ᠵᠢᠨᠢᠩ ᠲᠣᠭᠤᠷᠢᠭ ︽ᠵᠢᠵᠢᠭ ᠰᠠᠵᠢᠭ ᠵᠦᠢᠯ︾ ᠢᠶᠠᠷ ᠬᠤᠳᠠᠯᠳᠤᠭ᠎ᠠ ᠡᠵᠡᠩᠨᠡᠬᠦ ︽ᠶᠡᠭᠡ ᠣᠷᠴᠢᠨ ᠲᠣᠭᠤᠷᠢᠨ︾ ᠳᠤ ᠰᠢᠨ᠎ᠡ ᠬᠥᠳᠡᠯᠭᠡᠬᠦ ᠬᠦᠴᠦᠨ ᠨᠡᠮᠡᠷᠢᠯᠡᠪᠡ
ᠨᠡᠶᠢᠲᠡᠯᠡᠭᠰᠡᠨ ᠴᠠᠭ᠄
2025/4/28
    ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠪᠣᠯ ᠵᠠᠬ᠎ᠠ ᠳᠡᠯᠭᠡᠭᠦᠷ ᠤᠨ ᠠᠮᠢᠵᠢᠷᠠᠯ ᠤᠨ ᠬᠦᠴᠦᠨ ᠢ ᠬᠥᠭᠵᠢᠭᠡᠬᠦ᠂ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠵᠠᠩᠭᠢᠯᠠᠭ᠎ᠠ ᠶᠢᠨ ᠠᠷᠭ᠎ᠠ ᠬᠡᠮᠵᠢᠶ᠎ᠡ ᠮᠥᠨ᠃ ᠵᠢᠨᠢᠩ ᠲᠣᠭᠤᠷᠢᠭ ᠤᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠵᠠᠰᠠᠭ ᠤᠨ ᠶᠠᠪᠤᠳᠠᠯ ᠤᠨ ᠦᠶᠯᠡᠴᠢᠯᠡᠭᠡ ᠬᠢᠭᠡᠳ ᠲᠤᠭ᠎ᠠ ᠪᠠᠷᠢᠮᠲᠠ ᠶᠢᠨ ᠬᠠᠮᠢᠶᠠᠷᠤᠯᠲᠠ ᠶᠢᠨ ᠲᠣᠪᠴᠢᠶ᠎ᠠ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ︽ᠵᠠᠩᠭᠢᠯᠠᠭ᠎ᠠ ᠶᠢᠨ ᠪᠠᠭ᠎ᠠ ᠶᠠᠪᠤᠳᠠᠯ︾ ᠠᠴᠠ ᠭᠠᠷᠳᠠᠵᠤ᠂ ︽ᠵᠢᠵᠢᠭ ᠰᠠᠵᠢᠭ ᠵᠦᠢᠯ︾ ᠢᠶᠠᠷ ᠬᠤᠳᠠᠯᠳᠤᠭ᠎ᠠ ᠡᠵᠡᠩᠨᠡᠬᠦ ︽ᠶᠡᠭᠡ ᠣᠷᠴᠢᠨ ᠲᠣᠭᠤᠷᠢᠨ︾ ᠢ ᠬᠥᠳᠡᠯᠭᠡᠵᠦ᠂ ᠭᠠᠵᠠᠷ ᠣᠷᠣᠨ ᠤ ᠠᠵᠤ ᠠᠬᠤᠶ ᠶᠢᠨ ᠬᠥᠭᠵᠢᠯᠲᠡ ᠳᠤ ᠰᠢᠨ᠎ᠡ ᠬᠥᠳᠡᠯᠭᠡᠬᠦ ᠬᠦᠴᠦᠨ ᠨᠡᠮᠡᠷᠢᠯᠡᠪᠡ᠃    ᠨᠢᠭᠡ᠂ ᠣᠷᠣᠭᠤᠯᠬᠤ ᠶᠢ ᠵᠥᠪᠰᠢᠶᠡᠷᠡᠬᠦ ︽ᠵᠢᠵᠢᠭ ᠰᠠᠵᠢᠭ ᠵᠦᠢᠯ︾ ᠳᠤ ᠠᠩᠬᠠᠷᠤᠯ ᠢᠶᠠᠨ ᠲᠥᠪᠯᠡᠷᠡᠭᠦᠯᠵᠦ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠲᠦᠷᠢᠮ ᠤᠨ ᠥᠪᠡᠷ ᠤᠨ ᠦᠷᠳᠡᠭ ᠢ ᠪᠠᠭᠤᠷᠠᠭᠤᠯᠤᠨ᠎ᠠ   ᠤᠯᠠᠮᠵᠢᠯᠠᠯᠲᠤ ᠠᠵᠤ ᠠᠬᠤᠶᠢᠯᠠᠯ ᠤᠨ ᠪᠦᠷᠢᠳᠬᠡᠨ ᠳᠠᠩᠰᠠᠯᠠᠬᠤ ᠵᠠᠭᠪᠤᠷ ᠲᠤ ︽ᠮᠠᠲ᠋ᠧᠷᠢᠶᠠᠯ ᠠᠷᠪᠢᠨ᠂ ᠭᠤᠭᠴᠤᠭ᠎ᠠ ᠣᠯᠠᠨ᠂ ᠵᠠᠷᠤᠴᠠᠭᠤᠯᠬᠤ ᠴᠠᠭ ᠨᠢ ᠣᠷᠳᠣ︾ ᠵᠡᠷᠭᠡ ᠠᠰᠠᠭᠤᠳᠠᠯ ᠣᠷᠣᠰᠢᠵᠤ᠂ ᠭᠤᠶᠤᠴᠢᠯᠠᠭᠴᠢ ᠣᠯᠠᠨ ᠴᠣᠩᠬᠤᠪᠴᠢ ᠪᠠᠷ ᠨᠠᠰᠢ ᠴᠠᠰᠢ ᠶᠠᠪᠤᠵᠤ᠂ ᠪᠦᠬᠦ᠋ᠢᠯᠡ ᠶᠠᠪᠤᠴᠠ ᠨᠢ 3 - 5 ᠠᠵᠢᠯᠯᠠᠬᠤ ᠡᠳᠦᠷ ᠲᠤ ᠰᠠᠶ᠋ᠢ ᠳᠠᠭᠤᠰᠤᠨ᠎ᠠ᠂ ᠡᠶᠢᠮᠦᠷᠬᠦ ︽ᠮᠠᠷᠠᠽᠤᠨ ᠮᠠᠶ᠋ᠢᠭ︾ ᠤᠨ ᠬᠢᠨᠠᠨ ᠵᠥᠪᠰᠢᠶᠡᠷᠡᠬᠦ ᠶᠠᠪᠤᠴᠠ ᠨᠢ ᠵᠠᠬ᠎ᠠ ᠳᠡᠯᠭᠡᠭᠦᠷ ᠤᠨ ᠠᠮᠢᠵᠢᠷᠠᠯ ᠤᠨ ᠬᠦᠴᠦᠨ ᠢ ᠬᠦᠨᠳᠦ ᠨᠣᠴᠢᠲᠠᠶ ᠨᠦᠯᠦᠭᠡᠯᠡᠪᠡ᠃ ᠵᠢᠨᠢᠩ ᠲᠣᠭᠤᠷᠢᠭ ᠤᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠵᠠᠰᠠᠭ ᠤᠨ ᠶᠠᠪᠤᠳᠠᠯ ᠤᠨ ᠦᠶᠯᠡᠴᠢᠯᠡᠭᠡ ᠨᠢ ᠳ᠋ᠠᠶᠢᠲ᠋ᠠ ᠶᠢᠨ ᠬᠠᠮᠢᠶᠠᠷᠤᠯᠲᠠ ᠶᠢᠨ ᠲᠣᠪᠴᠢᠶ᠎ᠠ ᠲᠠᠢ  ︽ᠵᠢᠵᠢᠭ ᠰᠠᠵᠢᠭ ᠵᠦᠶᠯ︾ ᠠᠴᠠ ᠭᠠᠷᠳᠠᠵᠤ᠂ ᠪᠦᠷᠢᠳᠬᠡᠨ ᠳᠠᠩᠰᠠᠯᠠᠬᠤ ᠶᠠᠪᠤᠴᠠ ᠶᠢ ᠳᠥᠭᠦᠮᠴᠢᠯᠡᠵᠦ᠂ ᠴᠠᠭ ᠤᠨ ᠥᠪᠡᠷ ᠤᠨ ᠥᠷᠲᠡᠭ ᠢ ᠪᠠᠭᠤᠷᠠᠭᠤᠯᠪᠠ᠃ ᠨᠢᠭᠡ ᠲᠠᠯ᠎ᠠ ᠪᠠᠷ ᠴᠠᠭᠠᠰᠤ ᠬᠡᠷᠡᠭᠯᠡᠬᠦ ᠥᠬᠡᠶ ᠪᠥᠬᠦ ᠶᠠᠪᠤᠴᠠ ᠶᠢ ᠡᠯᠤᠺᠳ᠋ᠷᠤᠨᠴᠢᠯᠡᠭᠰᠡᠨ ᠳᠡᠩᠰᠡᠯᠡᠯᠲᠡ ᠶᠢ ᠬᠡᠷᠡᠭᠵᠢᠭᠦᠯᠵᠦ᠂ ᠰᠦᠯᠵᠢᠶᠡᠨ ᠳᠡᠭᠡᠷ᠎ᠡ ᠭᠤᠶᠤᠴᠢᠯᠠᠬᠤ᠂ ᠦᠨᠡᠨ ᠨᠡᠷ᠎ᠡ ᠪᠠᠷ ᠪᠠᠶᠢᠴᠠᠭᠠᠨ ᠰᠢᠯᠭᠠᠬᠤ᠂ ᠪᠢᠴᠢᠭ ᠬᠠᠷ᠎ᠠ ᠶᠢ ᠰᠦᠯᠵᠢᠶᠡᠨ ᠳᠡᠭᠡᠷ᠎ᠡ ᠭᠠᠷ ᠤᠨ ᠥᠰᠥᠭ ᠵᠢᠷᠤᠬᠤ᠂ ᠲᠤᠬᠠᠶᠢᠯᠠᠭᠰᠠᠨ ᠠᠵᠢᠯ ᠢ ᠬᠢᠨᠠᠨ ᠵᠥᠪᠰᠢᠶᠡᠷᠡᠬᠦ ᠳᠥᠷᠪᠡᠨ ᠭᠤᠭᠴᠤᠭ᠎ᠠ ᠠᠴᠠ ᠪᠥᠬᠦ ᠬᠡᠯᠬᠢᠶ᠎ᠡ ᠪᠠᠷ ᠴᠠᠭᠠᠰᠤ ᠬᠡᠷᠡᠭᠯᠡᠬᠦ ᠥᠬᠡᠶ ᠭᠦᠢᠴᠡᠳᠭᠡᠬᠦ ᠶᠢ ᠪᠡᠶᠡᠯᠡᠭᠦᠯᠵᠦ᠂ ᠣᠯᠠᠨ ᠲᠦᠮᠡᠨ ᠳᠤ ︽ᠠᠭᠤᠯᠵᠠᠬᠤ ᠥᠬᠡᠶ᠂ ᠥᠪᠡᠷ ᠤᠨ ᠥᠷᠲᠡᠭ ᠥᠬᠡᠶ᠂ ᠬᠦᠯᠢᠶᠡᠬᠦ ᠥᠬᠡᠶ︾ ᠳᠥᠭᠦᠮ ᠳᠥᠲᠡ ᠦᠢᠯᠡᠴᠢᠯᠡᠭᠡ ᠬᠦᠷᠲᠡᠭᠡᠪᠡ᠃ ᠨᠥᠭᠦᠭᠡ ᠲᠠᠯ᠎ᠠ ᠪᠠᠷ ︽ᠨᠢᠭᠡ ᠴᠣᠩᠬᠤᠪᠴᠢ ᠪᠠᠷ ᠨᠡᠶᠢᠳᠡᠮ ᠭᠦᠢᠴᠡᠳᠭᠡᠬᠦ︾ ᠬᠤᠷᠠᠮᠠᠯ ᠦᠢᠯᠡᠴᠢᠯᠡᠭᠡ ᠶᠢ ᠪᠣᠶ ᠪᠣᠯᠭᠠᠵᠤ᠂ ᠡᠯ᠎ᠡ ᠭᠤᠭᠴᠤᠭ᠎ᠠ ᠶᠢ ᠡᠮᠬᠢᠯᠡᠨ ᠨᠡᠶᠢᠯᠡᠭᠦᠯᠬᠦ ᠶᠢ ᠠᠬᠢᠭᠤᠯᠤᠨ᠎ᠠ᠃ ᠠᠵᠤ ᠠᠬᠤᠶᠢᠯᠠᠯ ᠪᠠᠶᠢᠭᠤᠯᠬᠤ ᠳᠠᠩᠰᠠᠯᠠᠯ᠂ ᠭᠠᠶᠢᠯᠢ ᠶᠢᠨ ᠶᠠᠪᠤᠳᠠᠯ ᠤᠨ ᠰᠠᠯᠠᠭ᠎ᠠ ᠮᠥᠴᠢᠷ ᠤᠨ ᠪᠠᠷᠢᠮᠲᠠ ᠭᠤᠶᠤᠴᠢᠯᠠᠨ ᠠᠪᠬᠤ ᠪᠠ ᠭᠠᠶᠢᠯᠢ ᠡᠵᠡᠮᠳᠡᠬᠦ ᠲᠥᠬᠦᠭᠡᠷᠦᠮᠵᠢ᠂ ᠠᠯᠪᠠᠨ ᠲᠠᠮᠠᠭ᠎ᠠ ᠰᠡᠶᠢᠯᠦᠨ ᠵᠣᠬᠢᠶᠠᠬᠤ᠂ ᠪᠠᠩᠬᠢ ᠶᠢᠨ ᠳᠠᠩᠰᠠ ᠨᠡᠭᠡᠭᠡᠬᠦ ᠵᠡᠷᠭᠡ ᠭᠤᠭᠴᠤᠭ᠎ᠠ ᠶᠢ ᠨᠢᠭᠡ ᠭᠤᠭᠴᠤᠭ᠎ᠠ ᠪᠣᠯᠭᠠᠨ ᠪᠠᠭᠠᠰᠬᠠᠵᠤ᠂ ᠨᠢᠭᠡ ᠴᠣᠩᠬᠤᠪᠴᠢ ᠪᠠᠷ ᠭᠤᠶᠤᠴᠢᠯᠠᠬᠤ᠂ ᠨᠢᠭᠡ ᠬᠦᠰᠦᠨᠦᠭᠲᠦ ᠪᠠᠷ ᠲᠠᠭᠯᠠᠨ ᠮᠡᠳᠡᠭᠦᠯᠬᠦ᠂ ᠨᠢᠭᠡ ᠯᠡ ᠤᠳᠠᠭ᠎ᠠ ᠳᠤ ᠬᠦᠯᠢᠶᠡᠨ ᠠᠪᠴᠤ ᠰᠢᠢᠳᠪᠦᠷᠢᠯᠡᠬᠦ ᠶᠢ ᠪᠡᠶᠡᠯᠡᠭᠦᠯᠦᠨ᠎ᠡ᠃ ︽ᠨᠢᠭᠡ ᠴᠣᠩᠬᠤᠪᠴᠢ ᠪᠠᠷ ᠨᠡᠶᠢᠳᠡᠮ ᠭᠦᠢᠴᠡᠳᠭᠡᠬᠦ︾ ᠲᠤᠰᠬᠠᠶ ᠴᠣᠩᠬᠤ ᠪᠠᠶᠢᠭᠤᠯᠵᠤ᠂ ᠡᠵᠡᠩᠨᠡᠯᠲᠡ ᠶᠢᠨ ᠦᠨᠡᠮᠯᠡᠯ᠂ ᠢᠳᠡᠭᠡᠨ ᠤ ᠵᠦᠢᠯ ᠤᠨ ᠡᠵᠡᠩᠨᠡᠯᠲᠡ ᠶᠢᠨ ᠵᠥᠪᠰᠢᠶᠡᠷᠡᠯ ᠤᠨ ᠦᠨᠡᠮᠯᠡᠯ᠂ ᠡᠮ ᠤᠨ ᠵᠦᠢᠯ ᠤᠨ ᠡᠵᠡᠩᠨᠡᠯᠲᠡ ᠶᠢᠨ ᠵᠥᠪᠰᠢᠶᠡᠷᠡᠯ ᠤᠨ ᠦᠨᠡᠮᠯᠡᠯ ᠵᠡᠷᠭᠡ ᠭᠡᠷᠡᠴᠢ ᠦᠨᠡᠮᠯᠡᠯ ᠢ ᠭᠤᠶᠤᠴᠢᠯᠠᠭᠴᠢ ᠨᠢ ᠬᠦᠴᠦᠨ ᠪᠦᠬᠦᠢ ᠦᠨᠡᠮᠯᠡᠯ ᠢᠶᠠᠨ ᠠᠪᠴᠤ ᠨᠢᠭᠡ ᠴᠣᠩᠬᠤᠪᠴᠢ ᠳᠤ ᠳᠠᠷᠤᠮᠠᠯᠯᠠᠨ ᠭᠠᠷᠭᠠᠵᠤ ᠪᠣᠯᠤᠨ᠎ᠠ᠃ ᠠᠵᠤ ᠠᠬᠤᠶᠢᠯᠠᠯ ᠤᠨ ᠳᠡᠩᠰᠡᠯᠡᠯᠲᠡ ᠶᠢᠨ ᠴᠠᠭ ᠢ 3 ᠠᠵᠢᠯ ᠤᠨ ᠡᠳᠦᠷ ᠠᠴᠠ 1 ᠠᠵᠢᠯ ᠤᠨ ᠡᠳᠦᠷ ᠪᠣᠯᠭᠠᠨ ᠪᠠᠭᠠᠰᠬᠠᠵᠤ᠂ ᠠᠵᠤ ᠠᠬᠤᠶᠢᠯᠠᠯ ᠤᠨ ᠡᠷᠭᠢᠯᠡᠭᠰᠡᠨ ᠲᠤᠭ᠎ᠠ ᠲᠣᠭᠲᠠᠭᠤᠨ ᠤ ᠳᠤᠮᠳᠠ ᠳᠡᠭᠡᠭᠰᠢᠯᠡᠵᠦ᠂ 2024 ᠣᠨ ᠤ ᠡᠴᠦᠰ ᠪᠣᠯᠲᠠᠯ᠎ᠠ᠂ ᠵᠢᠨᠢᠩ ᠲᠣᠭᠤᠷᠢᠭ ᠤᠨ ᠳᠡᠩᠰᠡᠯᠡᠵᠦ ᠪᠠᠶᠢᠭ᠎ᠠ ᠬᠤᠪᠢ ᠶᠢᠨ ᠦᠶᠯᠡᠳᠪᠦᠷᠢ ᠬᠤᠳᠠᠯᠳᠤᠭᠠᠨ ᠤ ᠡᠷᠦᠬᠡ 35537 ᠪᠣᠯᠵᠣ᠂ ᠠᠳᠠᠯᠢ ᠬᠤᠭᠤᠴᠠᠭᠠᠨ ᠤ ᠬᠢ ᠠᠴᠠ 13.5% ᠨᠡᠮᠡᠭᠳᠡᠪᠡ᠃ ᠡᠨᠡ ᠵᠢᠯ ᠤᠨ ᠨᠢᠭᠡᠳᠦᠭᠡᠷ ᠤᠯᠠᠷᠢᠯ ᠳᠤ᠂ ᠰᠢᠨ᠎ᠡ ᠪᠠᠷ ᠳᠠᠩᠰᠠᠯᠠᠭᠤᠯᠤᠭᠰᠠᠨ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ 1184 ᠡᠷᠦᠬᠡ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 27% ᠪᠠᠷ ᠨᠡᠮᠡᠭᠳᠡᠪᠡ᠃  ᠣᠨᠴᠠᠭᠠᠢ ᠬᠥᠮᠦᠰ ᠲᠤ ᠦᠢᠯᠡᠴᠢᠯᠡᠬᠦ ᠲᠠᠯ᠎ᠠ ᠪᠠᠷ᠂ ᠠᠵᠢᠯᠯᠠᠬᠤ ᠳᠤ ᠬᠦᠴᠢᠷᠲᠡᠶ ᠨᠠᠰᠤᠲᠠᠶᠢᠴᠤᠳ ᠲᠤ ᠰᠠᠨᠠᠭᠠᠴᠢᠯᠠᠭ᠎ᠠ ᠠᠴᠠ ᠪᠠᠨ ᠬᠠᠪᠰᠤᠷᠤᠨ ᠭᠦᠢᠴᠡᠳᠬᠡᠬᠦ ᠦᠢᠯᠡᠴᠢᠯᠡᠭᠡ ᠬᠠᠩᠭᠠᠵᠤ᠂ ︽ᠬᠤᠷᠳᠤᠴᠠ ᠪᠠ ᠳᠤᠯᠠᠭᠠᠴᠠ ᠵᠡᠷᠭᠡᠪᠡᠷ ᠣᠷᠣᠰᠢᠬᠤ︾ ᠦᠢᠯᠡᠴᠢᠯᠡᠭᠡᠨ ᠤ ᠣᠶᠢᠯᠠᠭᠠᠭᠳᠠᠬᠤᠨ ᠢ ᠠᠮᠢᠳᠤᠯᠢᠭ ᠢᠶᠠᠷ  ᠲᠠᠶᠢᠯᠪᠤᠷᠢᠯᠠᠪᠠ᠃      ᠬᠤᠶᠠᠷ᠂ ᠲᠥᠷᠥ ᠶᠢᠨ ᠪᠣᠳᠣᠯᠭ᠎ᠠ ᠶᠢᠨ ︽ᠵᠢᠵᠢᠭ ᠰᠠᠵᠢᠭ ᠵᠦᠢᠯ︾ ᠳᠤ ᠠᠩᠬᠠᠷᠤᠯ ᠢᠶᠠᠨ ᠲᠥᠪᠯᠡᠷᠡᠭᠦᠯᠵᠦ᠂ ᠠᠵᠤ ᠠᠬᠤᠶᠢᠯᠠᠯ ᠳᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢ ᠠᠬᠢᠭᠤᠯᠤᠨ᠎ᠠ     ᠥᠩᠭᠡᠷᠡᠭᠰᠡᠨ ᠳᠤ᠂ ᠠᠵᠤ ᠠᠬᠤᠶᠢᠯᠠᠯ ᠲᠥᠷᠥ ᠶᠢᠨ ᠪᠣᠳᠣᠯᠭ᠎ᠠ ᠶᠢ ᠣᠯᠬᠤ ᠨᠢ ᠶᠡᠷᠦ ᠨᠢ ︽ᠠᠷᠭ᠎ᠠ ᠵᠠᠮ ᠲᠠᠷᠠᠬᠠᠶ ᠪᠤᠲᠠᠷᠬᠠᠶ᠂ ᠮᠡᠳᠡᠭᠡ ᠵᠠᠩᠭᠢ ᠬᠡᠰᠡᠭ ᠪᠤᠰᠠᠭ᠂ ᠲᠠᠶᠢᠯᠤᠮᠵᠢ ᠲᠣᠳᠣᠷᠬᠠᠶ ᠥᠬᠡᠶ︾ ᠬᠦᠴᠢᠷ ᠠᠰᠠᠭᠤᠳᠠᠯ ᠳᠤ ᠲᠤᠯᠭᠠᠷᠠᠵᠤ ᠪᠠᠶᠢᠪᠠ᠃ ᠡᠨᠡ ᠬᠦ ᠬᠦᠴᠢᠷ ᠠᠰᠠᠭᠤᠳᠠᠯ ᠢ ᠰᠢᠢᠳᠪᠦᠷᠢᠯᠡᠬᠦ ᠶᠢᠨ ᠲᠥᠯᠥᠭᠡ᠂ ᠵᠢᠨᠢᠩ ᠲᠣᠭᠤᠷᠢᠭ ᠤᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠵᠠᠰᠠᠭ ᠤᠨ ᠶᠠᠪᠤᠳᠠᠯ ᠤᠨ ᠦᠢᠯᠡᠴᠢᠯᠡᠭᠡ ᠪᠣᠯᠤᠨ ᠲᠤᠭ᠎ᠠ ᠪᠠᠷᠢᠮᠲᠠ ᠶᠢᠨ ᠬᠠᠮᠢᠶᠠᠷᠤᠯᠲᠠ ᠶᠢᠨ ᠲᠣᠪᠴᠢᠶ᠎ᠠ ᠲᠥᠷᠥ ᠶᠢᠨ ᠪᠣᠳᠣᠯᠭ᠎ᠠ ᠶᠢᠨ ᠦᠶᠯᠡᠴᠢᠯᠡᠭᠡᠨ ᠤ ︽ᠵᠢᠵᠢᠭ ᠰᠠᠵᠢᠭ ᠵᠦᠢᠯ︾ ᠳᠤ ᠠᠩᠬᠠᠷᠤᠯ ᠢᠶᠠᠨ ᠲᠥᠪᠯᠡᠷᠡᠭᠦᠯᠵᠦ᠂ ︽ᠲᠥᠷᠥ ᠶᠢᠨ ᠪᠣᠳᠣᠯᠭ᠎ᠠ ᠶᠢᠨ ᠰᠢᠭᠤᠳ ᠨᠡᠪᠲᠡᠷᠡᠬᠦ ᠲᠡᠷᠭᠡ︾ ᠶᠢ ᠰᠢᠨ᠎ᠡ ᠪᠠᠷ ᠡᠭᠦᠳᠦᠨ ᠪᠣᠶ ᠪᠣᠯᠭᠠᠪᠠ᠃ ᠨᠢᠭᠡ ᠳᠤ᠂ ︽ᠲᠥᠷᠥ ᠶᠢᠨ ᠪᠣᠳᠣᠯᠭ᠎ᠠ ᠶᠢ ᠤᠬᠠᠭᠤᠯᠤᠨ ᠲᠠᠶᠢᠯᠪᠤᠷᠢᠯᠠᠬᠤ ᠪᠦᠯᠬᠦᠮ︾ ᠢ ᠵᠣᠬᠢᠶᠠᠨ ᠪᠠᠶᠢᠭᠤᠯᠵᠤ᠂ ︽ᠲᠥᠷᠥ ᠶᠢᠨ ᠪᠣᠳᠣᠯᠭ᠎ᠠ ᠶᠢ ᠤᠬᠠᠭᠤᠯᠤᠨ ᠲᠠᠶᠢᠯᠪᠤᠷᠢᠯᠠᠬᠤ ᠪᠦᠯᠬᠦᠮ︾ ᠢ ᠦᠢᠯᠡᠳᠴᠦ᠂ ᠰᠠᠨᠠᠭᠠᠴᠢᠯᠠᠭ᠎ᠠ ᠠᠴᠠ ᠪᠠᠨ ᠠᠵᠤ ᠠᠬᠤᠶᠢᠯᠠᠯ ᠳᠤ ᠬᠦᠷᠴᠦ᠂ ᠠᠵᠤ ᠠᠬᠤᠶᠢᠯᠠᠯ ᠳᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢ ᠨᠢᠭᠤᠷᠳᠠᠨ ᠲᠠᠶᠢᠯᠪᠤᠷᠢᠯᠠᠬᠤ ᠶᠢᠨ ᠬᠠᠮᠲᠤ ᠠᠳᠠᠯᠢ ᠪᠤᠰᠤ ᠲᠥᠷᠥᠯ ᠢᠯᠭᠠᠯ ᠤᠨ ᠲᠥᠷᠥ ᠶᠢᠨ ᠪᠣᠳᠣᠯᠭ᠎ᠠ ᠶᠢ ᠴᠤᠭᠯᠠᠭᠤᠯᠤᠨ ᠠᠵᠤ ᠠᠬᠤᠶᠢᠯᠠᠯ ᠤᠨ ᠬᠠᠷᠢᠭᠤᠴᠠᠯᠭᠠᠲᠠᠨ ᠳᠤ ᠬᠦᠷᠭᠡᠪᠡ᠃ ᠠᠵᠤ ᠠᠬᠤᠶᠢᠯᠠᠯ ᠤᠨ ᠬᠠᠷᠢᠭᠤᠴᠠᠯᠭᠠᠲᠠᠨ ᠢᠯᠡᠷᠬᠡᠶᠢᠯᠡᠬᠦ ᠳᠡᠭᠡᠨ᠂ ︽ᠮᠠᠰᠢ ᠰᠠᠶᠢᠨ ᠪᠠᠶᠢᠨ᠎ᠠ︕ ᠥᠩᠭᠡᠷᠡᠭᠰᠡᠨ ᠳᠤ ᠲᠥᠷᠥ ᠶᠢᠨ ᠪᠣᠳᠣᠯᠭ᠎ᠠ ᠶᠢᠨ ᠲᠤᠬᠠᠶ ᠬᠠᠭᠠᠰ  ᠬᠤᠭᠤᠰ ᠮᠡᠳᠡᠵᠦ᠂ ᠣᠲᠣ ︽ᠲᠥᠷᠥ ᠶᠢᠨ ᠪᠣᠳᠣᠯᠭ᠎ᠠ ᠶᠢᠨ U ᠳ᠋ᠢᠰᠺ︾ ᠲᠠᠢ ᠪᠣᠯᠵᠣ᠂ ᠵᠠᠰᠠᠭ ᠤᠨ ᠣᠷᠳᠣᠨ ᠠᠴᠠ ᠠᠵᠤ ᠠᠬᠤᠶᠢᠯᠠᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ ᠪᠠᠶᠢᠬᠤ ᠶᠢ ᠰᠡᠷᠡᠵᠦ ᠮᠡᠳᠡᠪᠡ᠂ ᠥᠩᠭᠡᠷᠡᠭᠰᠡᠨ ᠤ ᠬᠠᠭᠠᠰ ᠮᠡᠳᠡᠬᠦ ᠠᠴᠠ ᠣᠲᠣ  ᠳᠤ ᠰᠢᠰᠲ᠋ᠧᠮ ᠲᠠᠢ ᠪᠥᠬᠦ ᠲᠠᠯ᠎ᠠ ᠪᠠᠷ ᠭᠦᠨᠵᠡᠭᠡᠶ ᠣᠶᠢᠯᠠᠭᠠᠵᠤ᠂ ᠠᠵᠤ ᠠᠬᠤᠶᠢᠯᠠᠯ ᠤᠨ ᠬᠥᠭᠵᠢᠯᠲᠡ ᠶᠢᠨ ᠤᠮᠳᠠᠭᠠᠰᠤᠯᠠᠯ ᠢ ᠦᠨᠡᠨ ᠬᠦ ᠠᠷᠢᠯᠭᠠᠬᠤ ᠳᠤ ᠬᠦᠴᠦᠨ ᠨᠡᠮᠡᠷᠢᠯᠡᠭᠰᠡᠨ ᠪᠠᠶᠢᠨ᠎ᠠ︾ ᠭᠡᠵᠡᠶ᠃ 2025 ᠣᠨ ᠤ ᠨᠢᠭᠡᠳᠦᠭᠡᠷ ᠤᠯᠠᠷᠢᠯ ᠳᠤ ︽ᠠᠵᠤ ᠠᠬᠤᠶᠢᠯᠠᠯ ᠳᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢ ᠬᠡᠷ ᠲᠤᠨᠢ ᠬᠦᠷᠭᠡᠬᠦ︾ ᠠᠵᠢᠯᠯᠠᠭ᠎ᠠ ᠶᠢ 3 ᠤᠳᠠᠭ᠎ᠠ ᠥᠷᠨᠢᠭᠦᠯᠵᠦ᠂ 5 ᠠᠵᠤ ᠠᠬᠤᠶᠢᠯᠠᠯ ᠢ ᠬᠠᠮᠤᠷᠪᠠ᠃ ᠬᠤᠶᠠᠷ ᠲᠤ᠂ ︽ᠣᠬᠤᠷ ᠸᠢᠳᠢᠣ᠋︾ ᠲᠥᠪᠯᠡᠷᠡᠭᠦᠯᠦᠨ ᠬᠦᠷᠭᠡᠬᠦ ᠳᠡᠭᠡᠨ᠄ ᠴᠤᠤᠷᠢᠶ᠎ᠠ ᠶᠢᠨ ᠲᠠᠪᠴᠠᠩ ᠳᠤ ᠨᠢᠭᠡ ᠳᠠᠷᠤᠪᠴᠢ ᠪᠠᠷ ᠲᠥᠷᠥ ᠶᠢᠨ ᠪᠣᠳᠣᠯᠭ᠎ᠠ ᠶᠢᠨ ᠴᠤᠭᠯᠠᠷᠠᠯ ᠭᠠᠷᠭᠠᠵᠤ᠂ ᠦᠢᠯᠡᠴᠢᠯᠡᠭᠡᠨ ᠤ ᠲᠥᠷᠥᠯ ᠢᠯᠭᠠᠯ ᠢᠶᠠᠷ ᠸᠢᠳᠢᠤ᠋ ᠶᠢ ᠴᠤᠭᠯᠠᠭᠤᠯᠤᠨ ᠲᠠᠶᠢᠯᠪᠤᠷᠢᠯᠠᠵᠤ᠂ ᠺᠠᠷᠲ᠋ᠣᠨ ᠵᠢᠷᠤᠭ᠂ ᠦᠵᠡᠭᠳᠡᠯᠲᠦ ᠵᠦᠴᠦᠭᠡ ᠵᠡᠷᠭᠡ ᠬᠡᠯᠪᠡᠷᠢ ᠪᠠᠷ ︽ᠠᠷᠠᠳ ᠤᠨ ᠠᠮᠢᠳᠤᠷᠠᠯ ᠤᠨ ᠦᠢᠯᠡᠴᠢᠯᠡᠭᠡ︾ ᠵᠡᠷᠭᠡ ᠬᠠᠯᠠᠮᠰᠢᠯ ᠲᠥᠷᠥ ᠶᠢᠨ ᠪᠣᠳᠣᠯᠭ᠎ᠠ ᠶᠢ ᠲᠠᠶᠢᠯᠪᠤᠷᠢᠯᠠᠵᠤ᠂ ᠰᠦᠯᠵᠢᠶᠡᠨ ᠳᠡᠭᠡᠷ᠎ᠡ ᠣᠯᠠᠨ ᠲᠦᠮᠡᠨ ᠤ ᠰᠢᠭᠦᠮᠵᠢᠯᠡᠯ ᠤᠨ ᠬᠠᠯᠠᠮᠰᠢᠯ ᠠᠰᠠᠭᠤᠳᠠᠯ ᠢ ᠬᠠᠷᠢᠭᠤᠯᠵᠤ᠂ ᠡᠨᠡ ᠬᠤᠭᠤᠴᠠᠭᠠᠨ ᠳᠤ ᠨᠡᠶᠢᠲᠡ 7639 ᠵᠤᠷᠪᠤᠰ ᠢ ᠮᠠᠭᠲᠠᠨ ᠰᠠᠶᠢᠰᠢᠶᠠᠪᠠ᠃ ᠭᠤᠷᠪᠠ ᠳᠤ᠂ ︽ᠣᠯᠠᠨ ᠨᠡᠶᠢᠲᠡ ᠶᠢᠨ ᠳ᠋ᠤᠭᠠᠷ + ᠲᠤᠰᠬᠠᠶ ᠪᠤᠯᠤᠩ︾ ᠤᠨ ᠰᠢᠰᠲ᠋ᠧᠮᠵᠢᠭᠦᠯᠦᠨ ᠡᠮᠬᠢᠯᠡᠪᠡ᠄ ᠣᠯᠠᠨ ᠨᠡᠶᠢᠲᠡ ᠶᠢᠨ ᠳ᠋ᠤᠭᠠᠷ ᠲᠤ ᠤᠯᠤᠰ᠂ ᠥᠪᠡᠷᠲᠡᠭᠡᠨ ᠵᠠᠰᠠᠬᠤ ᠣᠷᠣᠨ᠂ ᠬᠤᠲᠠ᠂ ᠲᠣᠭᠤᠷᠢᠭ ᠤᠨ ᠣᠯᠠᠨ ᠱᠠᠲᠤᠨ ᠤ ᠲᠥᠷᠥ ᠶᠢᠨ ᠪᠣᠳᠣᠯᠭ᠎ᠠ ᠶᠢᠨ ᠲᠠᠶᠢᠯᠤᠮᠵᠢ᠂ ᠭᠤᠶᠤᠴᠢᠯᠠᠨ ᠮᠡᠳᠡᠭᠦᠯᠬᠦ ᠴᠤᠪᠤᠷᠠᠯ ᠵᠢᠷᠤᠭ ᠵᠡᠷᠭᠡ ᠮᠡᠳᠡᠭᠡ ᠵᠠᠩᠭᠢ ᠶᠢ ᠴᠠᠭ ᠲᠤᠬᠠᠶ ᠳᠤᠨᠢ  ᠲᠠᠨᠢᠯᠴᠠᠭᠤᠯᠤᠨ ᠡᠯ᠎ᠡ ᠴᠣᠩᠬᠤᠪᠴᠢ ᠶᠢᠨ ᠬᠠᠷᠢᠭᠤᠴᠠᠯᠭᠠᠲᠠᠨ ᠲᠠᠢ ᠬᠠᠮᠲᠤᠷᠠᠨ ︽ᠵᠢᠨᠢᠩ ᠤᠨ ᠵᠠᠰᠠᠭ ᠤᠨ ᠶᠠᠪᠤᠳᠠᠯ ᠤᠨ ᠲᠣᠳᠣᠷᠬᠠᠶᠢᠯᠠᠯᠲᠠ ᠶᠢᠨ ᠲᠢᠩᠬᠢᠮ︾ ᠭᠠᠷᠭᠠᠵᠤ᠂ ᠴᠣᠩᠬᠤᠪᠴᠢ ᠶᠢᠨ ᠬᠠᠷᠢᠭᠤᠴᠠᠯᠭᠠᠲᠠᠨ ᠤ ᠲᠤᠰᠬᠠᠶ ᠮᠡᠷᠭᠡᠵᠢᠯ ᠤᠨ ᠲᠠᠶᠢᠯᠪᠤᠷᠢᠯᠠᠯᠲᠠ ᠶᠢᠨ ᠬᠠᠮᠢᠶ᠎ᠠ ᠪᠥᠬᠦᠶ ᠵᠦᠢᠯᠡᠰ ᠢ ᠭᠦᠢᠴᠡᠳᠭᠡᠬᠦ ᠴᠤᠪᠤᠷᠠᠯ᠂ ᠲᠥᠷᠥ ᠶᠢᠨ ᠪᠣᠳᠣᠯᠭ᠎ᠠ ᠶᠢᠨ ᠪᠢᠴᠢᠭ ᠮᠠᠲ᠋ᠧᠷᠢᠶᠠᠯ ᠢ ᠲᠠᠶᠢᠯᠤᠮᠵᠢ ᠬᠢᠵᠦ᠂ ᠣᠯᠠᠨ ᠲᠦᠮᠡᠨ ᠳᠤ ︽ᠰᠧᠺᠦ᠋ᠨ᠋ᠳ᠋ ᠲᠤ ᠣᠶᠢᠯᠠᠭᠠᠭᠤᠯᠬᠤ︾ ᠲᠥᠷᠥ ᠶᠢᠨ ᠪᠣᠳᠣᠯᠭ᠎ᠠ ᠶᠢᠨ ᠭᠤᠤᠯ ᠵᠦᠢᠯᠡᠰ ᠢ  ᠣᠶᠢᠯᠠᠭᠠᠭᠤᠯᠤᠨ᠎ᠠ᠃    ᠭᠤᠷᠪᠠ᠂ ᠦᠢᠯᠡᠴᠢᠯᠡᠭᠡ ᠳᠤ ᠠᠩᠬᠠᠷᠤᠯ ᠢᠶᠠᠨ ᠲᠥᠪᠯᠡᠷᠡᠭᠦᠯᠵᠦ᠂ ᠰᠡᠳᠬᠢᠯ ᠢ ᠳᠤᠯᠠᠭᠠᠴᠠᠭᠤᠯᠬᠤ ᠦᠢᠯᠡᠴᠢᠯᠡᠭᠡᠨ ᠤ ᠰᠢᠰᠲ᠋ᠧᠮ ᠢ ᠢᠳᠡᠪᠬᠢᠲᠡᠢ ᠪᠠᠶᠢᠭᠤᠯᠤᠨ᠎ᠠ    ᠣᠶᠢᠷ᠎ᠠ ᠳᠤ᠂ ᠥᠪᠥᠷ ᠮᠣᠩᠭᠤᠯ ᠤᠨ ᠪᠠᠩᠬᠢ ᠶᠢᠨ ᠤᠯᠠᠭᠠᠨᠴᠠᠪ ᠬᠤᠲᠠ ᠶᠢᠨ ᠬᠤᠪᠢᠶᠠᠷᠢ ᠪᠠᠩᠬᠢ ᠠᠵᠤ ᠠᠬᠤᠶᠢᠯᠠᠯ ᠡᠷᠭᠢᠯᠡᠬᠦ ᠵᠦᠢᠯᠡᠰ ᠢ ᠭᠦᠢᠴᠡᠳᠭᠡᠬᠦ ᠪᠠᠷ ᠢᠷᠡᠵᠦ᠂ ᠨᠡᠭᠡᠭᠡᠨ ᠡᠷᠭᠢᠯᠡᠬᠦ ᠵᠦᠢᠯᠡᠰ ᠢ ᠤᠷᠢᠳᠴᠢᠯᠠᠨ ᠵᠥᠪᠰᠢᠶᠡᠷᠡᠬᠦ ᠴᠢᠬᠤᠯᠠᠲᠠᠢ ᠪᠣᠯᠬᠤᠷ᠂ ᠠᠵᠤ ᠠᠬᠤᠶᠢᠯᠠᠯ ᠤᠨ ︽ᠨᠢᠭᠡ ᠯᠡ ᠤᠳᠠᠭ᠎ᠠ ᠳᠤ ᠭᠦᠢᠴᠡᠳᠭᠡᠬᠦ︾ ᠶᠢ ᠪᠠᠲᠤᠯᠠᠬᠤ ᠶᠢᠨ ᠲᠥᠯᠥᠭᠡ᠂ ᠴᠣᠩᠬᠤᠪᠴᠢ ᠶᠢᠨ ᠠᠵᠢᠯᠲᠠᠳ ᠰᠠᠨᠠᠭᠠᠴᠢᠯᠠᠭ᠎ᠠ ᠠᠴᠠ ᠪᠠᠨ ᠴᠠᠭ ᠢ ᠤᠷᠲᠤᠳᠬᠠᠬᠤ ᠦᠢᠯᠡᠴᠢᠯᠡᠭᠡ ᠬᠠᠩᠭᠠᠵᠤ᠂ ᠴᠠᠭ ᠨᠡᠮᠡᠵᠦ ᠠᠵᠢᠯᠯᠠᠨ ᠬᠢᠨᠠᠨ ᠵᠥᠪᠰᠢᠶᠡᠷᠡᠬᠦ ᠶᠠᠪᠤᠴᠠ ᠶᠢ  ᠪᠡᠶᠡᠯᠡᠭᠦᠯᠪᠡ᠃ ᠠᠵᠤ ᠠᠬᠤᠶᠢᠯᠠᠯ ᠤᠨ ᠬᠠᠷᠢᠭᠤᠴᠠᠯᠭᠠᠲᠠᠨ᠄ ︽ᠤᠤᠯ ᠨᠢ ᠬᠤᠶᠠᠷ ᠤᠳᠠᠭ᠎ᠠ  ᠭᠦᠶᠦᠵᠦ᠂ ᠣᠳᠣ ᠳᠤ ᠨᠢᠭᠡ ᠯᠡ ᠤᠳᠠᠭ᠎ᠠ ᠳᠤ ᠪᠡᠶᠡᠯᠡᠭᠦᠯᠴᠢᠬᠡᠨ᠎ᠡ︕︾ ᠭᠡᠵᠦ ᠮᠠᠭᠲᠠᠨ ᠰᠠᠶᠢᠰᠢᠶᠠᠪᠠ᠃ ᠣᠶᠢᠷ᠎ᠠ ᠶᠢᠨ ᠵᠢᠯ ᠠᠴᠠ᠂ ᠵᠢᠨᠢᠩ ᠲᠣᠭᠤᠷᠢᠭ ᠤᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠵᠠᠰᠠᠭ ᠤᠨ ᠶᠠᠪᠤᠳᠠᠯ ᠤᠨ ᠦᠶᠯᠡᠴᠢᠯᠡᠭᠡ ᠬᠢᠭᠡᠳ ᠲᠤᠭ᠎ᠠ ᠪᠠᠷᠢᠮᠲᠠ ᠶᠢᠨ ᠬᠠᠮᠢᠶᠠᠷᠤᠯᠲᠠ ᠶᠢᠨ ᠲᠣᠪᠴᠢᠶ᠎ᠠ ᠦᠶᠯᠡᠴᠢᠯᠡᠭᠡ ᠳᠤ ᠠᠩᠬᠠᠷᠤᠯ ᠢᠶᠠᠨ ᠲᠥᠪᠯᠡᠷᠡᠭᠦᠯᠵᠦ᠂ ᠠᠵᠤ ᠠᠬᠤᠶᠢᠯᠠᠯ ᠣᠯᠠᠨ ᠲᠦᠮᠡᠨ ᠤ ᠠᠵᠢᠯ ᠶᠠᠪᠤᠳᠠᠯ ᠭᠦᠶᠴᠡᠳᠬᠡᠬᠦ ᠳᠤ ᠲᠥᠬᠦᠮ ᠦᠵᠡᠭᠦᠯᠬᠦ ᠬᠡᠮᠵᠢᠶ᠎ᠡ ᠶᠢ ᠲᠠᠰᠤᠷᠠᠯᠲᠠ ᠥᠬᠡᠶ ᠳᠡᠭᠡᠭᠰᠢᠯᠡᠭᠦᠯᠵᠦ᠂ ︽ᠴᠠᠭ ᠢ ᠤᠷᠲᠤᠳᠬᠠᠬᠤ ᠦᠶᠯᠡᠴᠢᠯᠡᠭᠡ︾ ᠶᠢ ᠭᠠᠷᠭᠠᠵᠤ᠂ ᠠᠵᠢᠯᠯᠠᠬᠤ ᠴᠠᠭ ᠢ ᠰᠠᠨᠠᠭᠠᠴᠢᠯᠠᠭ᠎ᠠ ᠠᠴᠠ ᠪᠠᠨ ᠤᠷᠲᠤᠳᠬᠠᠬᠤ ᠪᠠᠷ ᠳᠠᠮᠵᠢᠭᠤᠯᠤᠨ᠂ ᠠᠵᠤ ᠠᠬᠤᠶᠢᠯᠠᠯ ᠤᠨ ᠠᠵᠢᠯ ᠶᠠᠪᠤᠳᠠᠯ ᠭᠦᠶᠴᠡᠳᠬᠡᠬᠦ ᠴᠠᠭ ᠤᠨ ᠬᠢᠵᠠᠭᠠᠷ ᠢ ᠲᠠᠰᠤᠷᠠᠯᠲᠠ ᠥᠬᠡᠶ ᠪᠣᠭᠤᠨᠢᠰᠬᠠᠵᠤ᠂ ︽ᠬᠡᠲᠦᠷᠡᠬᠦ ᠳᠡᠭᠡᠨ ᠨᠢᠭᠡ ᠯᠡ ᠤᠳᠠᠭ᠎ᠠ ᠭᠦᠶᠦᠯᠭᠡᠬᠦ︾ ᠶᠢ ᠪᠡᠶᠡᠯᠡᠭᠦᠯᠪᠡ᠃              ᠣᠷᠴᠢᠭᠤᠯᠤᠭᠴᠢ᠄ ᠳ᠋ᠥᠩ ᠾᠦᠢ
 
ᠢᠷᠡᠯᠲᠡ᠄ ᠵᠢᠨᠢᠩ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2