ᠲᠤᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠵᠤ ᠶᠡᠷᠦᠩᠬᠡᠶ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠵᠤ ᠥᠭᠡᠷᠡᠴᠢᠯᠡᠯᠲᠡ ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠬᠦ᠂ ᠲᠠᠪᠤᠨ ᠶᠡᠭᠡ ᠡᠭᠦᠷᠭᠡ ᠵᠡᠷᠭᠡ ᠠᠵᠢᠯ ᠢ ᠰᠤᠳᠤᠯᠤᠨ ᠪᠠᠶᠢᠷᠢᠯᠠᠭᠤᠯᠪᠠ
ᠨᠡᠶᠢᠲᠡᠯᠡᠭᠰᠡᠨ ᠴᠠᠭ᠄
2025/4/3
    4 ᠰᠠᠷ᠎ᠠ ᠶᠢᠨ 2 ᠤᠨ ᠡᠳᠦᠷ᠂ ᠲᠤᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ ᠴᠢᠬᠤᠯᠠ ᠶᠠᠷᠢᠶ᠎ᠠ᠂ ᠴᠢᠬᠤᠯᠠ ᠵᠣᠬᠢᠶᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠵᠤ᠂ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠥᠬᠦᠶ ᠪᠢᠴᠢᠭ ᠮᠠᠲ᠋ᠧᠷᠢᠶᠠᠯ᠂ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠵᠤ᠂ ᠬᠠᠮᠢᠶ᠎ᠠ ᠪᠥᠬᠦᠶ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠥᠭᠡᠷᠡᠴᠢᠯᠡᠯᠲᠡ ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠬᠦ᠂ ᠲᠠᠪᠤᠨ ᠶᠡᠭᠡ ᠡᠭᠦᠷᠭᠡ ᠵᠡᠷᠭᠡ ᠠᠵᠢᠯ ᠢ ᠰᠤᠳᠤᠯᠤᠨ ᠪᠠᠶᠢᠷᠢᠯᠠᠭᠤᠯᠪᠠ᠃    ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠢᠨᠢᠩ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠵᠠᠩ ᠶᠦᠩ ᠸᠧᠨ ᠬᠤᠷᠠᠯ ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠶ᠃    ᠬᠤᠷᠠᠯ ᠠᠴᠠ᠂ ᠲᠥᠪ ᠤᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠬᠤ ᠲᠦᠷᠢᠮ ᠪᠣᠯ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠤᠯᠤᠰ ᠲᠦᠷᠦ ᠶᠢᠨ ᠬᠠᠷᠢᠭᠤᠴᠠᠯᠭ᠎ᠠ ᠶᠢ ᠪᠠᠲᠤᠳᠬᠠᠬᠤ ᠴᠢᠬᠤᠯᠠ ᠶᠡᠭᠡ ᠲᠦᠷᠢᠮ ᠤᠨ ᠰᠢᠨ᠎ᠡ ᠡᠭᠦᠳᠦᠯᠲᠡ ᠪᠠ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠪᠣᠯᠤᠨ᠎ᠠ᠃ ᠪᠦᠬᠦ ᠲᠣᠭᠤᠷᠢᠭ ᠢᠶᠠᠷ ᠢᠶᠠᠨ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ︽ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢ ᠱᠠᠯᠠᠪᠳᠠᠭᠤᠯᠤᠨ ᠪᠠᠶᠢᠴᠠᠭᠠᠬᠤ ᠠᠵᠢᠯ ᠤᠨ ᠲᠦᠷᠢᠮ︾ ᠢ ᠨᠠᠷᠢᠨ ᠬᠢᠨᠠᠮᠠᠭᠠᠢ ᠰᠤᠷᠤᠯᠴᠠᠵᠤ᠂ ᠡᠯ᠎ᠡ ᠵᠦᠢᠯ ᠤᠨ ᠪᠣᠬᠢᠷᠲᠤᠯ ᠢ ᠰᠡᠷᠭᠡᠶᠢᠯᠡᠨ ᠵᠠᠰᠠᠬᠤ ᠠᠷᠭ᠎ᠠ ᠬᠡᠮᠵᠢᠶ᠎ᠡ ᠶᠢ ᠪᠣᠳᠠᠲᠠᠢ ᠳᠤ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢ ᠪᠦᠬᠦ ᠬᠦᠴᠦᠨ ᠢᠶᠠᠷ ᠠᠬᠢᠭᠤᠯᠵᠤ᠂ ᠮᠠᠨ ᠤ ᠲᠤᠭᠤᠷᠢᠭ ᠤᠨ ᠠᠮᠢ ᠠᠬᠤᠢ ᠣᠷᠴᠢᠨ ᠲᠣᠭᠤᠷᠢᠨ ᠤ ᠶᠠᠰᠤ ᠴᠢᠨᠠᠷ ᠢ ᠦᠷᠭᠦᠯᠵᠢᠯᠡᠨ ᠰᠠᠶᠢᠵᠢᠷᠠᠭᠤᠯᠬᠤ ᠶᠢ ᠠᠬᠢᠭᠤᠯᠬᠤ ᠬᠡᠷᠡᠭᠲᠡᠢ᠃     ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠲᠣᠭᠤᠷᠢᠨ ᠪᠠᠶᠢᠴᠠᠭᠠᠬᠤ ᠠᠵᠢᠯ ᠤᠨ ᠲᠤᠬᠠᠢ ᠴᠢᠬᠤᠯᠠ ᠥᠭᠦᠯᠡᠯᠲᠡ ᠶᠢ ᠨᠠᠷᠢᠨ ᠬᠢᠨᠠᠮᠠᠭᠠᠢ ᠰᠤᠷᠤᠯᠴᠠᠨ ᠲᠤᠭᠤᠰᠢᠯᠠᠭᠤᠯᠵᠤ᠂ ︽ᠬᠤᠶᠠᠷ ᠢ ᠬᠠᠮᠠᠭᠠᠯᠠᠬᠤ︾ ᠪᠠᠷ ᠦᠨᠳᠦᠰᠦᠨ ᠴᠢᠭᠯᠡᠯ ᠪᠣᠯᠭᠠᠨ ᠤᠯᠤᠰ ᠲᠦᠷᠦ ᠶᠢᠨ ᠲᠣᠭᠤᠷᠢᠨ ᠪᠠᠶᠢᠴᠠᠭᠠᠯᠲᠠ ᠶᠢ ᠭᠦᠨᠵᠡᠭᠡᠶᠢᠷᠡᠭᠦᠯᠵᠦ᠂ ᠨᠠᠮ ᠤᠨ ᠲᠥᠪ ᠬᠤᠷᠢᠶᠠᠨ ᠤ ᠡᠯ᠎ᠡ ᠵᠦᠢᠯ ᠤᠨ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢᠶᠠᠷ ᠬᠢᠨᠠᠯᠲᠠ ᠲᠠᠯᠪᠢᠬᠤ ᠭᠤᠣᠯᠳᠠᠯᠭ᠎ᠠ ᠪᠣᠯᠭᠠᠵᠤ᠂ ᠨᠠᠮ ᠤᠨ ᠲᠥᠪ ᠬᠤᠷᠢᠶ᠎ᠠ ᠲᠠᠢ ᠳᠡᠭᠡᠳᠦ ᠬᠡᠮᠵᠢᠶ᠎ᠡ ᠪᠠᠷ ᠨᠢᠭᠡᠳᠦᠯᠲᠡᠢ ᠪᠠᠶᠢᠬᠤ ᠶᠢ ᠪᠠᠲᠤᠯᠠᠬᠤ ᠬᠡᠷᠡᠭᠲᠡᠢ᠃    ᠬᠤᠷᠠᠯ ᠠᠴᠠ᠂ ᠬᠠᠩᠰᠢ ᠶᠢᠨ ᠡᠳᠦᠷ ᠣᠶᠢᠷᠠᠳᠴᠤ ᠪᠠᠶᠢᠭ᠎ᠠ ᠦᠶ᠎ᠡ ᠳᠤ ᠲᠠᠬᠢᠯᠭ᠎ᠠ ᠶᠢᠨ ᠭᠠᠯ ᠬᠡᠷᠡᠭᠯᠡᠬᠦ᠂ ᠲᠠᠷᠢᠶᠠᠯᠠᠩ ᠤᠨ ᠶᠠᠪᠤᠳᠠᠯ ᠳᠤ ᠭᠠᠯ ᠬᠡᠷᠡᠭᠯᠡᠬᠦ ᠠᠶᠤᠯ ᠲᠦᠭᠰᠢᠭᠦᠷᠢ ᠶᠢ ᠳᠡᠭᠡᠳᠦ ᠬᠡᠮᠵᠢᠶ᠎ᠡ ᠪᠠᠷ ᠰᠡᠷᠡᠮᠵᠢᠯᠡᠵᠦ᠂ ᠲᠣᠭᠤᠷᠢᠨ ᠪᠠᠶᠢᠴᠠᠭᠠᠵᠤ ᠵᠢᠵᠢᠭᠦᠷᠯᠡᠨ ᠰᠠᠬᠢᠬᠤ ᠪᠠ ᠭᠠᠯ ᠤᠨ ᠢᠷᠡᠯᠲᠡ ᠶᠢ ᠬᠠᠮᠢᠶᠠᠷᠤᠨ ᠡᠵᠡᠮᠳᠡᠬᠦ ᠶᠢ ᠴᠢᠩᠭᠠᠳᠬᠠᠵᠤ᠂ ᠪᠠᠴᠢᠮ ᠪᠠᠶᠢᠳᠠᠯ ᠢ ᠠᠷᠭᠠᠴᠠᠬᠤ ᠲᠣᠭᠲᠠᠴᠠ ᠶᠢ ᠲᠡᠭᠦᠯᠳᠡᠷᠵᠢᠭᠦᠯᠦᠨ᠂ ᠤᠢ ᠰᠢᠭᠤᠢ ᠨᠤᠲᠤᠭ ᠪᠡᠯᠴᠢᠭᠡᠷ ᠤᠨ ᠭᠠᠯ ᠤᠨ ᠠᠶᠤᠯ ᠡᠭᠦᠰᠬᠦ ᠶᠢ ᠡᠷᠡᠰ ᠰᠡᠷᠭᠡᠶᠢᠯᠡᠵᠦ᠂ ᠤᠢ ᠰᠢᠭᠤᠢ ᠨᠤᠲᠤᠭ ᠪᠡᠯᠴᠢᠭᠡᠷ ᠤᠨ ᠡᠬᠢ ᠪᠠᠶᠠᠯᠢᠭ ᠪᠣᠯᠤᠨ ᠤᠯᠠᠨ ᠲᠦᠮᠡᠨ ᠤ ᠠᠮᠢ ᠨᠠᠰᠤ ᠡᠳ᠋ ᠬᠦᠷᠦᠩᠭᠡ ᠶᠢᠨ ᠠᠮᠤᠷ ᠲᠦᠪᠰᠢᠨ ᠢ ᠦᠨᠡᠨᠬᠦ ᠰᠠᠶᠢᠲᠤᠷ ᠰᠠᠬᠢᠨ ᠬᠠᠮᠠᠭᠠᠯᠠᠬᠤ ᠬᠡᠷᠡᠭᠲᠡᠢ ᠭᠡᠵᠦ ᠴᠢᠬᠤᠯᠠᠴᠢᠯᠠᠪᠠ᠃   ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ︽ᠦᠨᠡᠨ︾ ᠰᠡᠳᠬᠦᠯ ᠳᠤ ᠨᠡᠶᠢᠲᠡᠯᠡᠭᠰᠡᠨ ︽ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠳᠤᠮᠳᠠᠬᠢ ᠬᠡᠳᠦᠨ ᠴᠢᠬᠤᠯᠠ ᠶᠡᠭᠡ ᠤᠨᠤᠯ ᠪᠣᠯᠤᠨ ᠦᠢᠯᠡᠳᠦᠯᠭᠡ ᠶᠢᠨ ᠠᠰᠠᠭᠤᠳᠠᠯ︾ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ︽ᠵᠢᠨᠢᠩ ᠲᠣᠭᠤᠷᠢᠭ ᠤᠨ ᠨᠠᠮ ᠤᠨ ᠬᠤᠷᠢᠶ᠎ᠠ ᠶᠢᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠵᠥᠪᠯᠡᠯ ᠤᠨ 2025 ᠣᠨ ᠤ ᠠᠵᠢᠯ ᠤᠨ ᠭᠤᠣᠯᠳᠠᠯᠭ᠎ᠠ︾ ᠶᠢ ᠰᠤᠳᠤᠯᠤᠨ ᠬᠢᠨᠠᠨ ᠵᠥᠪᠯᠡᠵᠦ᠂ ᠭᠤᠣᠯᠳᠠᠯᠭ᠎ᠠ ᠲᠠᠢ ᠬᠦᠷᠢᠶᠡᠨ ᠤ ᠥᠭᠡᠷᠡᠴᠢᠯᠡᠯᠲᠡ ᠶᠢ ︽ᠠᠷᠪᠠᠨ ᠲᠠᠪᠤᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠪᠠ ᠪᠦᠬᠦ ᠲᠤᠭᠤᠷᠢᠭ ᠤᠨ ᠭᠤᠣᠯᠳᠠᠯᠭ᠎ᠠ ᠲᠠᠢ ᠠᠵᠢᠯ᠂ ᠭᠤᠣᠯᠳᠠᠯᠭ᠎ᠠ ᠲᠠᠢ ᠲᠦᠷᠦᠯ ᠵᠦᠢᠯ ᠲᠠᠢ ᠤᠶᠠᠯᠳᠤᠭᠤᠯᠵᠤ᠂ ᠪᠠᠷᠠᠭᠠᠯᠬᠢᠯᠠᠯᠳᠤ ᠴᠢᠨᠠᠷᠲᠠᠢ ᠪᠠᠷ ᠨᠢᠭᠡ ᠪᠦᠯᠦᠭ ᠴᠢᠬᠤᠯᠠ ᠥᠭᠡᠷᠡᠴᠢᠯᠡᠯᠲᠡ᠂ ᠴᠢᠬᠤᠯᠠ ᠶᠡᠭᠡ ᠲᠦᠷᠦᠯ ᠵᠦᠢᠯ᠂ ᠵᠠᠩᠭᠢᠯᠠᠭ᠎ᠠ ᠶᠢᠨ ᠲᠦᠷᠦ ᠶᠢᠨ ᠪᠤᠳᠤᠯᠭ᠎ᠠ ᠶᠢ ᠲᠥᠯᠥᠪᠵᠢᠭᠦᠯᠵᠦ᠂ ᠣᠳᠣᠬᠠᠨ ᠤ ᠠᠰᠠᠭᠤᠳᠠᠯ ᠢ ᠰᠢᠢᠳᠪᠦᠷᠢᠯᠡᠬᠦ ᠮᠥᠷᠲᠡᠭᠡᠨ ᠢᠷᠡᠭᠡᠳᠦᠢ ᠶᠢᠨ ᠬᠥᠭᠵᠢᠯᠲᠡ ᠶᠢ ᠬᠠᠮᠲᠤ ᠳᠤᠨᠢ ᠬᠠᠷᠠᠭᠠᠯᠵᠠᠵᠤ᠂ ᠥᠭᠡᠷᠡᠴᠢᠯᠡᠯᠲᠡ ᠶᠢᠨ ᠡᠭᠦᠷᠭᠡ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃    ᠬᠤᠷᠠᠯ ᠠᠴᠠ ᠮᠠᠨ ᠤ ᠲᠤᠭᠤᠷᠢᠭ ᠤᠨ ︽ᠲᠠᠪᠤᠨ ᠶᠡᠭᠡ ᠡᠭᠦᠷᠭᠡ︾ ᠶᠢ ᠪᠡᠶᠡᠯᠡᠭᠦᠯᠵᠦ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ 2024 ᠣᠨ ᠤ ᠠᠵᠢᠯ ᠤᠨ ᠶᠡᠷᠦᠩᠬᠡᠶ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠭᠤᠤᠯᠳᠠᠯᠭ᠎ᠠ ᠲᠠᠢ ᠡᠭᠦᠷᠭᠡ ᠶᠢᠨ ᠨᠠᠷᠢᠨ ᠲᠠᠩᠰᠠ ᠶᠢ ᠰᠤᠳᠤᠯᠤᠨ ᠬᠢᠨᠠᠨ ᠵᠥᠪᠯᠡᠵᠦ᠂ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠳᠡᠭᠡᠳᠦ ᠬᠡᠮᠵᠢᠶ᠎ᠡ ᠪᠠᠷ ᠠᠬᠢᠭᠤᠯᠵᠤ᠂ ᠴᠠᠭ ᠤᠨ ᠬᠢᠵᠠᠭᠠᠷ ᠤᠨ ᠱᠠᠭᠠᠷᠳᠠᠯᠭ᠎ᠠ ᠶᠢ ᠴᠢᠩᠭ᠎ᠠ ᠠᠩᠬᠠᠷᠴᠤ᠂ ᠲᠠᠩᠰᠠ ᠲᠤᠰᠢᠶᠠᠬᠤ ᠤᠬᠠᠮᠰᠠᠷ ᠢᠶᠠᠨ ᠴᠢᠩᠭᠠᠳᠬᠠᠵᠤ᠂ ᠡᠯ᠎ᠡ ᠵᠦᠢᠯ ᠤᠨ ᠠᠵᠢᠯ ᠤᠨ ᠡᠭᠦᠷᠭᠡ ᠶᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢ ᠦᠨᠡᠨ ᠬᠦ ᠠᠬᠢᠭᠤᠯᠬᠤ ᠬᠡᠷᠡᠭᠲᠡᠶ ᠭᠡᠵᠦ ᠴᠢᠬᠤᠯᠠᠴᠢᠯᠠᠪᠠ᠃    ᠬᠤᠷᠠᠯ ᠠᠴᠠ ᠥᠪᠡᠷᠲᠡᠭᠡᠨ ᠵᠠᠰᠠᠬᠤ ᠣᠷᠣᠨ ᠤ 2025 ᠣᠨ ᠤ 1 ᠳ᠋ᠤᠭᠡᠷ ᠶᠡᠷᠦᠩᠬᠡᠢ ᠭᠤᠣᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠵᠠᠷᠯᠢᠭ᠂ ᠶᠡᠷᠦᠩᠬᠡᠢ ᠤᠢ ᠰᠢᠭᠤᠢ ᠶᠢᠨ ᠳᠠᠷᠤᠭ᠎ᠠ ᠶᠢᠨ ᠵᠠᠷᠯᠢᠭ ᠵᠢᠴᠢ ᠤᠢ ᠰᠢᠭᠤᠢ ᠨᠤᠲᠤᠭ ᠪᠡᠯᠴᠢᠭᠡᠷ ᠢ ᠡᠪᠳᠡᠵᠦ ᠬᠠᠤᠯᠢ ᠲᠣᠭᠲᠠᠭᠠᠯ ᠠᠴᠠ ᠵᠥᠷᠢᠴᠡᠭᠰᠡᠨ ᠠᠵᠢᠯᠯᠠᠭ᠎ᠠ ᠶᠢ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠤᠨ ᠲᠠᠶᠢᠴᠢᠯᠠᠯᠳᠠ ᠪᠠᠶᠢᠷᠢᠯᠠᠭᠤᠯᠤᠯᠲᠠ ᠶᠢᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠮᠠᠨ ᠤ ᠲᠤᠭᠤᠷᠢᠭ ᠤᠨ 2024 ᠣᠨ ᠤ ᠭᠤᠣᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠳᠦᠷᠢᠮ ᠤᠢ ᠰᠢᠭᠤᠢ ᠶᠢᠨ ᠳᠠᠷᠤᠭ᠎ᠠ ᠶᠢᠨ ᠳᠦᠷᠢᠮ ᠤᠨ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠵᠣᠭᠰᠣᠴᠠ ᠪᠠᠨ ᠳᠡᠭᠡᠭᠰᠢᠯᠡᠭᠦᠯᠵᠦ᠂ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠭᠤᠣᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠳᠦᠷᠢᠮ ᠪᠣᠯᠤᠨ ᠤᠢ ᠰᠢᠭᠤᠢ ᠶᠢᠨ ᠳᠠᠷᠤᠭ᠎ᠠ ᠶᠢᠨ ᠳᠦᠷᠢᠮ ᠤᠨ ᠬᠠᠮᠵᠢᠯᠴᠠᠨ ᠬᠥᠳᠡᠯᠦᠯᠴᠡᠬᠦ ᠠᠵᠢᠯ ᠤᠨ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠠᠭᠤᠯᠠ ᠤᠰᠤ ᠤᠢ ᠰᠢᠭᠤᠢ ᠲᠠᠷᠢᠶᠠᠨ ᠭᠠᠵᠠᠷ ᠨᠠᠭᠤᠷ ᠡᠪᠡᠰᠦ ᠡᠯᠡᠰᠦ ᠶᠢ ᠨᠢᠭᠡ ᠴᠤᠭᠴᠠᠵᠢᠭᠤᠯᠤᠨ ᠬᠠᠮᠠᠭᠠᠯᠠᠬᠤ ᠪᠠ ᠰᠢᠰᠲ᠋ᠧᠮ ᠲᠠᠢ ᠵᠠᠰᠠᠬᠤ ᠶᠢ ᠪᠠᠷᠢᠮᠲᠠᠯᠠᠵᠤ᠂ ᠬᠥᠬᠡᠮᠳᠦᠭ ᠨᠣᠭᠤᠭᠠᠨ ᠠᠭᠤᠯᠠ ᠤᠰᠤ ᠶᠢ ᠬᠠᠮᠲᠤᠪᠠᠷ ᠰᠠᠶᠢᠲᠤᠷ ᠬᠠᠮᠠᠭᠠᠯᠠᠬᠤ ᠬᠡᠷᠡᠭᠲᠡᠢ ᠭᠡᠵᠦ ᠴᠢᠬᠤᠯᠠᠴᠢᠯᠠᠪᠠ᠃    ᠬᠤᠷᠠᠯ ᠠᠴᠠ ᠶᠡᠷᠦᠩᠬᠡᠢ ᠰᠠᠶᠢᠳ ᠯᠢ ᠴᠢᠶᠠᠩ ᠤᠨ ᠪᠦᠬᠦ ᠤᠯᠤᠰ ᠤᠨ ᠬᠠᠪᠤᠷ ᠤᠨ ᠤᠯᠠᠷᠢᠯ ᠤᠨ ᠲᠠᠷᠢᠶᠠᠯᠠᠩ ᠤᠨ ᠦᠢᠯᠡᠳᠪᠦᠷᠢᠯᠡᠯ ᠤᠨ ᠠᠵᠢᠯ ᠤᠨ ᠲᠤᠬᠠᠢ ᠴᠢᠬᠤᠯᠠ ᠴᠣᠬᠤᠯᠠᠪᠤᠷᠢ ᠶᠢᠨ ᠵᠣᠷᠢᠭ ᠰᠠᠨᠠᠭ᠎ᠠ ᠪᠣᠯᠤᠨ ᠪᠦᠬᠦ ᠤᠯᠤᠰ ᠤᠨ ᠬᠠᠪᠤᠷ ᠤᠨ ᠤᠯᠠᠷᠢᠯ ᠤᠨ ᠲᠠᠷᠢᠶᠠᠯᠠᠩ ᠤᠨ ᠦᠢᠯᠡᠳᠪᠦᠷᠢᠯᠡᠯ ᠤᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠮᠠᠨ ᠤ ᠲᠤᠭᠤᠷᠢᠭ ᠤᠨ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠢᠨ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠬᠠᠪᠤᠷ ᠤᠨ ᠲᠠᠷᠢᠶᠠᠯᠠᠭ᠎ᠠ ᠶᠢᠨ ᠮᠡᠷᠭᠡᠵᠢᠯ ᠤᠨ ᠵᠢᠯᠤᠭᠤᠳᠤᠯᠭ᠎ᠠ ᠶᠢ ᠴᠢᠩᠭᠠᠳᠬᠠᠵᠤ᠂ ᠲᠠᠷᠢᠶᠠᠯᠠᠬᠤ ᠴᠠᠭ ᠢ ᠰᠠᠭᠠᠲᠠᠭᠠᠬᠤ ᠦᠭᠡᠢ᠂ ᠲᠠᠷᠢᠶᠠᠯᠠᠩ ᠤᠨ ᠶᠠᠪᠤᠳᠠᠯ ᠢ ᠰᠠᠭᠠᠲᠠᠭᠠᠬᠤ ᠦᠭᠡᠢ ᠪᠠᠶᠢᠬᠤ ᠶᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃   ᠬᠤᠷᠠᠯ ᠠᠴᠠ ᠪᠦᠬᠦ ᠤᠯᠤᠰ᠂ ᠪᠦᠬᠦ ᠣᠷᠣᠨ᠂ ᠪᠦᠬᠦ ᠬᠤᠳᠠ ᠶᠢᠨ ᠢᠨᠲ᠋ᠧᠷ ᠰᠦᠯᠵᠢᠶᠡᠨ ᠤ ᠮᠡᠳᠡᠭᠡ ᠵᠠᠩᠭᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠲᠤᠭᠤᠷᠢᠭ ᠤᠨ ᠨᠠᠮ ᠤᠨ ᠬᠤᠷᠢᠶ᠎ᠠ ᠶᠢᠨ ᠰᠦᠯᠵᠢᠶᠡᠨ ᠤ ᠠᠮᠤᠷ ᠲᠦᠪᠰᠢᠨ ᠪᠣᠯᠤᠨ ᠮᠡᠳᠡᠭᠡ ᠵᠠᠩᠭᠢᠵᠢᠯᠲᠠ ᠶᠢᠨ ᠵᠥᠪᠯᠡᠯ ᠤᠨ 2024 ᠣᠨ ᠤ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ︽ᠵᠢᠨᠢᠩ ᠲᠣᠭᠤᠷᠢᠭ ᠤᠨ ᠨᠠᠮ ᠤᠨ ᠬᠤᠷᠢᠶ᠎ᠠ ᠶᠢᠨ ᠰᠦᠯᠵᠢᠶᠡᠨ ᠤ ᠠᠮᠤᠷ ᠲᠦᠪᠰᠢᠨ ᠪᠣᠯᠤᠨ ᠮᠡᠳᠡᠭᠡ ᠵᠠᠩᠭᠢᠵᠢᠯᠲᠠ ᠶᠢᠨ ᠵᠥᠪᠯᠡᠯ ᠤᠨ 2025 ᠣᠨ ᠤ ᠠᠵᠢᠯ ᠤᠨ ᠭᠤᠣᠯᠳᠠᠯᠭ᠎ᠠ︾ ᠶᠢ ᠰᠤᠳᠤᠯᠤᠨ ᠬᠢᠨᠠᠨ ᠵᠥᠪᠯᠡᠵᠦ᠂ ᠶᠡᠷᠦᠩᠬᠡᠢ ᠱᠦᠵᠢ ᠰᠢ ᠶᠢᠨ ᠫᠢᠩ ᠤᠨ ᠢᠨᠲ᠋ᠧᠷ ᠰᠦᠯᠵᠢᠶᠡᠨ ᠤ ᠮᠡᠳᠡᠭᠡ ᠵᠠᠩᠭᠢ ᠶᠢᠨ ᠠᠵᠢᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠣᠶᠢᠯᠠᠭᠠᠵᠤ᠂ ᠡᠯ᠎ᠡ ᠲᠦᠷᠦᠯ ᠤᠨ ᠰᠦᠯᠵᠢᠶᠡᠨ ᠤ ᠠᠶᠤᠯ ᠲᠦᠭᠰᠢᠭᠦᠷᠢ ᠶᠢᠨ ᠭᠡᠮ ᠰᠣᠭᠤᠭ ᠢ ᠰᠡᠷᠭᠡᠶᠢᠯᠡᠨ ᠠᠷᠢᠯᠭᠠᠵᠤ᠂ ᠢᠨᠲ᠋ᠧᠷ ᠰᠦᠯᠵᠢᠶᠡᠨ ᠤ ᠮᠡᠳᠡᠭᠡ ᠵᠠᠩᠭᠢ ᠶᠢᠨ ᠡᠩᠨᠡᠭᠡ ᠶᠢᠨ ᠲᠤᠰᠬᠠᠶᠢᠵᠢᠭᠰᠠᠨ ᠪᠠᠶᠢᠭᠤᠯᠤᠯᠲᠠ ᠶᠢ ᠴᠢᠩᠭᠠᠳᠬᠠᠵᠤ᠂ ᠰᠦᠯᠵᠢᠶᠡᠨ ᠤ ᠶᠡᠷᠦᠩᠬᠡᠶᠢᠯᠡᠨ ᠵᠠᠰᠠᠬᠤ ᠴᠢᠳᠠᠪᠤᠷᠢ ᠶᠢ ᠳᠡᠭᠡᠭᠰᠢᠯᠡᠭᠦᠯᠵᠦ᠂ ᠬᠤᠭᠤᠯᠠᠢ ᠲᠣᠣᠷ᠂ ᠰᠦᠯᠵᠢᠶ᠎ᠡ ᠶᠢ ᠵᠠᠰᠠᠬᠤ᠂ ᠰᠦᠯᠵᠢᠶ᠎ᠡ ᠶᠢ ᠬᠡᠷᠡᠭᠯᠡᠬᠦ ᠡᠯ᠎ᠡ ᠵᠦᠢᠯ ᠤᠨ ᠠᠵᠢᠯ ᠢ ᠰᠠᠶᠢᠲᠤᠷ ᠬᠢᠬᠦ ᠬᠡᠷᠡᠭᠲᠡᠢ ᠭᠡᠵᠦ ᠴᠢᠬᠤᠯᠠᠴᠢᠯᠠᠪᠠ᠃    ᠬᠤᠷᠠᠯ ᠠᠴᠠ ᠮᠠᠨ ᠤ ᠲᠤᠭᠤᠷᠢᠭ ᠤᠨ 2024 ᠣᠨ ᠤ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ︽ᠵᠢᠨᠢᠩ ᠲᠣᠭᠤᠷᠢᠭ ᠤᠨ ᠨᠠᠮ ᠤᠨ ᠬᠤᠷᠢᠶ᠎ᠠ ᠶᠢᠨ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠠᠵᠢᠯ ᠤᠨ ᠤᠳᠤᠷᠢᠳᠬᠤ ᠳᠤᠭᠤᠶᠢᠯᠠᠩ ᠤᠨ 2025 ᠣᠨ ᠤ ᠠᠵᠢᠯ ᠤᠨ ᠭᠤᠣᠯᠳᠠᠯᠭ᠎ᠠ︾ ᠶᠢ ᠰᠤᠳᠤᠯᠤᠨ ᠬᠢᠨᠠᠨ ᠵᠥᠪᠯᠡᠵᠦ᠂ ᠨᠠᠮ ᠤᠨ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠠᠵᠢᠯ ᠳᠠᠬᠢ ᠪᠦᠬᠦ ᠲᠠᠯ᠎ᠠ ᠶᠢᠨ ᠤᠳᠤᠷᠢᠳᠤᠯᠭ᠎ᠠ ᠶᠢ ᠴᠢᠩᠭᠠᠳᠬᠠᠵᠤ᠂ ᠭᠤᠣᠯ ᠦᠵᠡᠯ ᠰᠠᠨᠠᠭ᠎ᠠ ᠶᠠᠷᠢᠶ᠎ᠠ ᠬᠡᠯᠡᠯᠴᠡᠭᠡᠨ ᠤ ᠵᠢᠭᠰᠠᠭᠠᠯ ᠤᠨ ᠭᠠᠵᠠᠷ ᠢ ᠪᠤᠵᠠᠭᠠᠶᠢᠷᠠᠭᠤᠯᠤᠨ ᠬᠦᠴᠦᠷᠬᠡᠭᠵᠢᠭᠦᠯᠵᠦ᠂ ᠰᠣᠶᠣᠯ ᠢᠶᠠᠷ ᠵᠤᠭᠠᠴᠠᠯ ᠢ ᠳᠡᠭᠡᠭᠰᠢᠯᠡᠭᠦᠯᠬᠦ᠂ ᠵᠤᠭᠠᠴᠠᠯ ᠢᠶᠠᠷ ᠰᠣᠶᠣᠯ ᠢ ᠠᠬᠢᠭᠤᠯᠬᠤ ᠶᠢ ᠪᠠᠷᠢᠮᠲᠠᠯᠠᠵᠤ᠂ ᠰᠣᠶᠣᠯ ᠵᠤᠭᠠᠴᠠᠯ ᠤᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠬᠦᠴᠦᠯᠡᠨ ᠬᠥᠭᠵᠢᠭᠡᠬᠦ ᠬᠡᠷᠡᠭᠲᠡᠢ ᠭᠡᠵᠦ ᠴᠢᠬᠤᠯᠠᠴᠢᠯᠠᠪᠠ᠃   ᠬᠤᠷᠠᠯ ᠠᠴᠠ ︽ᠡᠯ᠎ᠡ ᠲᠥᠷᠥᠯ ᠤᠨ ᠬᠢᠨᠠᠯᠲᠠ ᠶᠢ ᠨᠡᠪᠲᠡᠷᠡᠯᠴᠡᠭᠦᠯᠦᠨ ᠵᠣᠬᠢᠴᠠᠭᠤᠯᠬᠤ ᠶᠢ ᠠᠬᠢᠭᠤᠯᠬᠤ ᠠᠵᠢᠯ ᠤᠨ ᠠᠷᠭ᠎ᠠ︾ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠮᠠᠨ ᠤ ᠲᠤᠭᠤᠷᠢᠭ ᠤᠨ 2024 ᠣᠨ ᠤ ᠬᠢᠨᠠᠯᠲᠠ ᠲᠠᠯᠪᠢᠬᠤ ᠶᠢ ᠨᠡᠪᠲᠡᠷᠡᠭᠦᠯᠦᠨ ᠵᠣᠬᠢᠴᠠᠭᠤᠯᠬᠤ ᠠᠵᠢᠯ ᠤᠨ ᠪᠠᠶᠢᠳᠠᠯ ᠪᠠ 2025 ᠣᠨ ᠤ ᠠᠵᠢᠯ ᠤᠨ ᠲᠣᠬᠢᠷᠠᠭᠤᠯᠤᠯᠲᠠ ᠶᠢᠨ ᠬᠠᠷᠢᠭᠤ ᠮᠡᠳᠡᠭᠦᠯᠦᠯᠲᠡ ᠶᠢ ᠰᠣᠨᠣᠰᠴᠤ᠂ ︽1 + 9︾ ᠶᠢᠨ ᠬᠠᠮᠵᠢᠯᠴᠠᠨ ᠬᠢᠨᠠᠯᠲᠠ ᠲᠠᠯᠪᠢᠬᠤ ᠰᠢᠰᠲ᠋ᠧᠮ ᠢ ᠪᠠᠶᠢᠭᠤᠯᠵᠤ᠂ ᠬᠠᠮᠲᠤᠷᠠᠭᠰᠠᠨ ᠬᠤᠷᠠᠯ᠂ ᠰᠦᠪᠡᠭᠴᠢ ᠶᠢ ᠰᠢᠯᠵᠢᠭᠦᠯᠦᠨ ᠬᠦᠷᠭᠡᠬᠦ᠂ ᠲᠤᠭ᠎ᠠ ᠪᠠᠷᠢᠮᠲᠠ ᠶᠢ ᠬᠠᠮᠲᠤ ᠪᠠᠷ ᠭᠥᠷᠳᠡᠬᠦ ᠲᠣᠭᠲᠠᠴᠠ ᠶᠢ ᠪᠦᠷᠢᠨᠰᠢᠬᠦᠯᠵᠦ᠂ ᠪᠢᠲᠡᠭᠦᠮᠵᠢᠯᠡᠭᠰᠡᠨ ᠴᠡᠭᠴᠡᠯᠡᠨ ᠰᠠᠶᠢᠵᠢᠷᠠᠭᠤᠯᠬᠤ ᠶᠢ ᠪᠣᠳᠠᠲᠠᠶ ᠠᠳᠬᠤᠬᠤ ᠬᠡᠷᠡᠭᠲᠡᠶ ᠭᠡᠵᠦ ᠴᠢᠬᠤᠯᠠᠴᠢᠯᠠᠪᠠ᠃     ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃
 
ᠢᠷᠡᠯᠲᠡ᠄ ᠲᠤᠳᠤᠷᠬᠠᠢ ᠦᠭᠡᠢ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2