ᠤᠯᠠᠭᠠᠨᠴᠠᠪ ᠬᠤᠲᠠ ᠶᠢᠨ ᠬᠤᠶᠠᠳᠤᠭᠠᠷ ᠡᠮᠨᠡᠯᠭᠡ ᠶᠢᠨ ᠬᠤᠷᠢᠶ᠎ᠠ ᠣᠷᠴᠢᠨ ᠲᠣᠭᠤᠷᠢᠨ ᠤ ᠠᠷᠢᠭᠤᠨ ᠴᠡᠪᠡᠷ ᠤᠨ ᠠᠵᠢᠯᠲᠠᠨ ᠳᠤ ᠬᠠᠶᠢᠷ᠎ᠠ ᠬᠠᠯᠠᠮᠵᠢ ᠶᠢᠨ ᠡᠮᠴᠢᠯᠡᠭᠡ ᠡᠷᠡᠭᠦᠯ ᠮᠡᠨᠳᠦ ᠬᠦᠷᠭᠡᠪᠡ
ᠨᠡᠶᠢᠲᠡᠯᠡᠭᠰᠡᠨ ᠴᠠᠭ᠄
2025/4/9
     4 ᠰᠠᠷ᠎ᠠ ᠶᠢᠨ 8 ᠤ ᠡᠳᠦᠷ᠂ ᠤᠯᠠᠭᠠᠨᠴᠠᠪ ᠬᠤᠲᠠ ᠶᠢᠨ ᠬᠤᠶᠠᠳᠤᠭᠠᠷ ᠡᠮᠨᠡᠯᠭᠡ ᠶᠢᠨ ᠬᠤᠷᠢᠶ᠎ᠠ ᠡᠮᠨᠡᠯᠭᠡ ᠶᠢᠨ ᠠᠵᠢᠯᠲᠠᠨ ᠢᠶᠠᠨ ᠵᠣᠬᠢᠶᠠᠨ ᠪᠠᠶᠢᠭᠤᠯᠵᠤ ᠤᠯᠠᠭᠠᠨᠴᠠᠪ ᠤᠨ ᠱᠢ ᠵᠢᠶ ᠣᠷᠴᠢᠨ ᠲᠣᠭᠤᠷᠢᠨ ᠤ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠳᠤ ᠬᠦᠷᠴᠦ᠂ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ 200 ᠠᠵᠢᠯᠲᠠᠨ ᠳᠤ ᠠᠯᠪᠠᠨ ᠵᠢᠷᠤᠮ ᠤᠨ ᠡᠮᠴᠢᠯᠡᠭᠡ ᠬᠢᠵᠦ᠂ ᠲᠤᠰᠬᠠᠶ ᠡᠷᠡᠭᠦᠯ ᠮᠡᠨᠳᠦ ᠶᠢᠨ ᠰᠠᠬᠢᠨ ᠬᠠᠮᠠᠭᠠᠯᠠᠯᠲᠠ ᠬᠦᠷᠭᠡᠪᠡ᠃    ᠠᠯᠪᠠᠨ ᠵᠢᠷᠤᠮ ᠤᠨ ᠡᠮᠴᠢᠯᠡᠭᠡᠨ ᠤ ᠲᠤᠬᠠᠢ ᠶᠢᠨ ᠲᠠᠯᠠᠪᠠᠢ ᠳᠤ᠂ ᠤᠯᠠᠭᠠᠨᠴᠠᠪ ᠬᠤᠳᠠ ᠶᠢᠨ ᠬᠤᠶᠠᠳᠤᠭᠠᠷ ᠡᠮᠨᠡᠯᠭᠡ ᠶᠢᠨ ᠬᠤᠷᠢᠶᠠᠨ ᠤ ᠡᠮᠨᠡᠯᠭᠡ ᠶᠢᠨ ᠠᠵᠢᠯᠲᠠᠳ ᠣᠷᠴᠢᠨ ᠲᠣᠭᠤᠷᠢᠨ ᠤ ᠠᠷᠢᠭᠤᠨ ᠴᠡᠪᠡᠷ ᠤᠨ ᠠᠵᠢᠯᠴᠢᠨ ᠤ ᠴᠢᠰᠤᠨ ᠳᠠᠷᠤᠯᠲᠠ ᠶᠢ ᠬᠡᠮᠵᠢᠬᠦ᠂ ᠴᠢᠰᠤᠨ ᠰᠢᠬᠢᠷ ᠢ ᠬᠡᠮᠵᠢᠬᠦ ᠵᠢᠴᠢ ᠵᠢᠷᠦᠬᠡᠨ ᠤ ᠯᠤᠭᠰᠢᠯᠲᠠ ᠶᠢᠨ ᠵᠢᠷᠤᠭ ᠵᠡᠷᠭᠡ ᠰᠠᠭᠤᠷᠢ ᠪᠠᠶᠢᠴᠠᠭᠠᠯᠲᠠ ᠬᠢᠵᠦ᠂ ᠣᠷᠴᠢᠨ ᠲᠣᠭᠤᠷᠢᠨ ᠤ ᠠᠷᠢᠭᠤᠨ ᠴᠡᠪᠡᠷ ᠤᠨ ᠠᠵᠢᠯᠴᠢᠨ ᠢ ᠶᠠᠭᠠᠷᠠᠯᠲᠠᠢ ᠠᠵᠢᠯ ᠤᠨ ᠵᠠᠪᠰᠠᠷ ᠲᠤ ᠥᠪᠡᠷ ᠤᠨ ᠪᠡᠶ᠎ᠡ ᠶᠢᠨ ᠪᠠᠶᠢᠳᠠᠯ ᠢᠶᠠᠨ ᠣᠶᠢᠯᠠᠭᠠᠭᠤᠯᠵᠤ᠂ ᠡᠷᠡᠭᠦᠯ ᠮᠡᠨᠳᠦ ᠳᠤ ᠬᠠᠮᠠᠭᠠᠯᠠᠯᠲᠠ ᠶᠢᠨ ᠬᠡᠷᠡᠮ ᠢ ᠪᠠᠲᠤ ᠴᠣᠭᠴᠠᠯᠠᠭᠤᠯᠪᠠ᠃    ᠲᠣᠰ ᠤᠳᠠᠭᠠᠨ ᠤ ᠠᠯᠪᠠᠨ ᠵᠢᠷᠤᠮ ᠤᠨ ᠡᠮᠴᠢᠯᠡᠭᠡ ᠪᠠᠷ ᠳᠡᠮᠵᠢᠨ᠂ ᠤᠯᠠᠭᠠᠨᠴᠠᠪ ᠬᠤᠲᠠ ᠶᠢᠨ ᠬᠤᠶᠠᠳᠤᠭᠠᠷ ᠡᠮᠨᠡᠯᠭᠡ ᠶᠢᠨ ᠬᠤᠷᠢᠶ᠎ᠠ ᠣᠷᠴᠢᠨ ᠲᠣᠭᠤᠷᠢᠨ ᠤ ᠠᠷᠢᠭᠤᠨ ᠴᠡᠪᠡᠷ ᠤᠨ ᠠᠵᠢᠯᠲᠠᠨ ᠳᠤ ᠪᠣᠳᠠᠲᠠᠶ ᠡᠮᠴᠢᠯᠡᠭᠡᠨ ᠤ ᠬᠠᠪᠰᠤᠷᠤᠯᠭ᠎ᠠ ᠬᠠᠩᠭᠠᠭᠰᠠᠨ ᠪᠠᠶᠢᠨ᠎ᠠ᠂ ᠡᠨᠡ ᠨᠢ ᠲᠡᠳᠡᠨ ᠳᠤ ᠨᠢᠭᠡ ᠬᠤᠪᠢ ᠬᠦᠨᠳᠦᠳᠬᠡᠯ ᠪᠠ ᠲᠠᠯᠠᠷᠬᠠᠯ ᠪᠣᠯᠬᠤ ᠪᠠᠷ ᠪᠠᠷᠠᠬᠤ ᠥᠬᠡᠶ᠂ ᠨᠠᠩ ᠴᠤ ᠨᠡᠶᠢᠭᠡᠮ ᠤᠨ ᠬᠠᠷᠢᠭᠤᠴᠠᠯᠭ᠎ᠠ ᠪᠠᠨ ᠭᠦᠶᠴᠡᠳᠬᠡᠬᠦ ᠪᠣᠳᠠᠲᠠᠶ ᠠᠵᠢᠯᠯᠠᠭ᠎ᠠ ᠪᠣᠯᠤᠨ᠎ᠠ᠃ ᠬᠤᠶᠢᠰᠢᠳᠠ ᠬᠤᠶᠠᠳᠤᠭᠠᠷ ᠡᠮᠨᠡᠯᠭᠡ ᠶᠢᠨ ᠬᠤᠷᠢᠶ᠎ᠠ ᠣᠷᠴᠢᠨ ᠲᠣᠭᠤᠷᠢᠨ ᠤ ᠠᠷᠢᠭᠤᠨ ᠴᠡᠪᠡᠷ ᠤᠨ ᠠᠵᠢᠯᠲᠠᠨ ᠳᠤ ᠨᠡᠩ ᠣᠯᠠᠨ ᠡᠮ ᠡᠮᠨᠡᠯᠭᠡ ᠶᠢᠨ ᠦᠢᠯᠡᠴᠢᠯᠡᠭᠡ ᠪᠠ ᠬᠠᠪᠰᠤᠷᠤᠯᠭ᠎ᠠ ᠦᠵᠡᠭᠦᠯᠦᠨ᠎ᠡ᠃                ᠣᠷᠴᠢᠭᠤᠯᠤᠭᠴᠢ᠄ ᠳ᠋ᠥᠩ ᠾᠦᠢ
 
ᠢᠷᠡᠯᠲᠡ᠄ ᠵᠢᠨᠢᠩ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2