬᠤ ᠶᠢ ᠢᠳᠡᠪᠬᠢᠲᠡᠶ ᠨᠠᠶᠢᠳᠠᠪᠤᠷᠢᠵᠢᠭᠤᠯᠵᠤ᠂ ᠲᠠᠷᠢᠶᠠᠴᠢᠳ ᠤᠨ ᠠᠮᠤ ᠪᠤᠳᠠᠭ᠎ᠠ ᠲᠠᠷᠢᠬᠤ ᠢᠳᠡᠪᠬᠢᠵᠢᠯ ᠢ ᠳᠠᠶᠢᠴᠢᠯᠠᠬᠤ ᠬᠡᠷᠡᠭᠲᠡᠶ᠃ ᠣᠲᠣ ᠦᠶ᠎ᠡ ᠶᠢᠨ ᠲᠠᠷᠢᠶᠠᠯᠠᠩ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠪᠠᠷ ᠤᠳᠤᠷᠢᠳᠤᠮᠵᠢ ᠪᠣᠯᠭᠠᠵᠤ᠂ ᠲᠠᠷᠢᠶᠠᠴᠢᠳ ᠤᠨ ᠣᠶᠢᠯᠠᠭᠠᠭᠳᠠᠬᠤᠨ ᠤ ᠮᠡᠳᠡᠯᠭᠡ ᠮᠡᠷᠭᠡᠵᠢᠯ ᠤᠨ ᠬᠡᠷᠡᠭᠴᠡᠭᠡ ᠶᠢ ᠬᠠᠩᠭᠠᠬᠤ ᠪᠠᠷ ᠭᠤᠤᠯ ᠪᠣᠯᠭᠠᠵᠤ᠂ 78 ᠲᠠᠷᠢᠮᠠᠯ ᠤᠨ ᠲᠣᠮᠣ ᠡᠷᠦᠬᠡ ᠶᠢ ᠵᠣᠬᠢᠶᠠᠨ ᠪᠠᠶᠢᠭᠤᠯᠤᠨ ᠥᠨᠳᠥᠷ ᠬᠡᠪ ᠪᠣᠯᠪᠠᠰᠤᠷᠠᠯ ᠲᠠᠢ ᠲᠠᠷᠢᠶᠠᠴᠢᠨ ᠤ ᠪᠣᠯᠪᠠᠰᠤᠷᠠᠯ ᠳᠤ ᠣᠷᠣᠯᠴᠠᠭᠤᠯᠵᠤ᠂ ᠱᠠᠨᠳᠦ᠋ᠩ ᠤᠨ ᠱᠸᠦ ᠭᠤᠸᠠᠩ ᠳᠤ ᠬᠦᠷᠴᠦ ᠲᠡᠷᠢᠭᠦᠨ ᠤ ᠮᠡᠷᠭᠡᠵᠢᠯ ᠪᠠ ᠲᠤᠷᠰᠢᠯᠭ᠎ᠠ ᠶᠢ ᠲᠣᠭᠤᠷᠢᠨ ᠦᠵᠡᠵᠦ ᠰᠤᠷᠤᠯᠴᠠᠭᠤᠯᠤᠨ᠂ ᠵᠢᠨᠢᠩ ᠲᠣᠭᠤᠷᠢᠭ ᠤᠨ ᠲᠠᠷᠢᠶᠠᠯᠠᠩ ᠮᠠᠯ ᠠᠵᠤ ᠠᠬᠤᠶ ᠶᠢᠨ ᠪᠣᠬᠢᠷᠲᠤᠯ ᠥᠬᠡᠶ ᠬᠥᠭᠵᠢᠯᠲᠡ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠴᠢᠨᠠᠷ ᠰᠠᠶᠢᠲᠠᠶ ᠬᠥᠭᠵᠢᠯᠲᠡ ᠶᠢ ᠪᠥᠬᠦ ᠲᠠᠯ᠎ᠠ ᠪᠠᠷ ᠠᠬᠢᠭᠤᠯᠬᠤ ᠳᠤ ᠪᠠᠲᠤ ᠴᠢᠩᠭ᠎ᠠ ᠴᠢᠳᠠᠪᠤᠷᠢᠲᠠᠨ ᠤ ᠪᠠᠲᠤᠯᠠᠭ᠎ᠠ ᠬᠠᠩᠭᠠᠪᠠ᠃    ᠰᠢᠶᠠᠩ ᠢᠦᠢ ᠢᠯᠡᠷᠬᠡᠶᠢᠯᠡᠬᠦ ᠳᠡᠭᠡᠨ᠂ 2025 ᠣᠨ ᠳᠤ ᠵᠢᠨᠢᠩ ᠲᠣᠭᠤᠷᠢᠭ ᠤᠨ ᠬᠢᠨ ᠨᠠᠮ ᠤᠨ ᠬᠤᠷᠢᠳᠤᠭᠠᠷ ᠶᠡᠭᠡ ᠬᠤᠷᠠᠯ ᠪᠣᠯᠤᠨ ᠬᠤᠷᠢᠳᠤᠭᠠᠷ ᠬᠤᠭᠤᠴᠠᠭᠠᠨ ᠤ ᠬᠤᠶᠠᠳᠤᠭᠠᠷ᠂ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠭᠤᠣᠯ ᠰᠢᠵᠢᠮ ᠪᠣᠯᠭᠠᠵᠤ᠂ ᠲᠠᠷᠢᠶᠠᠯᠠᠩ ᠤᠨ ᠦᠢᠯᠡᠳᠪᠦᠷᠢᠯᠡᠯ ᠤᠨ ᠦᠨᠳᠦᠰᠦᠨ ᠪᠠᠶᠢᠳᠠᠯ ᠢ ᠦᠷᠭᠦᠯᠵᠢᠯᠡᠨ ᠲᠣᠭᠲᠠᠪᠤᠷᠢᠵᠢᠭᠤᠯᠵᠤ᠂ ᠠᠮᠤ ᠪᠤᠳᠠᠭ᠎ᠠ ᠲᠠᠷᠢᠬᠤ ᠲᠠᠯᠠᠪᠠᠢ ᠶᠢ ᠨᠡᠮᠡᠭᠳᠡᠭᠦᠯᠬᠦ ᠠᠴᠠ ᠪᠢᠰᠢ ᠬᠠᠰᠤᠭᠳᠠᠭᠤᠯᠬᠤ ᠦᠭᠡᠢ ᠪᠠᠶᠢᠬᠤ ᠶᠢ ᠪᠠᠲᠤᠯᠠᠨ᠎ᠠ᠃ ᠣᠳᠣᠬᠠᠨ ᠳᠤ ᠵᠢᠨᠢᠩ ᠲᠣᠭᠤᠷᠢᠭ ᠤᠨ ᠲᠠᠷᠢᠶᠠᠯᠠᠩ ᠤᠨ ᠦᠢᠯᠡᠳᠪᠦᠷᠢᠯᠡᠯ ᠬᠡᠷᠡᠭᠰᠡᠯ ᠤᠨ ᠵᠠᠬ᠎ᠠ ᠳᠡᠯᠭᠡᠭᠦᠷ ᠤᠨ ᠨᠥᠭᠡᠴᠡ ᠭᠦᠢᠴᠡᠳ ᠪᠠᠶᠢᠵᠤ᠂ ᠦᠷ᠎ᠡ᠂ ᠲᠠᠷᠢᠶᠠᠨ ᠡᠮ᠂ ᠬᠢᠮᠢ ᠶᠢᠨ ᠪᠤᠷᠳᠤᠭᠤᠷ ᠵᠡᠷᠭᠡ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠵᠢᠴᠢ ᠲᠠᠷᠢᠶᠠᠯᠠᠩ ᠤᠨ ᠮᠠᠰᠢᠨ ᠬᠡᠷᠡᠭᠰᠡᠯ ᠤᠨ ᠲᠦᠷᠦᠯ ᠵᠦᠢᠯ ᠪᠦᠷᠢᠨ ᠭᠦᠢᠴᠡᠳ ᠪᠠᠶᠢᠵᠤ᠂ ᠬᠠᠪᠤᠷ ᠤᠨ ᠲᠠᠷᠢᠶᠠᠯᠠᠭ᠎ᠠ ᠶᠢᠨ ᠬᠡᠷᠡᠭᠴᠡᠭᠡ ᠶᠢ ᠬᠠᠩᠭᠠᠵᠤ ᠳᠡᠶᠢᠯᠬᠦ ᠶᠤᠮ᠃ ᠮᠠᠨ ᠤ ᠲᠣᠪᠴᠢᠶ᠎ᠠ ᠲᠠᠷᠢᠶᠠᠯᠠᠩ ᠤᠨ ᠮᠡᠷᠭᠡᠵᠢᠯ ᠤᠨ ᠲᠤᠰᠬᠠᠶ ᠮᠡᠷᠭᠡᠵᠢᠯᠲᠡᠨ ᠪᠠ ᠦᠨᠳᠦᠰᠦᠨ ᠱᠠᠲᠤᠨ ᠤ ᠲᠠᠷᠢᠶᠠᠯᠠᠩ ᠤᠨ ᠮᠡᠷᠭᠡᠵᠢᠯ ᠤᠨ ᠠᠵᠢᠯᠲᠠᠨ ᠢ ᠵᠣᠬᠢᠶᠠᠨ ᠪᠠᠶᠢᠭᠤᠯᠵᠤ᠂ ᠰᠢᠶᠠᠩ ᠪᠠᠯᠭᠠᠰᠤᠨ ᠳᠤ ᠭᠦᠨᠵᠡᠭᠡᠶᠢᠷᠡᠨ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ ᠤᠨ ᠤᠬᠠᠭᠤᠯᠭ᠎ᠠ ᠪᠠᠶᠢᠴᠠᠭᠠᠨ ᠰᠤᠳᠤᠯᠤᠯᠲᠠ ᠶᠢᠨ ᠠᠵᠢᠯ ᠢ ᠥᠷᠨᠢᠭᠦᠯᠵᠦ᠂ ᠮᠡᠷᠭᠡᠵᠢᠯ ᠤᠨ ᠦᠢᠯᠡᠴᠢᠯᠡᠭᠡᠨ ᠤ ︽ᠰᠢᠭᠤᠳ ᠨᠡᠪᠲᠡᠷᠡᠬᠦ ᠲᠡᠷᠭᠡ︾ ᠶᠢ ᠰᠠᠶᠢᠲᠤᠷ ᠨᠡᠭᠡᠭᠡᠬᠦ ᠪᠠᠷ ᠳᠠᠮᠵᠢᠭᠤᠯᠤᠨ᠂ ᠲᠠᠷᠢᠶᠠᠴᠢᠳ ᠢ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ ᠤᠨ ᠳᠤᠮᠳᠠ ᠡᠷᠡᠭᠡᠯᠵᠡᠯ ᠥᠬᠡᠶ ᠵᠣᠪᠠᠨᠢᠯ ᠢ ᠠᠷᠢᠯᠭᠠᠵᠤ᠂ ᠪᠥᠬᠦ ᠰᠡᠳᠬᠢᠯ ᠪᠥᠬᠦ ᠵᠣᠷᠢᠭ ᠢᠶᠠᠷ ᠢᠶᠠᠨ ᠬᠠᠪᠤᠷ ᠤᠨ ᠲᠠᠷᠢᠶᠠᠯᠠᠭ᠎ᠠ ᠶᠢᠨ ᠦᠢᠯᠡᠳᠪᠦᠷᠢᠯᠡᠯ ᠳᠤ ᠣᠷᠣᠯᠴᠠᠭᠤᠯᠪᠠ᠃    ᠬᠠᠪᠤᠷ ᠤᠨ ᠲᠠᠷᠢᠶᠠᠯᠠᠭ᠎ᠠ ᠶᠢᠨ ︽ᠰᠠᠨᠠᠭᠠᠴᠢᠯᠠᠭᠠᠲᠤ ᠳᠠᠶᠢᠯᠠᠯᠳᠤᠭᠠᠨ︾ ᠢ ᠰᠠᠶᠢᠲᠤᠷ ᠬᠢᠵᠦ᠂ ᠲᠠᠷᠢᠶᠠᠯᠠᠩ ᠤᠨ ︽ᠰᠠᠶᠢᠨ ᠡᠬᠢᠯᠡᠯᠲᠡ︾ ᠶᠢ ᠠᠬᠢᠭᠤᠯᠪᠠ᠃ ᠰᠢᠶᠠᠩ ᠢᠦᠶ ᠢᠯᠡᠷᠬᠡᠶᠢᠯᠡᠭᠰᠡᠨ ᠨᠢ᠂ ᠵᠢᠨᠢᠩ ᠲᠣᠭᠤᠷᠢᠭ ᠤᠨ ᠲᠠᠷᠢᠶᠠᠯᠠᠩ ᠮᠠᠯ ᠠᠵᠤ ᠠᠬᠤᠶ ᠤᠰᠤᠨ ᠠᠰᠢᠭᠯᠠᠯᠲᠠ ᠶᠢᠨ ᠲᠣᠪᠴᠢᠶ᠎ᠠ ︽ᠬᠠᠪᠤᠷ ᠢᠶᠠᠷ ᠵᠠᠷᠯᠢᠭ ᠪᠣᠯᠭᠠᠬᠤ︾ ᠶᠢ ᠵᠠᠪᠳᠤᠨ ᠠᠳᠬᠤᠵᠤ᠂ ᠲᠠᠷᠢᠮᠠᠯ ᠤᠨ ᠡᠭᠦᠷᠭᠡ ᠶᠢ ᠪᠥᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ᠪᠥᠬᠦ ᠵᠢᠯ ᠤᠨ ᠲᠠᠷᠢᠶᠠᠯᠠᠩ ᠤᠨ ᠭᠠᠷᠤᠯᠲᠠ ᠶᠢ ᠨᠡᠮᠡᠭᠳᠡᠭᠦᠯᠬᠦ᠂ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ ᠬᠠᠷᠠᠯᠲᠠ ᠶᠢ ᠪᠡᠶᠡᠯᠡᠭᠦᠯᠬᠦ ᠳᠤ ᠪᠠᠲᠤ ᠪᠠᠬᠢ ᠰᠠᠭᠤᠷᠢ ᠶᠢ ᠲᠠᠯᠪᠢᠵᠤ ᠥᠭᠬᠦ ᠬᠡᠷᠡᠭᠲᠡᠶ ᠭᠡᠵᠡᠶ᠃ 
 
ᠢᠷᠡᠯᠲᠡ᠄ ᠵᠢᠨᠢᠩ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2